ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠢᠨ ᠲᠠᠪᠤᠳᠤᠭᠠᠷ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠠᠯᠠᠱᠠ ᠳᠤ ᠪᠠᠶᠢᠴᠠᠭᠠᠪᠡ
ᠨᠡᠶᠢᠲᠡᠯᠡᠭᠰᠡᠨ ᠴᠠᠭ᠄
2016/12/9
      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠬᠡᠳᠤᠯᠳᠡᠢ ᠪᠠᠶᠢᠷᠢᠯᠠᠭᠤᠯᠤᠯᠳᠠ ᠪᠠᠷ 12 ᠳ᠋ᠤᠭᠠᠷ ᠰᠠᠷ᠎ᠠ ᠶᠢᠨ 6᠎ ᠠᠴᠠ 8᠎ ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠵᠠᠩ ᠵᠢᠶᠠᠨ ᠮᠢᠨ ᠢᠶᠠᠷ ᠲᠤᠭᠤᠢᠢᠯᠠᠩ ᠤᠨ ᠲᠠᠷᠤᠭ᠎ᠠ ᠪᠤᠯᠭᠠᠵᠣ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠦ᠋ ᠲᠤᠸᠠᠨ ᠶᠢᠩ ᠢᠶᠠᠷ ᠲᠡᠳ᠋ ᠲᠤᠭᠤᠢᠢᠯᠠᠩ ᠤᠨ ᠲᠠᠷᠤᠭ᠎ᠠ ᠪᠤᠯᠭᠠᠭᠰᠠᠠ ᠪᠦᠬᠦ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠢᠨ ᠲᠠᠪᠤᠳᠤᠭᠠᠷ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠠᠯᠠᠱᠠ ᠠᠶᠢᠮᠠᠭ ᠤᠨ ᠠᠶᠤᠯ ᠦᠭᠡᠢ ᠦᠢᠯᠡᠳᠪᠤᠷᠢᠯᠡᠯ ᠤᠨ ᠠᠵᠢᠯ ᠳᠤ ᠰᠢᠮᠳᠠᠭᠤᠯᠤᠨ ᠪᠠᠶᠢᠴᠠᠭᠠᠯᠳᠡ ᠬᠢᠪᠡ᠃      ᠰᠢᠮᠳᠠᠭᠤᠯᠤᠨ ᠪᠠᠶᠢᠴᠠᠭᠠᠬᠤ ᠲᠤᠮᠳᠠ᠂ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠬᠠᠷᠢᠭᠤ ᠮᠡᠳᠡᠬᠦᠯᠥᠯᠳᠡ ᠶᠢ ᠰᠤᠨᠤᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠭᠤᠢᠢᠯᠠᠩ ᠬᠤᠪᠢᠶᠠᠨ ᠶᠠᠷᠢᠯᠴᠠᠬᠤ᠂ ᠰᠤᠭᠤᠴᠢᠨ ᠪᠠᠶᠢᠴᠠᠭᠠᠬᠤ᠂ ᠲᠤᠰᠬᠠᠢ ᠬᠦᠮᠥᠨ ᠢ ᠨᠢᠭᠤᠴᠠ ᠪᠠᠷ ᠰᠤᠷᠪᠤᠯᠵᠢᠯᠠᠬᠤ ᠵᠡᠷᠬᠡ ᠬᠡᠯᠪᠡᠷᠢ ᠪᠠᠷ ᠤᠷᠢᠳ ᠬᠤᠵᠢᠳ ᠠᠯᠠᠱᠠ ᠠᠶᠢᠮᠠᠭ᠂ ᠠᠯᠠᠱᠠ ᠵᠡᠬᠦᠨ ᠬᠤᠰᠢᠭᠤ᠂ ᠠᠯᠠᠱᠠ ᠠᠵᠥ ᠠᠬᠤᠢ ᠶᠢᠨ ᠨᠡᠬᠡᠬᠡᠯᠳᠡ ᠶᠢᠨ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠴᠦ᠂ 19 ᠠᠵᠥ ᠠᠬᠤᠢᠢᠯᠠᠯ ᠪᠤᠯᠤᠨ ᠨᠢᠬᠡᠴᠡ ᠳᠤ ᠬᠦᠨᠵᠡᠬᠡᠶᠢᠷᠡᠨ ᠨᠡᠬᠦᠷᠡᠰᠤᠨ ᠠᠭᠤᠷᠬᠠᠢ ᠶᠢᠨ ᠠᠮᠤᠷ ᠲᠦᠪᠰᠢᠨ᠂ ᠠᠶᠤᠯ ᠲᠠᠢ ᠬᠢᠮᠢ ᠶᠢᠨ ᠪᠤᠳᠠᠰ᠂ ᠬᠦᠮᠥᠨ ᠬᠠᠷ᠎ᠠ ᠤᠯᠠᠨ ᠲᠠᠯᠠᠪᠠᠢ ᠭᠠᠵᠠᠷ᠂ ᠭᠠᠯ ᠤᠨ ᠭᠠᠮᠰᠢᠭ ᠢ ᠰᠡᠷᠬᠡᠶᠢᠯᠡᠨ ᠤᠨᠳᠠᠷᠠᠭᠠᠬᠤ᠂ ᠤᠨᠴᠠ ᠲᠦᠷᠦᠯ ᠤᠨ ᠲᠦᠬᠦᠭᠡᠷᠤᠮᠵᠢ᠂ ᠵᠠᠮ ᠬᠠᠷᠢᠯᠴᠠᠭᠠᠨ ᠤ ᠠᠮᠤᠷ ᠲᠦᠪᠰᠢᠨ᠂ ᠨᠡᠬᠦᠷᠡᠰᠤᠨ ᠤ ᠪᠤᠰᠤ ᠠᠭᠤᠷᠬᠠᠢ᠂ ᠬᠤᠳᠠ ᠪᠠᠯᠭᠠᠰᠤᠨ ᠤ ᠰᠢᠳᠠᠮᠠᠬᠠᠢ ᠬᠡᠢ ᠶᠢᠨ ᠬᠤᠭᠤᠯᠠᠢ ᠵᠡᠷᠬᠡ 8 ᠬᠦᠷᠢᠶᠡᠨ ᠤ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠠᠢ᠃      ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠦᠵᠡᠬᠦ ᠪᠠᠷ᠂ ᠠᠯᠠᠱᠠ ᠠᠶᠢᠮᠠᠭ ᠤᠨ ᠠᠶᠢᠮᠠᠭ ᠬᠤᠰᠢᠭᠤ ᠬᠤᠶᠠᠷ ᠱᠠᠳᠤᠨ ᠤ ᠬᠢᠨ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠠᠵᠢᠯ ᠤᠨ ᠲᠤᠬᠠᠢ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠵᠤᠬᠢᠶᠠᠨ ᠪᠠᠶᠢᠭᠤᠯᠣᠯᠳᠠ ᠶᠢᠨ ᠤᠳᠤᠷᠢᠳᠣᠯᠭ᠎ᠠ ᠪᠠᠨ ᠦᠨᠡᠨᠬᠦ ᠴᠢᠩᠭᠠᠳᠬᠠᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠳᠤᠳᠠᠢ ᠠᠬᠢᠭᠤᠯᠵᠥ᠂ ᠪᠦᠬᠦ ᠠᠶᠢᠮᠠᠭ ᠤᠨ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ ᠦᠷᠬᠦᠯᠵᠢᠯᠡᠨ ᠲᠤᠭᠳᠠᠭᠤᠨ ᠪᠠᠶᠢᠬᠤ ᠶᠢ ᠪᠦᠳᠦᠮᠵᠢᠳᠡᠢ ᠪᠠᠳᠣᠯᠠᠪᠠ᠃ ᠬᠡᠪᠡᠴᠦ ᠬᠡᠰᠡᠭ ᠰᠠᠯᠠᠭ᠎ᠠ ᠮᠦᠴᠢᠷ ᠪᠤᠯᠤᠨ ᠠᠵᠥ ᠠᠬᠤᠢᠢᠯᠠᠯ ᠳᠤ ᠠᠶᠤᠯ ᠦᠭᠡᠢ ᠦᠢᠯᠡᠳᠪᠤᠷᠢᠯᠡᠯ ᠤᠨ ᠦᠵᠡᠯ ᠰᠠᠨᠠᠭ᠎ᠠ ᠮᠢᠨᠴᠦᠬᠦᠷᠡᠨ ᠲᠠᠶᠢᠪᠤᠰᠢᠷᠠᠬᠤ᠂ ᠤᠨᠴᠠ ᠵᠠᠷᠢᠮ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯ ᠪᠤᠳᠠᠳᠠᠢ ᠪᠢᠰᠢ᠂ ᠵᠠᠷᠢᠮ ᠠᠵᠥ ᠠᠬᠤᠢᠢᠯᠠᠯ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠦᠷᠢᠨ ᠨᠠᠶᠢᠳᠠᠪᠤᠷᠢᠵᠢᠭᠤᠯᠤᠭᠠᠳᠤᠢ᠂ ᠠᠮᠤᠷ ᠲᠦᠪᠰᠢᠨ ᠤ ᠦᠵᠡᠯ ᠤᠬᠠᠮᠰᠠᠷ ᠪᠤᠯᠤᠨ ᠪᠠᠴᠢᠮ ᠪᠠᠶᠢᠳᠠᠯ ᠢ ᠠᠷᠭᠠᠴᠠᠬᠤ ᠤᠬᠠᠮᠰᠠᠷ ᠴᠢᠩᠭ᠎ᠠ ᠪᠢᠰᠢ᠂ ᠬᠠᠮᠢᠶᠠᠷᠤᠯᠳᠠ ᠶᠢᠨ ᠲᠦᠷᠢᠮ ᠲᠡᠬᠦᠯᠳᠡᠷᠵᠢᠬᠡᠳᠤᠢ᠂ ᠠᠶᠤᠯ ᠦᠭᠡᠢ ᠦᠢᠯᠡᠳᠪᠤᠷᠢᠯᠡᠯ ᠤᠨ ᠬᠦᠴᠦᠨ ᠵᠦᠢᠯ ᠤᠨ ᠤᠷᠤᠭᠤᠯᠤᠯᠳᠡ ᠬᠦᠷᠤᠯᠴᠡᠬᠦ ᠦᠭᠡᠢ ᠵᠡᠷᠭᠡ ᠠᠰᠠᠭᠤᠳᠠᠯ ᠤᠷᠤᠰᠢᠵᠥ᠂ ᠠᠮᠤᠷ ᠲᠦᠪᠰᠢᠨ ᠤ ᠬᠡᠮ ᠰᠤᠭᠤᠭ ᠢ ᠦᠷᠬᠦᠯᠵᠢᠯᠡᠨ ᠪᠠᠶᠢᠴᠠᠭᠠᠬᠤ ᠴᠢᠬᠤᠯᠠᠳᠠᠢ ᠪᠠᠶᠢᠨ᠎ᠠ ᠬᠡᠵᠠᠢ᠃      8᠎ ᠤ ᠡᠳᠦᠷ ᠤᠨ ᠦᠳᠡ ᠶᠢᠨ ᠬᠤᠶᠢᠨ᠎ᠡ ᠬᠤᠷᠠᠯᠳᠤᠭᠰᠠᠠ ᠰᠠᠨᠠᠯ ᠢᠶᠠᠨ ᠬᠠᠷᠢᠭᠤ ᠲᠤᠰᠬᠠᠬᠤ ᠬᠤᠷᠠᠯ ᠲᠡᠭᠡᠷ᠎ᠡ᠂ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠰᠢᠮᠳᠠᠭᠤᠯᠤᠨ ᠪᠠᠶᠢᠴᠠᠭᠠᠬᠤ ᠲᠤᠮᠳᠡ ᠢᠯᠡᠷᠡᠬᠦᠯᠦᠭᠰᠡᠨ ᠠᠰᠠᠭᠤᠳᠠᠯ ᠢᠶᠠᠨ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠳᠤ ᠬᠠᠷᠢᠭᠤ ᠲᠤᠰᠬᠠᠭᠰᠠᠠ ᠪᠦᠭᠡᠳ ᠴᠡᠭᠴᠡᠯᠡᠨ ᠵᠠᠰᠠᠬᠤ ᠰᠠᠨᠠᠯ ᠲᠤᠷᠠᠳᠴᠠᠢ᠃ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠱᠠᠭᠠᠷᠳᠠᠭᠰᠠᠨ ᠨᠢ᠂ ᠠᠯᠠᠱᠠ ᠠᠶᠢᠮᠠᠭ ︽12 · 3︾᠎ ᠤ ᠤᠨᠴᠠ ᠶᠡᠭᠡ ᠠᠳᠡᠯ ᠠᠴᠠ ᠬᠦᠨᠵᠡᠭᠡᠢ ᠰᠤᠷᠭᠠᠮᠵᠢ ᠠᠪᠴᠦ᠂ ᠬᠦᠭᠵᠢᠬᠦᠯᠬᠦ ᠳᠤ ᠬᠦᠮᠥᠨ ᠤ ᠠᠮᠢ ᠨᠠᠰᠤ ᠶᠢ ᠦᠷᠡᠭᠳᠡᠬᠦᠯᠬᠦ ᠪᠠᠷ ᠦᠷᠳᠡᠭ ᠪᠤᠯᠭᠠᠵᠥ ᠶᠠᠭᠠᠬᠢᠭᠰᠠᠠ ᠴᠦ ᠪᠤᠯᠬᠤ ᠦᠭᠡᠢ ᠬᠡᠬᠦ ︽ᠤᠯᠠᠭᠠᠨ ᠱᠤᠭᠤᠮ︾᠎ ᠤᠨ ᠤᠬᠠᠮᠰᠠᠷ ᠢ ᠪᠠᠳᠤ ᠪᠤᠢ ᠪᠤᠯᠭᠠᠵᠥ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠬᠦᠷᠬᠡᠯᠡᠬᠦ᠂ ᠨᠢᠬᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠨᠠᠮ ᠤᠨ ᠬᠤᠷᠢᠶ᠎ᠠ ᠰᠢᠢᠳᠪᠤᠷᠢᠳᠤ ᠪᠤᠳᠤᠯᠭ᠎ᠠ ᠲᠤᠭᠳᠠᠭᠠᠬᠰᠠᠠ᠂ ᠵᠠᠰᠠᠭ ᠤᠨ ᠤᠷᠳᠤᠨ ᠶᠡᠷᠤᠩᠬᠡᠢ ᠳᠤᠨᠢ ᠠᠳᠬᠤᠬᠰᠠᠠ᠂ ᠪᠦᠬᠦ ᠨᠡᠶᠢᠭᠡᠮ ᠢᠶᠠᠷ ᠢᠶᠠᠨ ᠬᠠᠮᠳᠤᠪᠡᠷ ᠤᠷᠤᠯᠴᠠᠭᠰᠠᠠ ᠠᠶᠤᠯ ᠦᠭᠡᠢ ᠦᠢᠯᠡᠳᠪᠤᠷᠢᠯᠡᠯ ᠤᠨ ᠠᠵᠢᠯ ᠤᠨ ᠲᠤᠭᠳᠠᠴᠠ ᠶᠢ ᠲᠡᠬᠦᠯᠳᠡᠷᠵᠢᠬᠦᠯᠬᠦ ᠬᠡᠷᠡᠭᠳᠡᠢ᠃ ᠠᠵᠥ ᠠᠬᠤᠢᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠱᠠᠭᠠᠷᠳᠠᠵᠥ᠂ ᠡᠯ᠎ᠡ ᠱᠠᠳᠤᠨ ᠤ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠠᠵᠥ ᠠᠬᠤᠢᠢᠯᠠᠯ ᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠥ᠂ ᠬᠠᠤᠯᠢ ᠲᠦᠷᠢᠮ ᠠᠴᠠ ᠵᠦᠷᠢᠴᠡᠭᠰᠡᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠬᠦ ᠬᠡᠷᠡᠭᠳᠡᠢ᠃ ᠬᠡᠮ ᠰᠤᠭᠤᠭ ᠢ ᠪᠠᠶᠢᠴᠠᠭᠠᠨ ᠵᠠᠰᠠᠬᠤ ᠰᠢᠰᠲ᠋ᠧᠮᠵᠢ ᠶᠢ ᠪᠦᠷᠢᠨᠰᠢᠬᠦᠯᠵᠥ᠂ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠷᠢᠨ ᠨᠢᠮᠪᠠᠢ ᠬᠢᠵᠥ᠂ ᠬᠡᠮ ᠰᠤᠭᠤᠭ ᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠬᠠᠷᠢᠭᠤᠴᠠᠯᠭ᠎ᠠ᠂ ᠪᠡᠯᠡ ᠮᠥᠩᠬᠦ᠂ ᠴᠠᠭ ᠤᠨ ᠬᠢᠵᠠᠭᠠᠷ ᠪᠤᠯᠤᠨ ᠲᠦᠰᠦᠯ ︽ᠲᠠᠪᠤ ᠶᠢ ᠨᠠᠶᠢᠳᠠᠪᠤᠷᠢᠵᠢᠭᠤᠯᠬᠤ︾ ᠬᠡᠷᠡᠭᠳᠡᠢ᠃ ᠭᠤᠤᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠪᠤᠭᠤᠮᠳᠠ ᠰᠢᠪᠲᠤᠯᠤᠯᠲᠠ ᠶᠢ ᠰᠠᠶᠢᠳᠤᠷ ᠬᠢᠵᠥ᠂ ᠨᠡᠬᠦᠷᠡᠰᠤᠨ ᠠᠭᠤᠷᠬᠠᠢ᠂ ᠠᠶᠤᠯ ᠲᠠᠢ ᠬᠢᠮᠢ ᠶᠢᠨ ᠪᠤᠳᠠᠰ᠂ ᠬᠦᠮᠥᠨ ᠬᠠᠷ᠎ᠠ ᠤᠯᠠᠨ ᠲᠠᠯᠠᠪᠠᠢ ᠭᠠᠵᠠᠷ᠂ ᠭᠠᠯ ᠤᠨ ᠭᠠᠮᠰᠢᠭ ᠢ ᠰᠡᠷᠬᠡᠶᠢᠯᠡᠨ ᠤᠨᠳᠠᠷᠠᠭᠠᠬᠤ᠂ ᠤᠨᠴᠠ ᠲᠦᠷᠦᠯ ᠤᠨ ᠲᠦᠬᠦᠭᠡᠷᠤᠮᠵᠢ᠂ ᠵᠠᠮ ᠬᠠᠷᠢᠯᠴᠠᠭᠠᠨ ᠤ ᠠᠮᠤᠷ ᠲᠦᠪᠰᠢᠨ᠂ ᠨᠡᠬᠦᠷᠡᠰᠤᠨ ᠤ ᠪᠤᠰᠤ ᠠᠭᠤᠷᠬᠠᠢ᠂ ᠬᠤᠳᠠ ᠪᠠᠯᠭᠠᠰᠤᠨ ᠤ ᠰᠢᠳᠠᠮᠠᠬᠠᠢ ᠬᠡᠢ ᠶᠢᠨ ᠬᠤᠭᠤᠯᠠᠢ ᠵᠡᠷᠬᠡ ᠭᠤᠤᠯᠳᠠᠯᠭ᠎ᠠ ᠲᠠᠢ ᠠᠵᠢᠯ ᠲᠦᠷᠦᠯ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠠᠵᠢᠯ ᠢ ᠦᠷᠬᠦᠯᠵᠢᠯᠡᠨ ᠬᠦᠨᠵᠡᠬᠡᠢ ᠠᠬᠢᠭᠤᠯᠵᠥ᠂ ᠬᠦᠴᠦᠳᠠᠢ ᠠᠷᠭ᠎ᠠ ᠬᠡᠮᠵᠢᠶ᠎ᠡ ᠠᠪᠴᠦ᠂ ᠤᠨᠴᠠ ᠶᠡᠭᠡ ᠠᠳᠡᠯ ᠭᠠᠷᠬᠤ ᠶᠢ ᠡᠷᠡᠰ ᠰᠡᠷᠬᠡᠶᠢᠯᠡᠬᠦ ᠬᠡᠷᠡᠭᠳᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号