ᠮᠠᠨ ᠤ ᠣᠷᠣᠨ ᠤ 8 ᠬᠤᠰᠢᠭᠤ ᠰᠢᠶᠠᠨ ᠪᠠ 19 ᠤᠢ ᠰᠢᠭᠤᠶ ᠶᠢᠨ ᠲᠣᠪᠴᠢᠶ᠎ᠠ ᠶᠢ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠬᠡᠪᠴᠢᠶ᠎ᠡ ᠳᠤ ᠣᠷᠣᠭᠤᠯᠪᠠ
ᠨᠡᠶᠢᠲᠡᠯᠡᠭᠰᠡᠨ ᠴᠠᠭ᠄
2016/12/8
      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠬᠡᠰᠡᠭ ᠰᠢᠶᠠᠨ ︵ᠬᠤᠳᠠ᠂ ᠲᠣᠭᠤᠷᠢᠭ᠂ ᠬᠤᠰᠢᠭᠤ︶᠎ ᠢ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠳᠤ ᠰᠢᠨ᠎ᠡ ᠪᠠᠷ ᠨᠡᠮᠡᠵᠦ ᠣᠷᠣᠭᠤᠯᠬᠤ ᠶᠢ ᠵᠥᠪᠰᠢᠶᠡᠷᠡᠬᠦ ᠲᠤᠬᠠᠶ ᠴᠣᠬᠤᠯᠠᠪᠤᠷᠢ︾᠎ ᠶᠢ ᠳᠠᠷᠤᠮᠠᠯᠯᠠᠨ ᠲᠠᠷᠬᠠᠭᠠᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠳᠤᠷᠠᠳᠤᠭᠰᠠᠨ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠳᠤ ᠰᠢᠨ᠎ᠡ ᠪᠠᠷ ᠨᠡᠮᠡᠵᠦ ᠣᠷᠣᠭᠤᠯᠬᠤ ᠰᠢᠶᠠᠨ ︵ᠬᠤᠳᠠ᠂ ᠲᠣᠭᠤᠷᠢᠭ᠂ ᠬᠤᠰᠢᠭᠤ︶᠎ ᠤ ᠨᠡᠷᠡᠰ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠮᠠᠨ ᠤ ᠣᠷᠣᠨ ᠤ ᠴᠢᠩ ᠱᠦᠢ ᠾᠧ ᠰᠢᠶᠠᠨ᠂ ᠭᠦᠶᠡᠩ ᠰᠢᠶᠠᠨ᠂ ᠬᠤᠸᠠ ᠳ᠋ᠧ ᠰᠢᠶᠠᠨ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ ᠵᠡᠷᠭᠡ 8 ᠬᠤᠰᠢᠭᠤ ᠰᠢᠶᠠᠨ ᠵᠢᠴᠢ ᠶᠡᠭᠡ ᠬᠢᠩᠭᠠᠨ ᠳᠠᠪᠠᠭᠠᠨ ᠤ 19 ᠤᠢ ᠰᠢᠭᠤᠶ ᠶᠢᠨ ᠲᠣᠪᠴᠢᠶ᠎ᠠ ᠶᠢ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠬᠡᠪᠴᠢᠶᠡᠨ ᠳᠤ ᠣᠷᠣᠭᠤᠯᠪᠠ᠃ ᠳᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠦ ᠣᠷᠣᠨ ᠤ ᠡᠳ᠋ ᠤᠨ ᠵᠠᠰᠠᠭ᠂ ᠪᠡᠯᠡ ᠣᠷᠣᠭᠤᠯᠤᠯᠲᠠ ᠵᠡᠷᠭᠡ ᠶᠢᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠬᠤ ᠪᠥᠭᠡᠳ ᠰᠢᠨ᠎ᠡ ᠪᠠᠷ ᠣᠷᠣᠭᠰᠠᠨ ᠰᠢᠶᠠᠨ ︵ᠬᠤᠲᠠ᠂ ᠲᠣᠭᠤᠷᠢᠭ᠂ ᠬᠤᠰᠢᠭᠤ︶᠎ ᠢ ᠰᠢᠮᠳᠠᠭᠤᠯᠤᠨ ᠵᠢᠯᠣᠭᠤᠳᠴᠤ ᠪᠠᠶᠢᠭᠠᠳ ᠠᠵᠤ ᠦᠢᠯᠡᠰ ᠲᠤ ᠣᠷᠣᠬᠤ ᠶᠢ ᠵᠥᠪᠰᠢᠶᠡᠷᠡᠬᠦ ᠡᠰᠡᠷᠭᠦ ᠲᠠᠯ᠎ᠠ ᠶᠢᠨ ᠲᠣᠳᠣᠷᠬᠠᠶ ᠬᠠᠭᠤᠳᠠᠰᠤ ᠶᠢ ᠲᠦᠷᠬᠡᠨ ᠲᠣᠭᠲᠠᠭᠠᠵᠤ᠂ ᠡᠳ᠋ ᠤᠨ ᠵᠠᠰᠠᠭ ᠤᠨ ᠰᠢᠯᠵᠢᠭᠦᠯᠦᠨ ᠥᠭᠬᠦ ᠵᠡᠷᠭᠡ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢᠨ ᠬᠠᠮᠲᠤ ᠭᠤᠣᠯ ᠴᠣᠭᠴᠠ ᠶᠢᠨ ᠴᠢᠳᠠᠮᠵᠢ ᠶᠢᠨ ᠣᠷᠣᠨ ᠲᠣᠭᠲᠠᠭᠠᠯᠲᠠ ᠶᠣᠰᠣᠭᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠥᠯᠥᠪᠯᠡᠵᠦ᠂ ᠠᠮᠢ ᠠᠬᠤᠶ ᠶᠢᠨ ᠬᠠᠮᠠᠭᠠᠯᠠᠯᠲᠠ ᠪᠠ ᠠᠮᠢ ᠠᠬᠤᠶ ᠶᠢᠨ ᠴᠢᠳᠠᠮᠵᠢ ᠶᠢ ᠴᠢᠩᠭᠠᠳᠬᠠᠨ᠎ᠠ᠃ ᠡᠭᠦᠨ ᠤ ᠬᠠᠮᠲᠤ᠂ ᠬᠠᠮᠢᠶ᠎ᠠ ᠪᠦᠬᠦᠢ ᠰᠢᠶᠠᠨ ︵ᠬᠤᠲᠠ᠂ ᠲᠣᠭᠤᠷᠢᠭ᠂ ᠬᠤᠰᠢᠭᠤ︶᠎ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠦ ᠣᠷᠣᠨ ᠤ ᠬᠠᠮᠠᠭᠠᠯᠠᠯᠲᠠ ᠪᠠ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ ᠵᠣᠬᠢᠴᠠᠩᠭᠤᠶ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠬᠤ ᠪᠥᠭᠡᠳ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠬᠡᠪᠴᠢᠶ᠎ᠡ ᠲᠣᠬᠢᠷᠠᠭᠤᠯᠬᠤ ᠪᠠᠷᠢᠮᠵᠢᠶ᠎ᠠ ᠪᠠ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠬᠡᠪᠴᠢᠶ᠎ᠡ ᠲᠣᠬᠢᠷᠠᠭᠤᠯᠬᠤ ᠠᠵᠢᠯ ᠢ ᠳᠦᠷᠢᠮᠵᠢᠭᠦᠯᠬᠦ ᠪᠠ ᠵᠢᠷᠤᠮᠵᠢᠭᠤᠯᠬᠤ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号