ᠪᠦᠬᠦ ᠣᠷᠣᠨ ᠤ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠳᠠᠩᠰᠠᠨ ᠨᠤᠮᠧᠷ ᠤᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ | ᠨᠡᠶᠢᠲᠡᠯᠡᠬᠦ ᠪᠠ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠳᠤᠮᠳᠠᠬᠢ ᠦᠢᠯᠡᠳᠦᠯ ᠢ ᠨᠢ ᠭᠦᠢᠴᠡᠳ | ᠪᠠᠳᠠᠷᠠᠭᠤᠯᠬᠤ ᠶᠢᠨ ᠲᠦᠯᠦᠭᠡ᠂ ᠤᠷᠴᠢᠮᠬᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠭᠡᠷ ᠬᠠᠮᠲᠤᠷᠠᠨ ︽ᠥᠪᠡᠷᠲᠡᠭᠡᠨ ᠵᠠᠰᠠᠬᠤ ᠣᠷᠣᠨ ᠤ ᠲᠤᠬᠠᠶ ᠶᠢᠨ ᠴᠠᠭ ᠤᠨ ᠮᠡᠳᠡᠭᠡ | ᠬᠤᠯᠪᠣᠭᠠᠨ ᠤ ᠪᠠᠭᠠᠵᠢ ᠶᠢᠨ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠳᠠᠩᠰᠠᠨ ᠨᠣᠮᠧᠷ ᠤᠨ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ ᠤᠨ ᠲᠤᠬᠠᠶ ᠮᠡᠳᠡᠭᠳᠡᠯ︾ ᠢ ᠲᠠᠷᠬᠠᠭᠠᠵᠤ᠂ ᠵᠠᠰᠠᠭ ᠤᠨ | ᠶᠠᠪᠤᠳᠠᠯ ᠤᠨ ᠣᠯᠠᠨ ᠨᠡᠶᠢᠲᠡ ᠶᠢᠨ ᠳᠠᠩᠰᠠᠨ ᠨᠤᠮᠧᠷ ᠤᠨ ᠬᠠᠷᠢᠭᠤᠴᠠᠯᠭ᠎ᠠ ᠶᠢᠨ ᠭᠤᠣᠯ ᠴᠣᠭᠴᠠ᠂ ᠲᠠᠩᠰᠠᠯᠠᠵᠦ | ᠪᠦᠷᠢᠳᠬᠡᠭᠦᠯᠬᠦ᠂ ᠮᠡᠳᠡᠭᠡ ᠵᠠᠩᠭᠢ ᠨᠡᠶᠢᠲᠡᠯᠡᠬᠦ᠂ ᠦᠨᠡᠯᠡᠯᠲᠡ ᠬᠢᠬᠦ ᠪᠠ ᠬᠢᠨᠠᠨ ᠰᠢᠯᠭᠠᠬᠤ ᠵᠡᠷᠭᠡ ᠠᠭᠤᠯᠭ᠎ᠠ ᠳᠤ | ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠳᠠᠩᠰᠠᠨ ᠨᠣᠮᠧᠷ | ᠨᠢ ᠨᠡᠶᠢᠭᠡᠮ ᠤᠨ ᠭᠤᠤᠯ ᠤᠷᠤᠰᠬᠠᠯ ᠤᠨ ᠦᠨ᠎ᠡ ᠴᠡᠨ᠎ᠡ ᠶᠢ ᠢᠳᠡᠪᠬᠢᠲᠡᠶ ᠪᠠᠳᠠᠷᠠᠭᠤᠯᠵᠤ᠂ ᠵᠦᠪ ᠡᠨᠧᠷᠭᠢ ᠶᠢ | ᠤᠯᠠᠮᠵᠢᠯᠠᠵᠤ᠂ ᠮᠡᠳᠡᠭᠡ ᠵᠠᠩᠭᠢ ᠶᠢ ᠨᠡᠶᠢᠲᠡᠯᠡᠬᠦ ᠳᠡᠭᠡᠨ ᠤᠨᠤᠪᠴᠢᠲᠠᠢ ᠪᠦᠭᠡᠳ ᠳᠠᠩᠰᠠᠨ ᠨᠤᠮᠧᠷ ᠤᠨ ᠠᠮᠤᠷ | ᠲᠦᠪᠰᠢᠨ ᠪᠠᠶᠢᠬᠤ ᠶᠢ ᠦᠨᠡᠨᠬᠦ ᠪᠠᠲᠤᠯᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ | ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠦᠨᠳᠦᠰᠦᠨ ᠬᠠᠤᠯᠢ ᠶᠢᠨ ᠦᠨᠳᠦᠰᠦᠨ ᠵᠠᠷᠴᠢᠮ ᠢ | ᠵᠥᠷᠢᠴᠡᠭᠰᠡᠨ᠂ ᠤᠯᠤᠰ ᠣᠷᠣᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ᠂ ᠦᠨᠳᠦᠰᠦᠲᠡᠨ ᠤ | ᠬᠤᠷᠣᠰᠤᠯ ᠢ ᠳᠡᠭᠳᠡᠭᠡᠬᠦ ᠪᠠ ᠦᠨᠳᠦᠰᠦᠲᠡᠨ ᠢ ᠭᠠᠳᠠᠭᠤᠷᠴᠢᠯᠠᠬᠤ ᠵᠡᠷᠭᠡ ᠬᠤᠤᠷ ᠬᠥᠨᠥᠭᠡᠯᠲᠡᠶ ᠮᠡᠳᠡᠭᠡ ᠵᠠᠩᠭᠢ ᠶᠢ | ᠤᠯᠠᠮᠵᠢᠯᠠᠬᠤ ᠪᠠ ᠨᠡᠶᠢᠲᠡᠯᠡᠬᠦ ᠶᠢ ᠴᠠᠭᠠᠵᠠᠯᠠᠬᠤ ᠬᠡᠷᠡᠭᠲᠡᠢ᠂ ᠡᠷᠬᠡ ᠰᠦᠷᠲᠦ ᠠᠷᠭ᠎ᠠ ᠵᠠᠮ ᠢᠶᠠᠷ ᠬᠠᠷᠭᠤᠭᠤᠯᠤᠭᠰᠠᠨ | ᠦᠭᠡᠢ ᠬᠤᠳᠠᠯ ᠬᠠᠭᠤᠷᠮᠠᠭ ᠮᠡᠳᠡᠭᠡ ᠵᠠᠩᠭᠢ ᠶᠢ ᠨᠡᠶᠢᠲᠡᠯᠡᠵᠦ ᠪᠣᠯᠬᠤ ᠦᠭᠡᠶ᠂ ᠵᠠᠰᠠᠭ ᠤᠨ ᠶᠠᠪᠤᠳᠠᠯ ᠤᠨ ᠣᠯᠠᠨ | ᠨᠡᠶᠢᠲᠡ ᠶᠢᠨ ᠳᠠᠩᠰᠠᠨ ᠨᠤᠮᠧᠷ ᠢ ᠠᠰᠢᠭᠯᠠᠨ ᠬᠤᠳᠠᠯᠳᠤᠭᠠᠨ ᠤ ᠡᠵᠡᠩᠨᠡᠯᠲᠡ ᠪᠤᠷᠤᠭᠤᠯᠤᠯᠲᠠ ᠬᠢᠬᠦ ᠪᠠ ᠥᠪᠡᠷ ᠤᠨ | ᠡᠭᠦᠷᠭᠡ ᠴᠢᠲᠠᠪᠤᠷᠢ ᠲᠠᠢ ᠪᠠᠨ ᠦᠯᠦ ᠨᠡᠶᠢᠴᠡᠬᠦ ᠠᠵᠢᠯᠯᠠᠭ᠎ᠠ ᠦᠷᠨᠢᠭᠦᠯᠵᠦ ᠪᠤᠯᠬᠤ ᠦᠭᠡᠢ᠃ ᠵᠠᠰᠠᠭ ᠤᠨ | ᠶᠠᠪᠤᠳᠠᠯ ᠤᠨ ᠣᠯᠠᠨ ᠨᠡᠶᠢᠲᠡ ᠶᠢᠨ ᠳᠠᠩᠰᠠᠨ ᠨᠣᠮᠧᠷ ᠨᠢ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ | ᠢᠳᠡᠪᠬᠢᠲᠡᠶ ᠥᠷᠨᠢᠭᠦᠯᠵᠦ᠂ ᠣᠯᠠᠨ ᠨᠡᠶᠢᠲᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠶ ᠭᠡᠵᠡᠢ᠃ | ︽ᠮᠡᠳᠡᠭᠳᠡᠯ︾ ᠳᠤ᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠳᠠᠩᠰᠠᠨ ᠨᠣᠮᠧᠷ ᠲᠤ ᠬᠠᠷᠢᠶ᠎ᠠ | ᠭᠠᠵᠠᠷ ᠨᠢ ᠬᠠᠮᠢᠶᠠᠷᠬᠤ ᠵᠠᠷᠴᠢᠮ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠭᠡᠷ ᠠᠴᠠ ᠨᠢ ᠪᠥᠬᠦ ᠣᠷᠣᠨ ᠤ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ | ᠳᠠᠩᠰᠠᠨ ᠨᠤᠮᠧᠷ ᠲᠤ ᠬᠢᠨᠠᠯᠲᠠ ᠲᠠᠯᠪᠢᠵᠤ᠂ ᠬᠠᠮᠢᠶᠠᠷᠬᠤ ᠪᠠ ᠬᠢᠨᠠᠨ ᠰᠢᠯᠭᠠᠬᠤ ᠶᠢ ᠬᠠᠷᠢᠭᠤᠴᠠᠨ᠎ᠠ᠃ ᠡᠭᠦᠨ ᠤ | ᠬᠠᠮᠲᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ | ᠳᠠᠩᠰᠠᠨ ᠨᠣᠮᠧᠷ ᠨᠡᠭᠡᠭᠡᠭᠰᠡᠨ᠂ ᠠᠵᠢᠯᠯᠠᠭᠤᠯᠤᠭᠰᠠᠨ ᠪᠠᠶᠢᠳᠠᠯ ᠢ ᠵᠠᠰᠠᠭ ᠤᠨ ᠶᠠᠪᠤᠳᠠᠯ ᠤᠨ ᠢᠯᠡ ᠪᠠᠷ ᠬᠢᠨᠠᠨ | ᠰᠢᠯᠭᠠᠬᠤ ᠬᠡᠪᠴᠢᠶᠡᠨ ᠳᠤ ᠤᠷᠤᠭᠤᠯᠬᠤ ᠶᠢ ᠨᠢ ᠵᠤᠷᠢᠭᠵᠢᠭᠤᠯᠤᠨ᠎ᠠ ᠭᠡᠵᠦ ᠲᠤᠭᠲᠠᠭᠠᠪᠠ᠃ | ᠣᠶᠢᠯᠠᠭᠠᠭᠰᠠᠨ ᠢᠶᠠᠷ᠂ ᠤᠢᠢᠷ᠎ᠠ ᠶᠢᠨ ᠵᠢᠯ ᠤᠳ ᠲᠤ ᠥᠪᠡᠷᠲᠡᠭᠡᠨ ᠵᠠᠰᠠᠬᠤ ᠣᠷᠣᠨ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠭᠡᠷ ᠨᠢ ᠪᠦᠬᠦ ᠣᠷᠣᠨ ᠤ ᠲᠤᠬᠠᠶ ᠶᠢᠨ ᠴᠠᠭ ᠤᠨ ᠮᠡᠳᠡᠭᠡ ᠬᠤᠯᠪᠣᠭᠠᠨ ᠤ ᠪᠠᠭᠠᠵᠢ ᠶᠢᠨ | ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠳᠠᠩᠰᠠᠨ ᠨᠤᠮᠧᠷ ᠤᠨ ᠲᠦᠷᠭᠡᠨ ᠬᠦᠭᠵᠢᠯᠲᠡ ᠶᠢ ᠶᠡᠬᠡᠪᠡᠷ ᠲᠦᠯᠬᠢᠨ | ᠠᠬᠢᠭᠤᠯᠵᠤ᠂ ᠦᠨᠦ ᠪᠤᠯᠬᠤ ᠳᠤ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠳᠠᠩᠰᠠᠨ | ᠨᠣᠮᠧᠷ 2025 ᠳᠤ ᠬᠦᠷᠴᠦ᠂ ᠪᠦᠬᠦ ᠪᠠᠭ᠋ᠠᠲᠠᠳ ᠤᠨ ᠲᠤᠭ᠎ᠠ 422.2 ᠲᠦᠮᠡᠨ ᠬᠥᠮᠦᠨ ᠳᠤ ᠬᠦᠷᠪᠡ᠃ | ᠵᠠᠰᠠᠭ ᠤᠨ ᠶᠠᠪᠤᠳᠠᠯ ᠤᠨ ᠸᠢᠴᠠᠲ ᠤᠨ ᠨᠡᠪᠲᠡᠷᠡᠯ ᠤᠨ ᠲᠤᠭ᠎ᠠ᠂ ᠨᠥᠯᠥᠭᠡᠯᠡᠬᠦ ᠬᠦᠴᠦᠨ᠂ ᠬᠥᠮᠦᠰ ᠤᠨ ᠠᠩᠬᠠᠷᠤᠯ ᠢ | ᠲᠠᠲᠠᠵᠤ ᠪᠠᠶᠢᠭ᠎ᠠ ᠬᠡᠮᠵᠢᠶ᠎ᠡ ᠪᠠ ᠤᠯᠠᠮᠵᠢᠯᠠᠨ ᠲᠠᠷᠬᠠᠭᠠᠬᠤ ᠬᠦᠴᠦᠨ ᠨᠢ ᠲᠣᠭᠲᠠᠭᠤᠨ ᠢᠶᠠᠷ ᠳᠡᠭᠡᠭᠰᠢᠯᠡᠵᠦ᠂ ᠮᠠᠨ ᠤ | ᠣᠷᠣᠨ ᠤ ᠰᠦᠯᠵᠢᠶᠡᠲᠡᠨ ᠤ ᠮᠡᠳᠡᠭᠡ ᠵᠠᠩᠭᠢ ᠤᠯᠬᠤ᠂ ᠭᠤᠮᠤᠳᠠᠯ ᠰᠠᠨᠠᠯ ᠢᠶᠠᠨ ᠢᠯᠡᠳᠬᠡᠬᠦ᠂ ᠵᠠᠰᠠᠭ ᠤᠨ | ᠶᠠᠪᠤᠳᠠᠯ ᠤᠨ ᠰᠦᠯᠵᠢᠶᠡᠨ ᠦᠢᠯᠡᠴᠢᠯᠡᠭᠡ ᠬᠦᠷᠲᠡᠬᠦ ᠶᠢᠨ ᠪᠠᠰᠠ ᠨᠢᠭᠡ ᠴᠢᠬᠤᠯᠠ ᠠᠷᠭ᠎ᠠ ᠵᠠᠮ ᠪᠤᠯᠤᠭᠰᠠᠨ ᠪᠠᠶᠢᠨ᠎ᠠ᠃ |