ᠬᠤᠳᠠ ᠶᠢᠨ ᠲᠡᠷᠭᠡ ᠵᠣᠭᠰᠣᠬᠤ ᠳᠤ ᠬᠦᠴᠢᠷᠲᠡᠶ ᠪᠠᠶᠢᠬᠤ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ | ᠡᠨᠡ ᠤᠳᠠᠭᠠᠨ ᠤ ᠬᠤᠷᠠᠯᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ | ᠳᠡᠭᠡᠷ᠎ᠡ᠂ ᠶᠡᠭᠡ ᠬᠤᠷᠠᠯ ᠤᠨ ᠵᠠᠷᠢᠮ ᠲᠥᠯᠥᠭᠡᠯᠡᠭᠴᠢ ᠠᠴᠠ ᠪᠣᠰᠤᠭ᠎ᠠ ᠬᠡᠯᠪᠡᠷᠢ ᠶᠢᠨ ᠤᠶᠤᠨᠴᠢᠯᠠᠭᠰᠠᠨ ᠲᠡᠷᠭᠡ | ᠵᠣᠭᠰᠣᠬᠤ ᠬᠥᠮᠥᠷᠭᠡ ᠶᠢ ᠬᠤᠷᠳᠤᠨ ᠪᠦᠲᠦᠭᠡᠨ ᠪᠠᠶᠢᠭᠤᠯᠵᠤ ᠡᠨᠡᠬᠦ ᠪᠡᠷᠬᠡ ᠠᠰᠠᠭᠤᠳᠠᠯ ᠢ ᠨᠠᠮᠳᠠᠭᠤᠯᠬᠤ ᠰᠠᠨᠠᠭᠤᠯᠭ᠎ᠠ | ᠳᠤᠷᠠᠳᠴᠠᠢ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢᠦ ᠴᠢᠨ ᠵᠢᠭᠠᠵᠤ ᠭᠠᠷᠭᠠᠭᠰᠠᠨ ᠨᠢ᠂ | ᠣᠳᠣᠬᠠᠨ ᠳᠤ ᠮᠠᠨ ᠤ ᠤᠯᠤᠰ ᠤᠨ ᠲᠡᠷᠭᠡᠨ ᠵᠣᠭᠰᠣᠭᠠᠯ ᠤᠨ ᠳᠤᠲᠠᠪᠤᠷᠢ 5000 ᠲᠦᠮᠡᠨ ᠢ ᠳᠠᠪᠠᠵᠤ᠂ ᠶᠡᠭᠡ | ᠬᠤᠲᠠ ᠶᠢᠨ ᠳᠤᠮᠳᠠ ᠪᠠᠭ᠎ᠠ ᠮᠠᠰᠢᠨ ᠲᠡᠷᠭᠡ ᠬᠢᠭᠡᠳ ᠲᠡᠷᠭᠡᠨ ᠵᠣᠭᠰᠣᠭᠠᠯ ᠤᠨ ᠳᠤᠮᠳᠠᠴᠢ ᠬᠠᠷᠢᠴᠠᠯ ᠨᠢ ᠪᠠᠷᠤᠭ 1᠄ | 0.8 ᠪᠠᠶᠢᠵᠤ᠂ ᠳᠤᠮᠳᠠ ᠪᠠᠭ᠎ᠠ ᠬᠤᠳᠠ ᠶᠢᠨ ᠬᠢᠨ ᠪᠠᠷᠤᠭ 1: 0.5 ᠪᠣᠯᠤᠨ᠎ᠠ᠃ | ᠪᠦᠷᠢᠳᠬᠡᠯ ᠢ ᠦᠨᠳᠦᠰᠦᠯᠡᠪᠡᠯ᠂ 2015 ᠣᠨ ᠤ 2 ᠳ᠋ᠤᠭᠠᠷ ᠰᠠᠷ᠎ᠠ ᠶᠢᠨ ᠰᠡᠭᠦᠯᠴᠢ ᠬᠦᠷᠲᠡᠯ᠎ᠡ᠂ | ᠬᠥᠬᠡᠬᠤᠲᠠ ᠶᠢᠨ ᠮᠠᠰᠢᠨ ᠲᠡᠷᠭᠡᠨ ᠤ ᠥᠮᠴᠢᠯᠡᠭᠳᠡᠵᠦ ᠪᠠᠶᠢᠭ᠎ᠠ ᠲᠤᠭ᠎ᠠ ᠨᠢᠭᠡᠨᠲᠡ 80 ᠲᠦᠮᠨ ᠢ ᠳᠠᠪᠠᠵᠤ᠂ ᠮᠠᠰᠢᠨ | ᠲᠡᠷᠭᠡᠨ ᠤ ᠵᠢᠯᠣᠭᠤᠴᠢ ᠶᠢᠨ ᠲᠤᠭ᠎ᠠ ᠨᠢ 90 ᠲᠥᠮᠡ ᠶᠢ ᠳᠠᠪᠠᠭᠰᠠᠨ ᠪᠠᠶᠢᠨ᠎ᠠ᠃ ᠵᠢᠱᠢᠪᠡᠯ ᠬᠥᠬᠡᠬᠤᠲᠠ ᠶᠢᠨ | ᠭᠤᠷᠪᠠᠨ ᠬᠥᠮᠦᠨ ᠪᠦᠷᠢ ᠳᠤ ᠨᠠᠭᠠᠳᠤ ᠵᠠᠬ᠎ᠠ ᠳᠠᠭᠠᠨ ᠨᠢᠭᠡ ᠮᠠᠰᠢᠨ ᠲᠡᠷᠭᠡ ᠨᠣᠭᠳᠠᠨ᠎ᠠ᠃ | ᠵᠠᠷᠢᠮ ᠵᠠᠳᠠᠯᠤᠯᠲᠠ ᠳᠤ ᠦᠵᠡᠭᠰᠡᠨ ᠨᠢ᠂ ᠮᠠᠰᠢᠨ ᠲᠡᠷᠭᠡᠨ ᠤ ᠲᠤᠭ᠎ᠠ ᠬᠡᠮᠵᠢᠶ᠎ᠡ ᠲᠦᠷᠭᠡᠨ ᠨᠡᠮᠡᠭᠳᠡᠬᠦ ᠶᠢ | ᠳᠠᠭᠠᠯᠳᠤᠨ᠂ ᠬᠤᠲᠠᠨ ᠳᠣᠲᠤᠷ᠎ᠠ ᠪᠣᠰᠤᠭ᠎ᠠ ᠬᠡᠯᠪᠡᠷᠢ ᠶᠢᠨ ᠤᠶᠤᠨᠴᠢᠯᠠᠭᠰᠠᠨ ᠲᠡᠷᠭᠡ ᠵᠣᠭᠰᠣᠬᠤ ᠬᠥᠮᠥᠷᠭᠡ ᠶᠢᠨ | ᠪᠦᠲᠦᠭᠡᠨ ᠪᠠᠶᠢᠭᠤᠯᠤᠯᠲᠠ ᠲᠤᠯᠭᠠᠮ᠎ᠠ ᠱᠠᠭᠠᠷᠳᠠᠭᠳᠠᠵᠤ᠂ ᠵᠠᠰᠠᠭ ᠤᠨ ᠣᠷᠳᠣᠨ ᠠᠴᠠ ᠨᠡᠶᠢᠭᠡᠮ ᠤᠨ ᠬᠥᠷᠥᠩᠭᠡ ᠶᠢ | ᠲᠠᠲᠠᠨ ᠣᠷᠤᠭᠤᠯᠵᠤ ᠪᠥᠳᠥᠭᠡᠨ ᠪᠠᠶᠢᠭᠤᠯᠤᠯᠲᠠ ᠳᠤ ᠣᠷᠣᠯᠴᠠᠭᠤᠯᠵᠤ ᠪᠣᠯᠤᠨ᠎ᠠ᠃ | ᠯᠢᠦ ᠴᠢᠨ ᠨᠢᠭᠡᠨ ᠳᠠᠩᠰᠠ ᠪᠤᠳᠤᠵᠤ ᠦᠭᠴᠡᠢ᠂ ᠳᠠᠷᠤᠶ ᠪᠠᠷᠢᠯᠭ᠎ᠠ ᠶᠢᠨ ᠪᠠᠶᠢᠭᠤᠯᠬᠤ ᠦᠨ᠎ᠡ ᠪᠠᠷ ᠠᠪᠴᠤ | ᠬᠡᠯᠡᠪᠡᠯ᠂ ᠨᠢᠭᠡ ᠠᠳᠠᠯᠢ 50 ᠲᠡᠷᠭᠡᠨ ᠵᠣᠭᠰᠣᠭᠠᠯ ᠪᠠᠶᠢᠭᠤᠯᠬᠤ ᠪᠠᠷ ᠪᠣᠳᠤᠪᠠᠯ᠂ ᠤᠯᠠᠮᠵᠢᠯᠠᠯᠲᠤ ᠲᠡᠷᠭᠡᠨ | ᠵᠣᠭᠰᠣᠭᠠᠯ ᠢ ᠪᠠᠶᠢᠭᠤᠯᠬᠤ ᠳᠤ ᠪᠠᠷᠤᠭ 750 ᠲᠦᠮᠡᠨ ᠲᠥᠭᠦᠷᠢᠭ ᠵᠠᠷᠤᠴᠠᠭᠤᠯᠵᠤ᠂ ᠬᠠᠷᠢᠨ ᠪᠣᠰᠤᠭ᠎ᠠ | ᠬᠡᠯᠪᠡᠷᠢ ᠶᠢᠨ ᠤᠶᠤᠨᠴᠢᠯᠠᠭᠰᠠᠨ ᠲᠡᠷᠭᠡ ᠵᠣᠭᠰᠣᠬᠤ ᠬᠥᠮᠥᠷᠭᠡ ᠶᠢ ᠪᠠᠶᠢᠭᠤᠯᠬᠤ ᠳᠤ ᠵᠥᠪᠬᠡᠨ 400 ᠲᠦᠮᠡᠨ | ᠲᠥᠭᠦᠷᠢᠭ ᠬᠡᠷᠡᠭᠰᠡᠨ᠎ᠡ᠃ ᠲᠡᠭᠦᠨ ᠤ ᠦᠵᠡᠬᠦ ᠪᠠᠷ᠂ ᠣᠳᠣᠬᠠᠨ ᠳᠤ ᠪᠣᠰᠤᠭ᠎ᠠ ᠬᠡᠯᠪᠡᠷᠢ ᠶᠢᠨ ᠤᠶᠤᠨᠴᠢᠯᠠᠭᠰᠠᠨ | ᠲᠡᠷᠭᠡ ᠵᠣᠭᠰᠣᠬᠤ ᠬᠥᠮᠥᠷᠭᠡ ᠪᠠᠶᠢᠭᠤᠯᠬᠤ ᠪᠣᠯ ᠲᠡᠷᠭᠡ ᠵᠣᠭᠰᠤᠬᠤ ᠪᠡᠷᠬᠡ ᠠᠰᠠᠭᠤᠳᠠᠯ ᠢ ᠰᠢᠢᠳᠪᠦᠷᠢᠯᠡᠬᠦ ᠨᠢᠭᠡᠨ | ᠪᠦᠲᠦᠮᠵᠢᠲᠡᠶ ᠠᠷᠭ᠎ᠠ ᠵᠠᠮ ᠮᠥᠨ ᠭᠡᠪᠡ᠃ |