ᠥᠪᠥᠷ ᠮᠣᠩᠭᠤᠯ ᠤᠨ ᠠᠵᠤ ᠠᠬᠤᠶᠢᠯᠠᠯ ᠤᠨ ᠠᠵᠢᠯ ᠠᠴᠠ ᠪᠠᠭᠤᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ 12 ᠳ᠋ᠤᠭᠠᠷ ᠤᠳᠠᠭᠠᠨ ᠤ ᠥᠰᠥᠯᠲᠡ ᠪᠠᠨ ᠤᠭᠲᠤᠬᠤ ᠭᠡᠵᠦ ᠪᠣᠢ
ᠨᠡᠶᠢᠲᠡᠯᠡᠭᠰᠡᠨ ᠴᠠᠭ᠄
2016/2/1
     ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠵᠤ ᠮᠡᠳᠡᠭᠰᠡᠨ ᠨᠢ᠂ ᠤᠯᠤᠰ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠡᠨᠡ ᠵᠢᠯ ᠠᠵᠤ ᠠᠬᠤᠶᠢᠯᠠᠯ ᠤᠨ ᠠᠵᠢᠯ ᠠᠴᠠ ᠪᠠᠭᠤᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠬᠠᠮᠲᠤ ᠠᠯᠪᠠᠨ ᠪᠠᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠭᠤᠭᠰᠠᠳ ᠤᠨ ᠬᠠᠷᠠᠭᠠᠯᠵᠠᠯ ᠤᠨ ᠬᠢᠷᠢ ᠬᠡᠮᠵᠢᠶ᠎ᠡ ᠶᠢ ᠵᠡᠷᠭᠡᠪᠡᠷ ᠲᠣᠬᠢᠷᠠᠭᠤᠯᠬᠤ ᠪᠠᠷ ᠪᠠᠶᠢᠨ᠎ᠠ᠃ ᠡᠨᠡ ᠨᠢ ᠳᠠᠷᠤᠶ ᠠᠵᠤ ᠠᠬᠤᠶᠢᠯᠠᠯ ᠤᠨ ᠠᠵᠢᠯ ᠠᠴᠠ ᠪᠠᠭᠤᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ ︽11 ᠤᠳᠠᠭ᠎ᠠ ᠳᠠᠷᠠᠭᠠᠯᠠᠨ ᠥᠰᠬᠦ︾᠎ ᠶᠢ ᠪᠡᠶᠡᠯᠡᠭᠦᠯᠦᠭᠰᠡᠨ ᠪᠠᠶᠢᠳᠠᠯ ᠳᠣᠣᠷ᠎ᠠ᠂ ᠡᠨᠡ ᠵᠢᠯ 12 ᠤᠳᠠᠭᠠᠨ ᠤ ᠥᠰᠥᠯᠲᠡ ᠪᠠᠨ ᠤᠭᠲᠤᠬᠤ ᠭᠡᠵᠦ ᠪᠣᠢ᠃      ᠣᠶᠢᠯᠠᠭᠠᠭᠰᠠᠨ ᠢᠶᠠᠷ᠂ ᠡᠨᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠨᠢᠭᠡᠳᠦᠯᠲᠡᠶ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠬᠠᠮᠢᠶ᠎ᠡ ᠪᠦᠬᠦᠢ ᠢᠵᠢ ᠲᠥᠭᠦᠷ ᠳᠦᠷᠦ ᠶᠢᠨ ᠪᠤᠳᠤᠯᠭ᠎ᠠ ᠶᠢ ᠱᠠᠯᠠᠪᠳᠠᠨ ᠲᠣᠭᠲᠠᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠡᠮᠵᠢᠨ ᠪᠣᠳᠣᠯᠲᠠ ᠪᠠᠨ ᠴᠢᠩᠭᠠᠳᠬᠠᠨ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠬᠤᠷᠢᠶᠠᠬᠤ ᠶᠣᠰᠣᠲᠠᠶ ᠶᠢ ᠨᠢ ᠴᠢᠳᠠᠬᠤ ᠶᠢᠨ ᠲᠣᠳᠣᠷ᠎ᠠ ᠬᠤᠷᠢᠶᠠᠵᠤ᠂ ᠡᠯ᠎ᠡ ᠲᠥᠷᠥᠯ ᠤᠨ ᠠᠵᠢᠯ ᠠᠴᠠ ᠪᠠᠭᠤᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠪᠣᠲᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ  ᠬᠠᠮᠲᠤ᠂ ᠥᠪᠡᠷᠲᠡᠭᠡᠨ ᠵᠠᠰᠠᠬᠤ ᠣᠷᠣᠨ ᠠᠴᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠷᠢᠮ᠂  ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠪᠦᠬᠦ ᠤᠯᠤᠰ ᠲᠤ ᠨᠢᠭᠡᠳᠦᠯᠲᠡᠶ ᠲᠥᠯᠦᠪᠯᠡᠬᠦ᠂ ᠠᠯᠬᠤᠮ ᠠᠯᠬᠤᠮ ᠢᠶᠠᠷ ᠠᠵᠢᠯ ᠠᠴᠠ ᠪᠠᠭᠤᠬᠤ ᠬᠡᠯᠪᠡᠷᠢ ᠶᠢ ᠠᠪᠬᠤ᠂ ᠠᠵᠢᠯᠲᠠᠨ ᠠᠵᠢᠯᠴᠢᠳ ᠤᠨ ᠨᠠᠰᠤᠵᠢᠯ ᠤᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢ ᠲᠡᠭᠦᠯᠳᠡᠷᠵᠢᠭᠦᠯᠬᠦ᠂ ᠦᠷᠡᠭᠳᠡᠭᠰᠡᠳ ᠤᠨ ᠭᠡᠷ ᠪᠦᠯᠢ ᠶᠢᠨ ᠬᠠᠷᠠᠭᠠᠯᠵᠠᠯ ᠪᠣᠯᠤᠨ ᠡᠪᠡᠳᠴᠢᠲᠡᠨ᠂ ᠵᠡᠮᠳᠡᠭᠴᠦᠳ ᠲᠤ ᠨᠥᠬᠦᠪᠥᠷᠢ ᠣᠯᠭᠤᠬᠤ ᠵᠡᠷᠭᠡ ᠤᠯᠤᠰ ᠣᠷᠣᠨ ᠤ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠯᠭᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠰᠠᠭᠤᠷᠢᠨ ᠳᠡᠭᠡᠷ᠎ᠡ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠬᠢᠬᠦ ᠠᠵᠢᠯ ᠢ ᠴᠣ᠋ ᠲᠦᠷᠭᠡᠳᠬᠡᠬᠦ ᠬᠡᠷᠡᠭᠲᠡᠶ ᠭᠡᠪᠡ᠃ ᠰᠤᠷᠪᠤᠯᠵᠢᠯᠠᠭ᠎ᠠ ᠳᠤᠮᠳᠠ ᠰᠤᠷᠪᠤᠯᠵᠢᠯᠠᠭᠴᠢ ᠣᠶᠢᠯᠠᠭᠠᠵᠤ ᠮᠡᠳᠡᠭᠰᠡᠨ ᠨᠢ᠂ 2015 ᠣᠨ ᠳᠤ᠂ ᠮᠠᠨ ᠤ ᠣᠷᠣᠨ ᠤ ᠠᠵᠤ ᠠᠬᠤᠶᠢᠯᠠᠯ ᠤᠨ ᠠᠵᠢᠯ ᠠᠴᠠ ᠪᠠᠭᠤᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠦᠷᠭᠦᠯᠵᠢᠯᠡᠨ ᠨᠡᠮᠡᠭᠳᠡᠵᠦ᠂ ᠬᠥᠮᠦᠨ ᠪᠦᠷᠢ ᠳᠤᠮᠳᠠᠴᠢ ᠪᠠᠷ 206 ᠲᠥᠭᠦᠷᠢᠭ ᠨᠡᠮᠡᠭᠳᠡᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠮᠥᠩᠭᠦ ᠶᠢ 85 ᠲᠥᠭᠦᠷᠢᠭ ᠬᠦᠷᠲᠡᠯ᠎ᠡ ᠨᠡᠮᠡᠭᠳᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 380 ᠲᠥᠭᠦᠷᠢᠭ ᠬᠦᠷᠲᠡᠯ᠎ᠡ ᠨᠡᠮᠡᠭᠳᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号