ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠡᠶᠢᠲᠡ 165 ᠳ᠋ᠦᠩᠰᠢᠭᠤᠷ | ᠲᠥᠭᠦᠷᠢᠭ ᠣᠷᠣᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠲᠦᠷᠦᠯ ᠵᠦᠢᠯ ᠤᠨ ᠪᠦᠬᠦ ᠲᠤᠭ᠎ᠠ ᠨᠢ 9544 ᠳᠤ ᠬᠦᠷᠪᠡ᠃ ᠤᠯᠠᠨ ᠲᠦᠮᠡᠨ ᠤ ᠡᠪᠡᠳᠴᠢᠨ ᠦᠵᠡᠭᠦᠯᠬᠦ ᠳᠤ | ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ ᠪᠠᠶᠢᠨ᠎ᠠ᠃ | ᠣᠷᠣᠭᠤᠯᠤᠯᠲᠠ ᠶᠢᠨ ᠡᠷᠴᠢᠮ ᠤᠨ ᠴᠢᠩᠭᠠᠷᠠᠬᠤ ᠶᠢ ᠳᠠᠭᠠᠯᠳᠤᠨ᠂ ᠪᠦᠬᠦ ᠣᠷᠣᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠪᠦᠬᠦ ᠲᠤᠭ᠎ᠠ ᠨᠢ 2010 ᠣᠨ ᠳᠤ 2.27 ᠲᠦᠮᠠ ᠪᠠᠶᠢᠭᠰᠠᠨ ᠠᠴᠠ ᠪᠠᠨ | 2014 ᠣᠨ ᠤ ᠵᠢᠯ ᠤᠨ ᠡᠴᠦᠰ ᠪᠤᠯᠬᠤ ᠳᠤ 2.34 ᠲᠦᠮᠠ ᠪᠤᠯᠤᠨ ᠨᠡᠮᠡᠭᠳᠡᠵᠦ᠂ ᠡᠪᠡᠳᠴᠢᠲᠡᠨ ᠤ ᠣᠷᠣ 9. | 78 ᠲᠦᠮᠡ ᠪᠠᠶᠢᠭᠰᠠᠨ ᠠᠴᠠ ᠪᠠᠨ 12.90 ᠲᠦᠮᠡ ᠪᠤᠯᠤᠨ ᠨᠡᠮᠡᠭᠳᠡᠵᠦ᠂ ᠡᠷᠡᠭᠦᠯ ᠬᠠᠮᠠᠭᠠᠯᠠᠯ ᠤᠨ ᠮᠡᠷᠭᠡᠵᠢᠯᠲᠡᠨ | 12.58 ᠲᠦᠮᠡ ᠪᠠᠶᠢᠭᠰᠠᠨ ᠠᠴᠠ ᠪᠠᠨ 15.48 ᠲᠦᠮᠡ ᠪᠦᠯᠤᠨ ᠨᠡᠮᠡᠭᠳᠡᠪᠡ︔ ᠮᠢᠩᠭᠠᠨ ᠬᠥᠮᠦᠨ ᠪᠦᠷᠢ ᠳᠤ | ᠨᠣᠭᠳᠠᠬᠤ ᠡᠪᠡᠳᠴᠢᠲᠡᠨ ᠤ ᠣᠷᠣ 3.98 ᠪᠠᠶᠢᠭᠰᠠᠨ ᠠᠴᠠ ᠪᠠᠨ 5.15᠂ ᠠᠵᠢᠯ ᠡᠷᠬᠢᠯᠡᠬᠦ ︵ᠲᠤᠰᠠᠯᠠᠬᠤ︶ | ᠡᠮᠴᠢ 2.29 ᠪᠠᠶᠢᠭᠰᠠᠨ ᠠᠴᠠ ᠪᠠᠨ 2.48 ᠬᠦᠮᠦᠨ᠂ ᠳᠠᠩᠰᠠᠯᠠᠭᠤᠯᠤᠭᠰᠠᠨ ᠰᠤᠪᠢᠯᠠᠭᠴᠢ1.55 | ᠪᠠᠶᠢᠭᠰᠠᠨ ᠠᠴᠠ ᠪᠠᠨ 2.23 ᠪᠤᠯᠤᠨ ᠨᠡᠮᠡᠭᠳᠡᠪᠡ᠃ | ︽12.5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠥᠪᠡᠷᠲᠡᠭᠡᠨ | ᠵᠠᠰᠠᠬᠤ ᠣᠷᠣᠨ ᠪᠣᠯᠤᠨ ᠠᠶᠢᠮᠠᠭ ᠬᠤᠳᠠ ᠬᠤᠶᠠᠷ ᠱᠠᠲᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠠᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠬᠤᠶᠠᠷ ᠡᠩᠨᠡᠭᠡ ᠨᠡᠶᠢᠯᠡᠭᠦᠯᠦᠨ ᠬᠦᠭᠵᠢᠭᠦᠯᠬᠦ ᠶᠢ | ᠪᠡᠶᠡᠯᠡᠭᠦᠯᠵᠦ᠂ ᠠᠵᠢᠯ ᠤᠨ ᠬᠦᠴᠦᠨ ᠢ ᠪᠦᠲᠦᠮᠵᠢᠲᠡᠶ ᠨᠡᠮᠡᠭᠳᠡᠭᠦᠯᠪᠡ᠃ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠠᠯᠢ ᠣᠯᠠᠨ | ᠴᠢᠬᠤᠯᠠ ᠶᠡᠭᠡ ᠠᠮᠵᠢᠯᠲᠠ ᠣᠯᠤᠭᠰᠠᠨ ᠪᠠᠶᠢᠨ᠎ᠠ᠃ ᠬᠥᠮᠦᠨ ᠪᠦᠷᠢ ᠶᠢᠨ ᠳᠤᠮᠳᠠᠴᠢ ᠵᠢᠱᠢᠭᠰᠡᠨ ᠨᠠᠰᠤᠨ ᠬᠤᠲᠤᠭ | 2010 ᠣᠨ ᠤ ᠬᠢ ᠠᠴᠠ1 ᠨᠠᠰᠤ ᠨᠡᠮᠡᠭᠳᠡᠪᠡ︔ ᠵᠢᠷᠮᠦᠰᠦᠨ ᠪᠦᠰᠡᠭᠦᠶ ᠶᠢᠨ ᠦᠬᠦᠯ ᠤᠨ ᠨᠤᠷᠮ᠎ᠠ 2010 ᠣᠨ | ᠳᠤ 35.25 / 10 ᠲᠦᠮᠡ ᠪᠠᠶᠢᠭᠰᠠᠨ ᠠᠴᠠ ᠪᠠᠨ 2015 ᠣᠨ ᠤ 18.27 / 10 ᠲᠦᠮᠡ ᠪᠤᠯᠤᠨ | ᠪᠠᠭᠤᠷᠠᠵᠤ᠂ ᠨᠢᠯᠬ᠎ᠠ ᠬᠡᠦᠬᠡᠳ ᠤᠨ ᠦᠬᠦᠯ ᠤᠨ ᠨᠤᠷᠮ᠎ᠠ 2010 ᠣᠨ12.31% ᠪᠠᠶᠢᠭᠰᠠᠨ ᠠᠴᠠ ᠪᠠᠨ | 2015 ᠣᠨ ᠳᠤ 5.34% ᠪᠣᠯᠤᠨ ᠪᠠᠭᠤᠷᠠᠪᠠ᠃ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ | ᠮᠡᠳᠡᠭᠳᠡᠬᠦ᠋ᠢᠴᠡ ᠳᠡᠭᠡᠭᠰᠢᠯᠡᠵᠦ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠰ ᠤᠨ ᠥᠭᠡᠷᠡᠴᠢᠯᠡᠯᠲᠡ | ᠬᠥᠭᠵᠢᠯᠲᠡ ᠲᠡᠦᠬᠡ ᠶᠢᠨ ᠰᠢᠨ᠎ᠡ ᠨᠢᠭᠡᠨ ᠳᠡᠭᠲᠡᠷ ᠲᠤ ᠭᠠᠷᠴᠠᠶ᠃ |