| ᠤᠷᠳᠤᠰ ᠬᠤᠳ᠋ᠨ ᠶᠢᠨ ᠵᠡᠭᠦᠨᠭᠠᠷ ᠬᠤᠰᠢᠭᠤ ᠶᠢᠨ ᠢ ᠲᠠᠢ ᠪᠦᠯᠦᠭᠯᠡᠯ ᠤᠨ ᠨᠡᠭᠦᠷᠡᠰᠦ ᠪᠠᠷ ᠳᠤᠰᠤ ᠬᠢᠬᠦ | ᠵᠦᠢᠯᠡᠰ ᠤᠨ ᠲᠥᠪ ᠡᠵᠡᠮᠰᠢᠯ ᠤᠨ ᠲᠠᠰᠤᠭ ᠤᠨ ᠠᠵᠢᠯᠲᠠᠳ ᠬᠠᠷᠠᠭᠠᠨ ᠳᠠᠪᠲᠠᠮᠵᠢ ᠪᠠᠷ ᠠᠶᠤᠯ ᠦᠭᠡᠢ | ᠦᠢᠯᠡᠳᠪᠦᠷᠢᠯᠡᠯ ᠤᠨ ᠪᠠᠶᠢᠳᠠᠯ ᠢ ᠬᠢᠨᠠᠨ ᠡᠵᠡᠮᠰᠢᠵᠦ ᠪᠠᠶᠢᠨ᠎ᠠ ᠃ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠣᠷᠣᠨ ᠤ | ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠳᠠᠶᠢᠴᠢᠯᠠᠨ ᠪᠠᠶᠢᠷᠢᠯᠠᠭᠤᠯᠬᠤ ᠬᠤᠷᠠᠯ | ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠤᠯᠭ᠎ᠠ ᠶᠢᠨ | ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ | ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠤᠷᠤᠨ ᠤ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠳᠠᠬᠢᠨ ᠳᠠᠶᠢᠴᠢᠯᠠᠵᠤ᠂ ᠳᠠᠬᠢᠨ | ᠪᠠᠶᠢᠷᠢᠯᠠᠭᠤᠯᠤᠨ᠂ ᠲᠠᠬᠢᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ | ᠲᠣᠭᠲᠠᠭᠤᠨ ᠢᠶᠠᠷ ᠰᠠᠶᠢᠵᠢᠷᠠᠬᠤ ᠶᠢ ᠲᠦᠯᠬᠢᠨ ᠠᠬᠢᠭᠤᠯᠵᠤ ᠪᠣᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠣᠭᠲᠠᠭᠠᠭᠰᠠᠨ ᠨᠢ᠂ | 2016 ᠣᠨ ᠤ 12 ᠳ᠋ᠤᠭᠠᠷ ᠰᠠᠷ᠎ᠠ ᠶᠢᠨ 6 ᠤ ᠡᠳᠦᠷ ᠠᠴᠠ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ᠂ ᠮᠠᠨ ᠤ ᠣᠷᠣᠨ ᠪᠥᠬᠦ ᠣᠷᠣᠨ ᠤ ᠬᠡᠪᠴᠢᠶᠡᠨ ᠳᠤ ᠡᠯ᠎ᠡ ᠬᠦᠷᠢᠶ᠎ᠡ᠂ ᠪᠦᠬᠦ ᠲᠠᠯ᠎ᠠ ᠶᠢ ᠬᠠᠮᠤᠷᠤᠭᠰᠠᠨ | ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠡᠰ ᠪᠠᠲᠤ | ᠵᠣᠷᠢᠭ᠂ ᠡᠷᠴᠢᠮ ᠴᠢᠩᠭ᠎ᠠ ᠠᠷᠭ᠎ᠠ ᠬᠡᠮᠵᠢᠶ᠎ᠡ ᠪᠠᠷ ᠠᠶᠤᠯ ᠥᠭᠡᠢ ᠦᠢᠯᠡᠳᠪᠦᠷᠢᠯᠡᠯ ᠢ ᠰᠠᠶᠢᠲᠤᠷ ᠠᠳᠬᠤᠬᠤ ᠬᠡᠷᠡᠭᠲᠡᠶ | ᠭᠡᠵᠡᠢ᠃ 12 ᠳ᠋ᠤᠭᠠᠷ ᠰᠠᠷ᠎ᠠ ᠶᠢᠨ 6 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠮᠤᠵᠢ ᠶᠢᠨ | ᠱᠠᠲᠤᠨ ᠤ ᠤᠳᠤᠷᠢᠳᠤᠯᠭ᠎ᠠ 12 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠢ ᠳᠠᠭᠠᠭᠤᠯᠵᠤ᠂ ᠡᠯ᠎ᠡ ᠠᠶᠢᠮᠠᠭ | ᠬᠤᠲᠠ ᠳᠤ ᠬᠦᠷᠴᠦ ᠰᠢᠮᠳᠠᠭᠤᠯᠤᠨ ᠪᠠᠶᠢᠴᠠᠭᠠᠯᠲᠠ ᠬᠢᠵᠦ᠂ ᠬᠦᠴᠦᠷᠬᠡᠭ ᠶᠡᠭᠡ ᠲᠦᠯᠬᠢᠴᠡ ᠬᠦᠴᠦᠨ ᠢ | ᠪᠦᠷᠢᠯᠳᠦᠭᠦᠯᠪᠡ᠃ | ᠲᠤᠰ ᠤᠳᠠᠭᠠᠨ ᠤ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠨᠢ | ᠭᠤᠣᠯᠳᠠᠭᠤ ᠨᠡᠭᠦᠷᠡᠰᠦᠨ ᠠᠭᠤᠷᠬᠠᠶ᠂ ᠨᠡᠭᠦᠷᠡᠰᠦ ᠶᠢᠨ ᠪᠤᠰᠤ ᠠᠭᠤᠷᠬᠠᠶ᠂ ᠦᠯᠡᠳᠡᠭᠳᠡᠯ ᠬᠦᠳᠡᠷ ᠤᠨ ᠬᠥᠮᠥᠷᠭᠡ᠂ | ᠵᠠᠮ ᠬᠠᠷᠢᠯᠴᠠᠭ᠎ᠠ᠂ ᠠᠶᠤᠯᠲᠠᠶ ᠪᠣᠳᠠᠰ᠂ ᠪᠠᠷᠢᠯᠭ᠎ᠠ ᠪᠠᠷᠢᠬᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠭᠠᠯ | ᠤᠨᠲᠠᠷᠠᠭᠠᠬᠤ᠂ ᠬᠦᠮᠦᠰ ᠬᠤᠷᠠᠵᠤ ᠴᠤᠭᠯᠠᠷᠠᠬᠤ ᠠᠵᠢᠯ ᠲᠥᠷᠥᠯ ᠵᠡᠷᠭᠡ ᠭᠤᠣᠯᠳᠠᠯᠭ᠎ᠠ ᠲᠠᠢ ᠬᠦᠷᠢᠶ᠎ᠡ᠂ | ᠭᠤᠣᠯᠳᠠᠯᠭ᠎ᠠ ᠲᠠᠢ ᠣᠷᠣᠨ ᠪᠠᠶᠢᠷᠢ ᠳᠤ ᠪᠠᠶᠢᠴᠠᠭᠠᠯᠲᠠ ᠬᠢᠵᠦ᠂ ᠬᠠᠮᠢᠶ᠎ᠠ ᠪᠦᠬᠦᠢ ᠠᠵᠤ ᠠᠬᠤᠶᠢᠯᠠᠯ ᠤᠨ ᠪᠡᠯᠡ | ᠮᠥᠩᠭᠦ ᠶᠢᠨ ᠣᠷᠣᠭᠤᠯᠤᠯᠲᠠ᠂ ᠪᠡᠯᠡᠳᠬᠡᠮᠵᠢ ᠲᠥᠬᠦᠭᠡᠷᠦᠮᠵᠢ᠂ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠬᠠᠲᠠᠭᠤ | ᠲᠣᠨᠤᠭ ᠤᠨ ᠪᠠᠶᠢᠭᠤᠯᠤᠯᠲᠠ ᠶᠢ ᠵᠢᠭᠰᠠᠭᠠᠨ ᠪᠠᠶᠢᠴᠠᠭᠠᠬᠤ ᠮᠦᠷᠲᠡᠭᠡᠨ ᠪᠠᠰᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠠᠮᠤᠷ ᠲᠥᠪᠰᠢᠨ ᠤ ᠵᠢᠷᠤᠮᠵᠢᠯ᠂ ᠲᠦᠷᠢᠮ ᠤᠨ ᠨᠠᠶᠢᠳᠠᠪᠤᠷᠢᠵᠢᠭᠤᠯᠤᠯᠲᠠ᠂ ᠠᠮᠤᠷ ᠲᠦᠪᠰᠢᠨ ᠤ ᠪᠣᠯᠪᠠᠰᠤᠷᠠᠭᠤᠯᠤᠯ᠂ | ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠵᠥᠭᠡᠯᠡᠨ ᠲᠣᠨᠤᠭ ᠤᠨ ᠪᠠᠶᠢᠭᠤᠯᠤᠯᠲᠠ ᠶᠢ ᠪᠠᠶᠢᠴᠠᠭᠠᠨ᠎ᠠ᠃ | ᠡᠯ᠎ᠡ ᠪᠠᠶᠢᠴᠠᠭᠠᠬᠤ ᠳᠤᠭᠤᠶᠢᠯᠠᠩ ᠤᠳ ᠪᠠᠶᠢᠴᠠᠭᠠᠭᠰᠠᠨ ᠪᠠᠶᠢᠳᠠᠯ ᠢᠶᠠᠨ ᠡᠮᠬᠢᠯᠡᠨ ᠬᠤᠷᠢᠶᠠᠩᠭᠤᠶᠢᠯᠠᠵᠤ᠂ ᠪᠢᠴᠢᠮᠡᠯ | ᠮᠠᠲ᠋ᠧᠷᠢᠶᠠᠯ ᠪᠣᠯᠭᠠᠨ᠂ ᠠᠵᠢᠯ ᠢᠶᠠᠨ ᠴᠢᠩᠭᠠᠳᠬᠠᠬᠤ ᠲᠤᠬᠠᠶ ᠰᠠᠨᠠᠯ ᠰᠠᠨᠠᠭᠤᠯᠭ᠎ᠠ ᠥᠭᠬᠦ ᠬᠡᠷᠡᠭᠲᠡᠢ᠃ | ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠵᠠᠰᠠᠭ ᠤᠨ ᠣᠷᠳᠣᠨ ᠴᠢᠩᠭ᠎ᠠ | ᠠᠳᠬᠤᠬᠤ ᠪᠠᠷ ᠪᠠᠷᠠᠬᠤ ᠦᠭᠡᠢ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠤᠳ ᠴᠢᠩᠭ᠎ᠠ ᠬᠢᠨᠠᠨ | ᠪᠠᠶᠢᠴᠠᠭᠠᠬᠤ ᠪᠠ ᠰᠢᠢᠳᠪᠦᠷᠢᠯᠡᠵᠦ᠂ ᠠᠵᠤ ᠠᠬᠤᠶᠢᠯᠠᠯ ᠤᠳ ᠴᠦ ᠠᠶᠤᠯ ᠢ ᠰᠡᠷᠭᠡᠶᠢᠯᠡᠬᠦ ᠦᠵᠡᠯ ᠤᠬᠠᠮᠰᠠᠷ ᠢᠶᠠᠨ | ᠳᠡᠭᠡᠭᠰᠢᠯᠡᠭᠦᠯᠦᠨ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠠᠰᠠᠭᠤᠳᠠᠯ ᠢ | ᠴᠢᠳᠠᠮᠠᠭᠠᠶ ᠢᠯᠡᠷᠡᠭᠦᠯᠬᠦ ᠪᠦᠭᠡᠳ ᠴᠠᠭ ᠲᠤᠬᠠᠶ ᠳᠤᠨᠢ ᠰᠢᠢᠳᠪᠦᠷᠢᠯᠡᠵᠦ᠂ ᠡᠷᠴᠢᠮᠲᠡᠢ ᠠᠷᠭ᠎ᠠ ᠬᠡᠮᠵᠢᠶ᠎ᠡ ᠠᠪᠴᠤ᠂ | ᠠᠮᠤᠷ ᠲᠥᠪᠰᠢᠨ ᠤ ᠣᠷᠣᠭᠤᠯᠤᠯᠲᠠ ᠶᠢ ᠪᠣᠳᠠᠲᠠᠶᠢᠵᠢᠭᠤᠯᠬᠤ᠂ ᠠᠮᠤᠷ ᠲᠦᠪᠰᠢᠨ ᠤ ᠪᠣᠯᠪᠠᠰᠤᠷᠠᠭᠤᠯᠤᠯ ᠢ | ᠪᠣᠳᠠᠲᠠᠶᠢᠵᠢᠭᠤᠯᠬᠤ᠂ ᠦᠨᠳᠦᠰᠦᠨ ᠬᠠᠮᠢᠶᠠᠷᠤᠯᠲᠠ ᠶᠢ ᠪᠣᠳᠠᠲᠠᠶᠢᠵᠢᠭᠤᠯᠬᠤ᠂ ᠪᠠᠴᠢᠮ ᠪᠠᠶᠢᠳᠠᠯ ᠢ ᠠᠷᠭᠠᠴᠠᠨ ᠠᠪᠤᠷᠠᠨ | ᠲᠤᠰᠠᠯᠠᠬᠤ ᠶᠢ ᠪᠣᠳᠠᠲᠠᠶᠢᠵᠢᠭᠤᠯᠬᠤ ᠬᠡᠷᠡᠭᠲᠡᠢ᠃ |