| ᠰᠤᠷᠪᠤᠯᠵᠢᠯᠠᠭᠰᠠᠨ ᠴᠠᠭ᠄ | 2015 ᠣᠨ ᠤ 12 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠹᠸᠡᠭ ᠶᠧ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ | ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠪᠣᠯᠣᠨ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠲᠡᠳᠬᠦᠨ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠪᠣᠯᠤᠨ ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ | ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠪᠠᠶᠢᠯᠭᠠᠬᠤ ᠪᠠ | ᠬᠠᠮᠢᠶᠠᠷᠬᠤ ᠶᠢ ᠤᠶᠠᠯᠳᠤᠭᠤᠯᠬᠤ᠂ ᠡᠭᠦᠷᠭᠡ ᠴᠢᠳᠠᠪᠤᠷᠢ ᠶᠢ ᠬᠤᠪᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ | ᠶᠣᠰᠣᠭᠠᠷ᠂ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠰᠲ᠋ᠧᠮᠵᠢ ᠶᠢᠨ | ᠥᠭᠡᠷᠡᠴᠢᠯᠡᠯᠲᠡ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠵᠦ᠂ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠶᠢᠨ ᠴᠢᠨᠠᠷ ᠢ ᠴᠢᠩᠭᠠᠳᠬᠠᠵᠤ᠂ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ | ᠢᠳᠡᠪᠬᠢᠲᠡᠢ ᠪᠠᠷ ᠠᠭᠤᠰᠤᠯᠴᠠᠬᠤ ᠶᠢᠨ ᠬᠠᠮᠲᠤ ᠦᠢᠯᠡᠴᠢᠯᠡᠵᠦ᠂ ᠥᠪᠥᠷ ᠮᠣᠩᠭᠤᠯ ᠤᠨ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠠᠴᠠ ︽ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠠᠵᠤ ᠠᠬᠤᠶ ᠶᠢᠨ | ᠬᠥᠭᠵᠢᠯᠲᠡ ᠳᠤ ᠦᠢᠯᠡᠴᠢᠯᠡᠬᠦ ᠶᠢ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃ ︽ᠰᠠᠨᠠᠯ︾ ᠤᠨ ᠬᠤᠯᠪᠣᠭᠳᠠᠯ ᠪᠦᠬᠦᠢ | ᠠᠭᠤᠯᠭ᠎ᠠ ᠶᠢ ᠨᠡᠶᠢᠭᠡᠮ ᠨᠡᠶᠢᠲᠡ ᠳᠤ ᠤᠯᠠᠮ ᠨᠢᠭᠡ ᠠᠯᠬᠤᠮ ᠭᠦᠨᠵᠡᠭᠡᠢ ᠣᠶᠢᠯᠠᠭᠠᠬᠤ ᠶᠢᠨ ᠲᠤᠰᠠᠳᠠ᠂ ᠣᠶᠢᠷ᠎ᠠ ᠳᠤ᠂ | ᠪᠢᠳᠡ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ | ᠲᠣᠭᠤᠷᠢᠨ ᠪᠠᠶᠢᠴᠠᠭᠠᠭᠴᠢ ᠹᠸᠡᠭ ᠶᠧ ᠶᠢ ᠤᠷᠢᠪᠠ᠃ | | ᠰᠣᠷᠪᠤᠯᠵᠢᠯᠠᠭᠰᠠᠨ ᠪᠣᠳᠠᠲᠣ ᠠᠭᠤᠯᠭ᠎ᠠ | ᠬᠥᠳᠦᠯᠦᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ· | ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠣᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ | ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠹᠸᠡᠭ ᠶᠧ ᠶᠢ ᠤᠷᠢᠵᠤ᠂ ᠪᠢᠳᠡᠨ ᠳᠤ ᠰᠦᠯᠵᠢᠶᠡᠨ | ᠳᠡᠭᠡᠷ᠎ᠡ ︽ᠰᠠᠨᠠᠯ︾ ᠶᠢᠨ ᠲᠠᠶᠢᠯᠤᠮᠵᠢ ᠬᠢᠬᠦ ᠪᠠᠷ ᠪᠤᠢ᠂ ᠰᠦᠯᠵᠢᠶᠡᠨ ᠠᠨᠳᠠ ᠨᠠᠷ ᠮᠠᠨ ᠤ ᠪᠤᠯᠤᠩ ᠳᠤ | ᠢᠳᠡᠪᠬᠢᠲᠡᠢ ᠪᠠᠷ ᠣᠷᠣᠯᠴᠠᠭᠰᠠᠨ ᠢ ᠪᠠᠶᠠᠷᠯᠠᠨ ᠤᠭᠲᠤᠵᠤ ᠪᠠᠶᠢᠨ᠎ᠠ᠃ ᠹᠸᠡᠭ ᠳᠠᠷᠤᠭ᠎ᠠ᠂ ᠲᠠᠨ ᠢ ᠪᠠᠶᠠᠷᠯᠠᠨ | ᠤᠭᠲᠤᠵᠤ ᠪᠠᠶᠢᠨ᠎ᠠ︕ | ᠹᠸᠡᠭ ᠶᠧ᠄ | ᠬᠥᠲᠥᠯᠥᠭᠴᠢ ᠰᠠᠶᠢᠨ ᠤᠤ︕ ᠰᠦᠯᠵᠢᠶᠡᠨ ᠨᠠᠶᠢᠵᠠ ᠨᠠᠷ ᠰᠠᠶᠢᠨ ᠪᠠᠶᠢᠵᠠᠭᠠᠨᠠᠤ︕ ᠥᠪᠡᠷᠲᠡᠭᠡᠨ ᠵᠠᠰᠠᠬᠤ | ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠲᠠᠯ᠎ᠠ ᠪᠠᠷ ᠲᠠ ᠪᠦᠬᠦᠨ ᠲᠠᠢ | ᠵᠣᠭᠤᠭᠳᠠᠬᠤ ᠲᠣᠬᠢᠶᠠᠯ ᠲᠠᠢ ᠪᠣᠯᠣᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃ | ᠬᠥᠲᠥᠯᠥᠭᠴᠢ᠄ | ᠹᠸᠡᠭ ᠳᠠᠷᠤᠭ᠎ᠠ᠂ ᠶᠠᠭᠤᠨ ᠤ ᠡᠮᠦᠨ᠎ᠡ ᠲᠠ ︽ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠠᠵᠤ ᠠᠬᠤᠶ ᠶᠢᠨ | ᠬᠥᠭᠵᠢᠯᠲᠡ ᠳᠤ ᠦᠢᠯᠡᠴᠢᠯᠡᠬᠦ ᠶᠢ ᠬᠡᠷᠡᠭᠵᠢᠭᠦᠯᠬᠦ ᠰᠠᠨᠠᠯ︾ ᠤᠨ ᠨᠡᠶᠢᠲᠡᠯᠡᠭᠳᠡᠭᠰᠡᠨ ᠠᠬᠤᠶ ᠪᠠᠶᠢᠳᠠᠯ ᠢ | ᠲᠠᠨᠢᠯᠴᠠᠭᠤᠯᠤᠭᠠᠳ ᠦᠭᠭᠦᠨ᠎ᠡ ᠤᠤ᠃ | ᠹᠸᠡᠭ ᠶᠧ᠄ | ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ | ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠪᠣᠯᠣᠨ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠲᠡᠳᠬᠦᠨ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠪᠣᠯᠤᠨ ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ | ᠶᠡᠷᠦᠩᠬᠡᠶ ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ | ᠬᠠᠮᠢᠶᠠᠷᠬᠤ ᠶᠢ ᠤᠶᠠᠯᠳᠤᠭᠤᠯᠬᠤ᠂ ᠡᠭᠦᠷᠭᠡ ᠴᠢᠳᠠᠪᠤᠷᠢ ᠶᠢ ᠬᠤᠪᠢᠷᠠᠭᠤᠯᠬᠤ ᠠᠵᠢᠯ ᠤᠨ ᠪᠠᠶᠢᠷᠢᠯᠠᠭᠤᠯᠤᠯᠲᠠ | ᠶᠣᠰᠣᠭᠠᠷ᠂ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠰᠲ᠋ᠧᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ | ᠠᠬᠢᠭᠤᠯᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠪᠠᠷ ᠠᠭᠤᠰᠤᠯᠴᠠᠬᠤ ᠶᠢᠨ ᠬᠠᠮᠲᠤ ᠦᠢᠯᠡᠴᠢᠯᠡᠵᠦ᠂ ᠥᠪᠥᠷ | ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ︽ᠥᠪᠥᠷ ᠮᠣᠩᠭᠤᠯ ᠤᠨ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠵᠤ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠶᠢ ᠬᠡᠷᠡᠭᠵᠢᠭᠦᠯᠬᠦ ᠰᠠᠨᠠᠯ︾ ᠢ ᠨᠡᠶᠢᠲᠡᠯᠡᠵᠡᠶ᠃ | ᠬᠥᠲᠥᠯᠥᠭᠴᠢ᠄ | ︽ᠰᠠᠨᠠᠯ︾ ᠳᠤ ᠳᠤᠷᠠᠳᠤᠭᠳᠠᠭᠰᠠᠨ ︽ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠬᠤ︾ ᠭᠡᠰᠡᠨ | ᠵᠠᠩᠭᠢᠯᠠᠭ᠎ᠠ ᠶᠢᠨ ᠦᠭᠡ ᠨᠢ ᠪᠣᠳᠠᠲᠠᠶ ᠪᠠᠷ ᠶᠠᠭᠤ ᠶᠢ ᠵᠢᠭᠠᠵᠤ ᠪᠠᠶᠢᠭ᠎ᠠ ᠪᠤᠢ︖ | ᠹᠸᠡᠭ ᠶᠧ᠄ | ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠬᠤ ᠭᠡᠳᠡᠭ ᠨᠢ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠡᠷᠬᠡ ᠶᠢᠨ ᠨᠠᠷᠢᠨ ᠳᠠᠩᠰᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ | ᠵᠠᠰᠠᠭ ᠵᠠᠬᠢᠷᠭᠠᠨ ᠤ ᠡᠷᠬᠡ ᠶᠢ ᠤᠯᠠᠮ ᠨᠢᠭᠡ ᠠᠯᠬᠤᠮ ᠴᠣᠮᠬᠠᠳᠬᠠᠬᠤ ᠶᠢ ᠵᠢᠭᠠᠵᠤ ᠪᠠᠶᠢᠨ᠎ᠠ᠃ ᠤᠯᠤᠰ ᠣᠷᠣᠨ ᠤ | ᠠᠮᠤᠷ ᠲᠦᠪᠰᠢᠨ᠂ ᠣᠷᠴᠢᠨ ᠲᠣᠭᠤᠷᠢᠨ ᠤ ᠠᠮᠢ ᠠᠬᠤᠶ ᠶᠢᠨ ᠠᠮᠤᠷ ᠲᠦᠪᠰᠢᠨ᠂ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠤᠯᠠᠨ ᠨᠡᠶᠢᠲᠡ ᠶᠢᠨ ᠡᠷᠡᠭᠦᠯ ᠮᠡᠨᠳᠦ ᠵᠡᠷᠭᠡ ᠴᠢᠬᠤᠯᠠ ᠶᠡᠭᠡ ᠤᠯᠠᠨ | ᠨᠡᠶᠢᠲᠡ ᠶᠢᠨ ᠠᠰᠢᠭ ᠲᠤᠰᠠ ᠶᠢᠨ ᠶᠠᠪᠤᠳᠠᠯ ᠳᠤ ᠬᠤᠯᠪᠣᠭᠳᠠᠬᠤ ᠠᠴᠠ ᠪᠤᠰᠤᠳ ᠬᠢᠨᠠᠨ ᠵᠥᠪᠰᠢᠶᠡᠷᠡᠬᠦ ᠵᠦᠢᠯᠡᠰ ᠢ | ᠵᠠᠷᠴᠢᠮ ᠳᠡᠭᠡᠷ᠎ᠡ ᠪᠠᠨ ᠳᠣᠷᠣᠭᠰᠢ ᠪᠠᠭᠤᠯᠭᠠᠬᠤ ᠪᠠ ᠬᠦᠴᠦᠨ ᠦᠭᠡᠢ ᠪᠣᠯᠭᠠᠬᠤ ᠪᠠᠷ ᠭᠤᠣᠯ ᠪᠣᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠤᠯᠤᠰ ᠤᠨ ᠦᠢᠯᠡᠳᠬᠦᠨ ᠤ ᠶᠠᠰᠤ | ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠠᠴᠠ ᠲᠣᠲᠣᠷᠬᠠᠢ ᠵᠠᠷᠯᠢᠭ ᠪᠠᠭᠤᠯᠭᠠᠵᠤ ᠬᠦᠴᠦᠨ ᠦᠭᠡᠢ | ᠪᠣᠯᠭᠠᠬᠤ ᠡᠷᠬᠡ ᠶᠢ ᠡᠷᠡᠰ ᠦᠭᠡᠶᠢᠰᠭᠡᠵᠦ᠂ ︽ᠪᠠᠭᠤᠯᠭᠠᠬᠤ︾ ᠴᠢᠬᠤᠯᠠᠲᠠᠢ ᠶᠢ ᠨᠢ ᠲᠦᠢᠯᠪᠤᠷᠢᠲᠠᠶ ᠪᠠᠭᠤᠯᠭᠠᠵᠤ᠂ | ︽ᠴᠤᠮᠬᠠᠳᠬᠠᠬᠤ︾ ᠴᠢᠬᠤᠯᠠᠲᠠᠢ ᠶᠢ ᠨᠢ ᠲᠦᠢᠯᠪᠤᠷᠢᠲᠠᠶ ᠬᠠᠰᠤᠵᠤ᠂ ︽ᠦᠭᠡᠶᠢᠰᠭᠡᠬᠦ︾ ᠴᠢᠬᠤᠯᠠᠲᠠᠢ ᠶᠢ ᠨᠢ | ᠲᠦᠢᠯᠪᠤᠷᠢᠲᠠᠶ ᠦᠭᠡᠶᠢᠰᠭᠡᠵᠦ᠂ ᠪᠦᠷᠢᠮᠦᠰᠦᠨ ᠲᠤᠶᠢᠯᠪᠤᠷᠢᠲᠠᠢ ᠬᠢᠵᠦ᠂ ᠬᠤᠪᠢᠷᠠᠭᠤᠯᠤᠨ ᠬᠡᠷᠡᠭᠵᠢᠭᠦᠯᠵᠦ ᠣᠭᠲᠣ | ᠪᠣᠯᠬᠤ ᠦᠭᠡᠢ᠂ ᠠᠵᠤ ᠠᠬᠤᠶᠢᠯᠠᠯ ᠤᠨ ᠬᠦᠯᠢᠶᠡᠰᠦᠯᠡᠯ ᠢ ᠦᠨᠡᠨ ᠬᠦ ᠠᠯᠲᠠᠷᠭᠠᠵᠤ᠂ ᠳᠠᠷᠤᠭᠠᠰᠤ ᠶᠢ ᠦᠨᠡᠨ ᠬᠦ | ᠬᠦᠩᠭᠡᠷᠡᠭᠦᠯᠦᠨ᠎ᠡ᠃ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ | ᠤᠳᠤ ᠪᠠᠶᠢᠭ᠎ᠠ 301 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠰᠠᠭᠤᠷᠢᠨ ᠳᠡᠭᠡᠷ᠎ᠡ᠂ 2015 ᠣᠨ ᠳᠤ 78 | ᠵᠦᠢᠯ ᠢ ᠳᠣᠷᠣᠭᠰᠢ ᠪᠠᠭᠤᠯᠭᠠᠵᠤ᠂ 5 ᠵᠦᠢᠯ ᠢ ᠬᠦᠴᠦᠨ ᠦᠭᠡᠢ ᠪᠣᠯᠭᠠᠵᠤ᠂ 37 ᠵᠦᠢᠯ ᠢ ᠨᠡᠶᠢᠯᠡᠭᠦᠯᠦᠨ 16 | ᠵᠦᠢᠯ ᠪᠣᠯᠭᠠᠵᠤ᠂ 103 ᠵᠦᠢᠯ ᠤᠨ ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠵᠤ᠂ ᠦᠢᠯᠡᠳᠪᠦᠷᠢᠯᠡᠯ ᠤᠨ | ᠵᠥᠪᠰᠢᠶᠡᠷᠡᠯ ᠪᠣᠯᠣᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠢᠷᠢ ᠴᠢᠳᠠᠮᠵᠢ ᠶᠢᠨ ᠦᠨᠡᠮᠯᠡᠯ ᠤᠨ ᠬᠦᠴᠦᠨ ᠲᠠᠢ | ᠬᠤᠭᠤᠴᠠᠭᠠᠨ ᠳᠠᠬᠢ ᠬᠤᠪᠢᠷᠠᠭᠤᠯᠬᠤ ᠵᠦᠢᠯᠡᠰ ᠤᠨ ᠬᠢᠨᠠᠨ ᠵᠥᠪᠰᠢᠶᠡᠷᠡᠯ ᠢ ᠴᠤᠮᠬᠠᠳᠬᠠᠨ ᠳᠣᠷᠣᠭᠰᠢ ᠪᠠᠭᠤᠯᠭᠠᠵᠤ᠂ | 2017 ᠣᠨ ᠪᠣᠯᠬᠤ ᠳᠤ150 ᠠᠴᠠ ᠳᠡᠭᠡᠭᠰᠢ ᠵᠠᠰᠠᠭ ᠵᠠᠬᠢᠷᠭᠠᠨ ᠤ ᠡᠷᠬᠡ ᠶᠢ ᠠᠯᠬᠤᠮ ᠠᠯᠬᠤᠮ ᠢᠶᠠᠷ ᠳᠣᠭᠤᠭᠰᠢ | ᠪᠠᠭᠤᠯᠭᠠᠵᠤ᠂ ᠬᠦᠴᠦᠨ ᠦᠭᠡᠶ ᠪᠣᠯᠭᠠᠨ᠎ᠠ᠃ | ᠬᠥᠲᠥᠯᠥᠭᠴᠢ᠄ | ︽ᠰᠠᠨᠠᠯ︾ ᠨᠢ ᠵᠠᠰᠠᠭ ᠵᠠᠬᠢᠷᠭᠠᠨ ᠤ ᠡᠷᠬᠡ ᠶᠢ ᠴᠣᠮᠬᠠᠳᠬᠠᠬᠤ ᠬᠠᠷᠠᠯᠲᠠ ᠶᠢ ᠲᠥᠯᠥᠪᠵᠢᠭᠦᠯᠦᠭᠰᠡᠨ ᠠᠴᠠ | ᠭᠠᠳᠠᠨ᠎ᠠ᠂ ᠡᠯ᠎ᠡ ᠱᠠᠲᠤᠨ ᠤ ᠪᠡᠶᠡᠯᠡᠭᠦᠯᠬᠦ ᠴᠠᠭ ᠤᠨ ᠬᠢᠵᠠᠭᠠᠷ ᠲᠤ ᠪᠣᠳᠠᠲᠠᠶ ᠲᠣᠭᠲᠠᠭᠠᠯ ᠪᠠᠶᠢᠨ᠎ᠠ ᠤᠤ︖ | ᠹᠸᠡᠭ ᠶᠧ᠄ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠢᠨ | ᠶᠣᠰᠣᠭᠠᠷ᠂ 2015 ᠣᠨ ᠤ ᠡᠴᠦᠰ ᠠᠴᠠ ᠡᠮᠦᠨ᠎ᠡ᠂ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠᠨ ᠳᠤ | ᠲᠣᠲᠣᠷᠬᠠᠶᠢᠯᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢᠶᠠᠷ ᠰᠠᠭᠤᠷᠢ ᠪᠣᠯᠭᠠᠵᠤ᠂ ᠬᠠᠷᠢᠭᠤᠴᠠᠯᠭ᠎ᠠ ᠶᠢᠨ | ᠨᠠᠷᠢᠨ ᠳᠠᠩᠰᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠲᠣᠷᠬᠠᠶᠢᠯᠠᠨ᠂ ᠬᠠᠷᠢᠭᠤᠴᠠᠯᠭ᠎ᠠ | ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ︽ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ | ᠡᠷᠬᠡᠪᠰᠢ ᠭᠦᠢᠴᠡᠳᠬᠡᠨ᠎ᠡ︾᠃ ᠡᠯ᠎ᠡ ᠠᠶᠢᠮᠠᠭ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠰᠠᠯᠠᠭ᠎ᠠ ᠮᠦᠴᠢᠷ ᠤᠳ 2016 ᠣᠨ ᠤ ᠳᠡᠭᠡᠳᠦ ᠬᠠᠭᠠᠰ ᠵᠢᠯ ᠳᠤ ᠲᠤᠰ ᠱᠠᠲᠤᠨ ᠤ ᠬᠠᠷᠢᠭᠤᠴᠠᠯᠭ᠎ᠠ ᠶᠢᠨ ᠨᠠᠷᠢᠨ | ᠳᠠᠩᠰᠠ ᠶᠢ ᠪᠡᠶᠡᠯᠡᠭᠦᠯᠵᠦ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠤ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠰᠠᠯᠠᠭ᠎ᠠ ᠮᠦᠴᠢᠷ ᠤᠳ 2016 ᠣᠨ ᠤ ᠡᠴᠦᠰ ᠠᠴᠠ ᠡᠮᠦᠨ᠎ᠡ ᠳᠤᠰ ᠱᠠᠲᠤᠨ ᠤ | ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠡᠶᠡᠯᠡᠭᠦᠯᠬᠦ ᠬᠡᠷᠡᠭᠲᠡᠢ᠃ | ᠬᠥᠲᠥᠯᠥᠭᠴᠢ᠄ | ᠹᠸᠡᠭ ᠳᠠᠷᠤᠭ᠎ᠠ᠂ ᠲᠠᠨ ᠤ ᠰᠠᠶ᠋ᠢ ᠶᠢᠨ ᠳᠤᠷᠠᠳᠤᠭᠰᠠᠨ᠂ 2015 ᠣᠨ ᠳᠤ ᠮᠠᠨ ᠤ ᠥᠪᠥᠷ ᠮᠣᠩᠭᠤᠯ ᠤᠨ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠠᠴᠠ ᠵᠠᠰᠠᠭ ᠵᠠᠬᠢᠷᠭᠠᠨ ᠤ ᠡᠷᠬᠡ ᠶᠢᠨ 78 | ᠵᠦᠢᠯ ᠢ ᠳᠣᠷᠣᠭᠰᠢ ᠪᠠᠭᠤᠯᠭᠠᠵᠤ᠂ 5 ᠵᠦᠢᠯ ᠢ ᠬᠦᠴᠦᠨ ᠦᠭᠡᠢ ᠪᠣᠯᠭᠠᠵᠤ᠂ 37 ᠵᠦᠢᠯ ᠢ ᠨᠡᠶᠢᠯᠡᠭᠦᠯᠦᠨ 16 | ᠵᠦᠢᠯ ᠪᠣᠯᠭᠠᠵᠤ᠂ ᠵᠠᠰᠠᠭ ᠵᠠᠬᠢᠷᠭᠠᠨ ᠤ ᠡᠷᠬᠡ ᠶᠢᠨ 103 ᠵᠦᠢᠯ ᠢ ᠴᠣᠮᠬᠠᠳᠬᠠᠵᠤ᠂ ᠦᠢᠯᠡᠳᠪᠦᠷᠢᠯᠡᠯ ᠤᠨ | ᠵᠥᠪᠰᠢᠶᠡᠷᠡᠯ ᠢ ᠴᠣᠮᠬᠠᠳᠬᠠᠨ᠂ ᠳᠣᠷᠣᠭᠰᠢ ᠪᠠᠭᠤᠯᠭᠠᠬᠤ ᠪᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠢᠷᠢ | ᠴᠢᠳᠠᠮᠵᠢ ᠶᠢᠨ ᠦᠨᠡᠮᠯᠡᠯ ᠤᠨ ᠬᠦᠴᠦᠨ ᠲᠠᠢ ᠬᠤᠭᠤᠴᠠᠭᠠᠨ ᠳᠤ ᠬᠤᠪᠢᠷᠠᠭᠤᠯᠬᠤ ᠵᠦᠢᠯᠡᠰ ᠢ ᠬᠢᠨᠠᠨ ᠵᠥᠪᠰᠢᠶᠡᠷᠡᠵᠦ᠂ | 2017 ᠣᠨ ᠪᠣᠯᠬᠤ ᠳᠤ ᠵᠠᠰᠠᠭ ᠵᠠᠬᠢᠷᠭᠠᠨ ᠤ ᠡᠷᠬᠡ ᠶᠢᠨ 150 ᠠᠴᠠ ᠳᠡᠭᠡᠭᠰᠢ ᠵᠦᠢᠯ ᠢ ᠠᠯᠬᠤᠮ ᠠᠯᠬᠤᠮ ᠢᠶᠠᠷ | ᠳᠣᠭᠤᠭᠰᠢ ᠪᠠᠭᠤᠯᠭᠠᠵᠤ᠂ ᠬᠦᠴᠦᠨ ᠦᠭᠡᠶ ᠪᠣᠯᠭᠠᠨ᠎ᠠ᠃ ᠡᠶᠢᠮᠦ ᠠᠷᠪᠢᠨ ᠵᠠᠰᠠᠭ ᠵᠠᠬᠢᠷᠭᠠᠨ ᠤ ᠡᠷᠬᠡ ᠶᠢ ᠳᠣᠷᠣᠭᠰᠢ | ᠪᠠᠭᠤᠯᠭᠠᠪᠠᠯ᠂ ᠦᠨᠳᠦᠰᠦᠨ ᠱᠠᠲᠤ ᠲᠤᠰᠴᠤ ᠠᠪᠴᠤ ᠳᠡᠶᠢᠯᠦᠨ᠎ᠡ ᠤᠤ︖ ᠪᠢᠳᠡ ᠳᠤ ᠡᠳᠡᠭᠡᠷ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯ ᠢ ᠵᠠᠶ ᠵᠠᠪᠰᠠᠷ ᠦᠭᠡᠢ ᠵᠤᠯᠭᠠᠯᠳᠤᠭᠤᠯᠬᠤ ᠠᠷᠭ᠎ᠠ ᠬᠡᠮᠵᠢᠶ᠎ᠡ ᠪᠠᠶᠢᠨ᠎ᠠ | ᠤᠤ ᠭᠡᠵᠦ ᠠᠰᠠᠭᠤᠮᠠᠷ ᠪᠠᠶᠢᠨ᠎ᠠ︖ | ᠹᠸᠡᠭ ᠶᠧ᠄ | ᠡᠨᠡ ᠰᠠᠶᠢᠬᠠᠨ ᠠᠰᠠᠭᠤᠯ᠎ᠠ᠂ ᠬᠡᠯᠡᠯᠭᠡᠨ ᠦᠭᠡᠢ ᠡᠨᠡ ᠨᠢ ᠪᠠᠰᠠ ᠴᠤ ᠮᠠᠨ ᠤ ᠣᠳᠣᠬᠠᠨ ᠤ ᠭᠤᠣᠯᠳᠠᠯᠭ᠎ᠠ ᠲᠠᠢ | ᠪᠣᠳᠣᠯᠬᠢᠯᠠᠵᠤ ᠪᠠᠶᠢᠭ᠎ᠠ ᠨᠢᠭᠡ ᠠᠰᠠᠭᠤᠳᠠᠯ ᠮᠥᠨ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠡᠷᠬᠡ ᠶᠢ | ᠳᠣᠷᠣᠭᠰᠢ ᠪᠠᠭᠤᠯᠭᠠᠬᠤ ᠶᠢ ᠵᠤᠯᠭᠠᠭᠤᠯᠬᠤ ᠠᠵᠢᠯ ᠢ ᠰᠠᠶᠢᠲᠤᠷ ᠬᠢᠬᠦ ᠨᠢ᠂ ᠵᠠᠰᠠᠭ ᠤᠨ ᠣᠷᠳᠣᠨ ᠬᠢᠭᠡᠳ ᠵᠠᠬ᠎ᠠ | ᠳᠡᠯᠭᠡᠭᠦᠷ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠠᠵᠤ ᠠᠬᠤᠶᠢᠯᠠᠯ ᠤᠨ ᠬᠠᠷᠢᠴᠠᠭ᠎ᠠ ᠶᠢ | ᠰᠢᠯᠤᠭᠤᠳᠬᠠᠵᠤ᠂ ᠬᠤᠮᠠᠬᠢ ᠬᠡᠷᠡᠭ ᠶᠠᠪᠤᠳᠠᠯ ᠤᠨ ᠬᠠᠮᠢᠶᠠᠷᠤᠯᠲᠠ ᠶᠢ ᠪᠠᠭᠠᠰᠬᠠᠬᠤ᠂ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠰ ᠪᠡᠶ᠎ᠡ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠪᠣᠯᠭᠠᠵᠤ᠂ | ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠪᠠᠭᠤᠯᠭᠠᠭᠰᠠᠨ ︽ | ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠦᠢᠯᠡᠳᠬᠦ ᠨᠢᠭᠡᠴᠡ ᠶᠢᠨ ᠵᠥᠪᠰᠢᠶᠡᠷᠡᠯ︾ ᠵᠡᠷᠭᠡ ᠬᠢᠨᠠᠨ | ᠵᠥᠪᠰᠢᠶᠡᠷᠡᠬᠦ ᠵᠦᠢᠯᠡᠰ ᠢ ᠬᠦᠯᠢᠶᠡᠨ ᠠᠪᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠲᠡᠷᠡ ᠶᠠᠩᠵᠤ ᠪᠠᠷ ᠨᠢ | ᠵᠠᠯᠭᠠᠵᠤ ᠠᠪᠬᠤ ᠶᠢ ᠪᠠᠲᠤᠯᠠᠬᠤ ᠬᠡᠷᠡᠭᠲᠡᠢ︔ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠨᠢ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠬᠤ ᠶᠢᠨ ᠬᠠᠮᠲᠤ ᠪᠠᠰᠠ | ᠲᠥᠷᠥᠯ ᠵᠦᠢᠯ ᠬᠤᠪᠢᠶᠠᠨ ᠵᠤᠯᠭᠠᠯᠳᠤᠬᠤ ᠲᠥᠰᠦᠯ ᠲᠣᠭᠲᠠᠭᠠᠵᠤ᠂ ᠪᠡᠶᠡᠯᠡᠭᠦᠯᠬᠦ ᠬᠤᠭᠤᠴᠠᠭ᠎ᠠ᠂ ᠠᠵᠢᠯ ᠤᠨ | ᠱᠠᠭᠠᠷᠳᠠᠯᠭ᠎ᠠ ᠪᠣᠯᠣᠨ ᠡᠷᠬᠡ ᠮᠡᠳᠡᠯ ᠬᠠᠷᠢᠭᠤᠴᠠᠯᠭ᠎ᠠ ᠶᠢ ᠲᠣᠲᠣᠷᠬᠠᠶᠢᠯᠠᠵᠤ᠂ ᠳᠣᠷᠣᠭᠰᠢ ᠪᠠᠭᠤᠯᠭᠠᠭᠰᠠᠨ ᠤ ᠬᠤᠶᠢᠨ᠎ᠠ | ᠳᠠᠭᠠᠯᠳᠤᠭᠤᠯᠤᠯ ᠲᠥᠷᠥᠯ ᠵᠦᠢᠯ ᠵᠡᠷᠭᠡ ᠬᠡᠯᠪᠡᠷᠢ ᠶᠢ ᠨᠢ ᠥᠭᠡᠷᠡᠲᠡᠭᠦᠯᠦᠨ ᠠᠵᠤ ᠠᠬᠤᠢᠯᠠᠯ ᠤᠨ ᠳᠠᠷᠤᠭᠠᠰᠤ ᠶᠢ | ᠨᠡᠮᠡᠭᠳᠡᠭᠦᠯᠬᠦ ᠪᠠᠶᠢᠳᠠᠯ ᠭᠠᠷᠬᠤ ᠦᠭᠡᠢ ᠪᠠᠶᠢᠬᠤ ᠶᠢ ᠪᠠᠲᠤᠯᠠᠵᠤ᠂ ᠦᠨᠡᠨ ᠬᠦ ᠬᠦᠯᠢᠶᠡᠨ ᠠᠪᠴᠤ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ᠃ | ᠬᠥᠲᠥᠯᠥᠭᠴᠢ᠄ | ᠡᠨᠡ ᠤᠳᠠᠭ᠎ᠠ ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠭᠰᠠᠨ ᠤ ᠳᠠᠷᠠᠭ᠎ᠠ᠂ ᠠᠷᠠᠳ ᠢᠷᠭᠡᠳ ᠤᠴᠢᠷ | ᠶᠠᠪᠤᠳᠠᠯ ᠰᠢᠢᠳᠪᠦᠷᠢᠯᠡᠬᠦ ᠳᠤ ᠨᠡᠩ ᠳᠥᠭᠦᠮ ᠪᠣᠯᠣᠭᠰᠠᠨ ᠤᠤ︖ | ᠹᠸᠡᠭ ᠶᠧ᠄ | ᠨᠡᠩ ᠳᠥᠭᠦᠮ ᠪᠣᠯᠣᠭᠰᠠᠨ ᠢᠶᠠᠷ ᠪᠠᠷᠠᠬᠤ ᠦᠭᠡᠢ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠨᠡᠩ ᠠᠶ᠎ᠠ | ᠲᠠᠭᠠᠲᠠᠶ ᠪᠣᠯᠪᠠ᠃ ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠭᠰᠠᠨ ᠰᠠᠭᠤᠷᠢᠨ ᠳᠡᠭᠡᠷ᠎ᠡ᠂ ᠪᠢᠳᠠ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠪᠦᠬᠦ ᠲᠠᠯ᠎ᠠ ᠪᠠᠷ ᠰᠢᠯᠢᠳᠡᠭᠵᠢᠭᠦᠯᠪᠡ᠃ ︽ᠬᠦᠯᠢᠶᠡᠨ ᠠᠪᠴᠤ | ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠵᠥᠪᠰᠢᠶᠡᠷᠡᠬᠦ︾ ᠭᠤᠷᠪᠠ ᠶᠢ ᠰᠠᠯᠭᠠᠬᠤ ᠳᠦᠷᠢᠮ ᠢ ᠲᠡᠭᠦᠯᠳᠡᠷᠵᠢᠭᠦᠯᠵᠦ᠂ | ᠨᠢᠭᠡ ︽ᠴᠣᠩᠬᠤᠪᠴᠢ︾ ᠬᠦᠯᠢᠶᠡᠨ ᠠᠪᠴᠤ ᠰᠢᠢᠳᠪᠦᠷᠢᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ︔ ᠬᠢᠨᠠᠨ | ᠪᠠᠶᠢᠴᠠᠭᠠᠬᠤ ᠠᠵᠢᠯ ᠤᠨ ᠨᠠᠷᠢᠨ ᠳᠦᠷᠢᠮ ᠢ ᠲᠣᠭᠲᠠᠭᠠᠵᠤ᠂ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠨ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠬᠤ᠂ | ᠲᠣᠭᠲᠠᠭᠠᠬᠤ᠂ ᠬᠦᠷᠭᠡᠬᠦ ᠵᠡᠷᠭᠡ ᠵᠠᠩᠭᠢᠯᠠᠭ᠎ᠠ ᠶᠢ ᠬᠠᠯᠠᠨ ᠰᠠᠶᠢᠵᠢᠷᠠᠭᠤᠯᠵᠤ᠂ ᠬᠢᠨᠠᠨ ᠵᠥᠪᠰᠢᠶᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠪᠡ︔ ᠭᠦᠢᠴᠡᠳᠬᠡᠬᠦ ᠴᠠᠭ ᠤᠨ ᠬᠢᠵᠠᠭᠠᠷ ᠢ ᠠᠮᠠᠯᠠᠬᠤ ᠲᠦᠷᠢᠮ ᠢ | ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ ᠤᠳᠤ ᠪᠠᠶᠢᠭ᠎ᠠ ᠬᠢᠨᠠᠨ ᠵᠥᠪᠰᠢᠶᠡᠷᠡᠬᠦ | ᠵᠦᠢᠯᠡᠰ ᠤᠨ ᠡᠮᠦᠨᠡᠬᠢ ᠵᠠᠩᠭᠢᠯᠠᠭ᠎ᠠ ᠶᠢ ᠢᠯᠭᠠᠷᠠᠭᠤᠯᠤᠨ ᠳᠦᠭᠦᠮᠴᠢᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠭᠦᠢᠴᠡᠳᠬᠡᠵᠦ ᠳᠠᠭᠤᠰᠬᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠪᠣᠭᠤᠨᠢᠰᠬᠠᠵᠤ᠂ ᠨᠡᠶᠢᠭᠡᠮ ᠪᠠ ᠠᠵᠤ | ᠠᠬᠤᠶᠢᠯᠠᠯ ᠳᠤ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠴᠠᠭ ᠤᠨ ᠬᠢᠵᠠᠭᠠᠷ ᠢ 15 ᠠᠵᠢᠯᠯᠠᠬᠤ ᠡᠳᠦᠷ | ᠪᠣᠯᠭᠠᠵᠤ᠂ ᠬᠠᠤᠯᠢ ᠶᠣᠰᠣᠭᠠᠷ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠲᠤᠰᠬᠠᠶ ᠮᠡᠷᠭᠡᠵᠢᠯᠲᠡᠨ ᠢᠶᠠᠷ ᠬᠢᠨᠠᠨ | ᠲᠣᠭᠲᠠᠭᠠᠯᠭᠠᠬᠤ ᠴᠢᠬᠤᠯᠠᠲᠠᠢ ᠶᠢ ᠨᠢ 30 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠦᠨ᠎ᠡ ᠭᠡᠵᠦ ᠢᠯᠡ ᠪᠠᠷ | ᠠᠮᠠᠯᠳᠠᠪᠠ᠃ ᠡᠭᠦᠨ ᠤ ᠬᠠᠮᠲᠤ᠂ ᠪᠢᠳᠡ ᠪᠠᠰᠠ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠨ | ᠠᠬᠢᠭᠤᠯᠵᠤ᠂ 2015 ᠣᠨ ᠳᠤ ᠰᠦᠯᠵᠢᠶᠡᠨ ᠳᠡᠭᠡᠷ᠎ᠡ ᠰᠢᠢᠳᠪᠦᠷᠢᠯᠡᠬᠦ ᠮᠡᠳᠡᠭᠡ ᠵᠠᠩᠭᠢ ᠶᠢᠨ ᠰᠢᠰᠲ᠋ᠧᠮ ᠢ | ᠨᠡᠭᠡᠭᠡᠯᠲᠡ ᠬᠢᠵᠦ ᠪᠦᠲᠦᠭᠡᠨ ᠪᠠᠶᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠢ ᠤᠷᠢᠳᠴᠢᠯᠠᠨ ᠬᠦᠯᠢᠶᠡᠨ ᠠᠪᠴᠤ ᠰᠢᠢᠳᠪᠦᠷᠢᠯᠡᠬᠦ ᠪᠠ ᠤᠷᠢᠳᠴᠢᠯᠠᠨ ᠬᠢᠨᠠᠨ | ᠪᠠᠶᠢᠴᠠᠭᠠᠬᠤ ᠶᠢ ᠪᠡᠶᠡᠯᠡᠭᠦᠯᠵᠦ᠂ 2016 ᠣᠨ ᠪᠣᠯᠬᠤ ᠳᠤ ᠪᠤᠢ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ | ᠲᠥᠷᠥᠯ ᠵᠦᠢᠯ ᠤᠨ ᠪᠦᠬᠦ ᠴᠤᠪᠤᠷᠠᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠪᠠ ᠪᠠᠶᠢᠴᠠᠭᠠᠨ ᠯᠠᠪᠯᠠᠵᠤ ᠮᠡᠳᠡᠭᠳᠡᠬᠦ | ᠶᠢ ᠪᠡᠶᠡᠯᠡᠭᠦᠯᠦᠨ᠎ᠡ᠃ | ᠬᠥᠲᠥᠯᠥᠭᠴᠢ᠄ | ᠪᠢ ︽ᠰᠠᠨᠠᠯ︾ ᠳᠤ ᠮᠠᠨ ᠤ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠲᠣᠪᠴᠢᠶ᠎ᠠ ᠬᠢᠨᠠᠨ ᠬᠠᠷᠭᠤᠭᠤᠯᠬᠤ ᠲᠥᠪ ᠪᠠᠶᠢᠭᠤᠯᠤᠨ᠎ᠠ ᠭᠡᠰᠡᠨ ᠢ ᠤᠯᠵᠤ ᠬᠠᠷᠠᠪᠠ᠂ ᠬᠤᠯᠪᠣᠭᠳᠠᠯ | ᠪᠦᠬᠦᠢ ᠪᠠᠶᠢᠳᠠᠯ ᠢ ᠰᠦᠯᠵᠢᠶᠡᠨ ᠠᠨᠳᠠ ᠨᠠᠷ ᠲᠤ ᠲᠠᠨᠢᠯᠴᠠᠭᠤᠯᠤᠭᠠᠳ ᠦᠭᠭᠦᠨ᠎ᠡ ᠤᠤ︖ | ᠹᠧᠩ ᠶᠧ᠄ | ᠪᠤᠯᠤᠨ᠎ᠠ᠂ ︽ᠬᠦᠯᠢᠶᠡᠨ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠵᠦᠪᠰᠢᠶᠡᠷᠡᠬᠦ︾ ᠭᠤᠷᠪᠠ ᠶᠢ ᠰᠠᠯᠭᠠᠬᠤ | ᠳᠦᠷᠢᠮ ᠢ ᠲᠡᠭᠦᠯᠳᠡᠷᠵᠢᠭᠦᠯᠵᠦ᠂ ︽ᠬᠢᠨᠠᠨ ᠬᠠᠷᠭᠤᠭᠤᠯᠠᠬᠤ︾ ᠡᠨᠡ ᠬᠦ ᠪᠣᠭᠤᠮᠲᠠ ᠶᠢ ᠰᠠᠶᠢᠲᠤᠷ ᠠᠳᠬᠤᠬᠤ ᠶᠢᠨ | ᠲᠦᠯᠦᠭᠡ᠂ ᠮᠠᠨ ᠤ ᠲᠣᠪᠴᠢᠶ᠎ᠠ ᠲᠤᠰᠬᠠᠶ ᠬᠢᠨᠠᠨ ᠬᠠᠷᠭᠤᠭᠤᠯᠬᠤ ᠲᠥᠪ ᠪᠠᠶᠢᠭᠤᠯᠵᠤ᠂ ᠵᠠᠰᠠᠭ ᠵᠠᠬᠢᠷᠭᠠᠨ ᠤ | ᠵᠥᠪᠰᠢᠶᠡᠷᠡᠯ ᠢ ᠡᠷᠬᠢᠯᠡᠨ ᠰᠢᠢᠳᠪᠦᠷᠢᠯᠡᠬᠦ ᠳᠤ ᠬᠡᠷᠡᠭᠰᠡᠬᠦ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠬᠤ ᠵᠣᠬᠢᠶᠠᠨ | ᠪᠠᠶᠢᠭᠤᠯᠤᠯᠲᠠ ᠪᠠ ᠮᠥᠨ ᠴᠢᠨᠠᠷ ᠤᠨ ᠴᠢᠨᠠᠷᠲᠠᠶ ᠮᠡᠷᠭᠡᠵᠢᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠬᠢᠨᠠᠨ ᠲᠣᠭᠲᠠᠭᠠᠬᠤ ᠶᠠᠪᠤᠴᠠ ᠳᠤ ᠬᠢᠨᠠᠯᠲᠠ ᠲᠠᠯᠪᠢᠵᠤ᠂ ᠬᠢᠨᠠᠨ ᠲᠣᠭᠲᠠᠭᠠᠬᠤ ᠬᠥᠮᠦᠰ ᠢ ᠬᠠᠮᠢᠶᠠᠷᠬᠤ᠂ ᠵᠠᠰᠠᠭ | ᠵᠠᠬᠢᠷᠭᠠᠨ ᠤ ᠵᠥᠪᠰᠢᠶᠡᠷᠡᠯ ᠤᠨ ᠪᠢᠴᠢᠭ ᠵᠣᠬᠢᠶᠠᠵᠤ᠂ ᠬᠠᠮᠢᠶᠠᠷᠤᠯᠲᠠ᠂ ᠬᠢᠨᠠᠨ ᠬᠠᠷᠭᠤᠭᠤᠯᠬᠤ ᠮᠠᠲ᠋ᠧᠷᠢᠶᠠᠯ ᠢ | ᠬᠠᠳᠠᠭᠠᠯᠠᠨ᠎ᠠ᠃ ᠬᠢᠨᠠᠨ ᠬᠠᠷᠭᠤᠭᠤᠯᠬᠤ ᠵᠠᠰᠠᠭ ᠵᠠᠬᠢᠷᠭᠠᠨ ᠤ ᠵᠥᠪᠰᠢᠶᠡᠷᠡᠯ ᠤᠨ ᠭᠠᠷ ᠦᠨᠡᠮᠯᠡᠯ ᠬᠢᠬᠦ᠂ ᠬᠢᠨᠠᠨ | ᠬᠠᠷᠭᠤᠭᠤᠯᠬᠤ ᠮᠠᠲ᠋ᠧᠷᠢᠶᠠᠯ ᠳᠤ ᠬᠠᠮᠢᠶᠠᠷᠤᠯᠲᠠ᠂ ᠬᠠᠳᠠᠭᠠᠯᠠᠯᠲᠠ ᠬᠢᠨ᠎ᠡ᠃ ᠬᠢᠨᠠᠨ ᠬᠠᠷᠭᠤᠭᠤᠯᠬᠤ ᠲᠦᠪ | ᠰᠢᠢᠳᠪᠦᠷᠢᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠪᠦᠷᠢ ᠳᠤ ᠪᠠᠨ ᠬᠡᠷᠡᠭ ᠤᠨ ᠡᠪᠬᠡᠮᠡᠯ ᠪᠠᠶᠢᠭᠤᠯᠵᠤ᠂ ᠳᠠᠩᠰᠠ | ᠡᠪᠬᠡᠮᠡᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠨᠢᠭᠡᠳᠦᠯᠲᠡᠶ ᠳᠠᠩᠰᠠᠯᠠᠵᠤ ᠬᠠᠳᠠᠭᠠᠯᠠᠨ᠎ᠠ᠃ | ᠬᠥᠲᠥᠯᠥᠭᠴᠢ᠄ | 2014 ᠣᠨ ᠤ 7 ᠳ᠋ᠤᠭᠠᠷ ᠰᠠᠷ᠎ᠠ ᠳᠤ ᠨᠡᠶᠢᠲᠡᠯᠡᠨ ᠬᠡᠷᠡᠭᠵᠢᠭᠦᠯᠦᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠯᠠᠯᠳᠡ ᠶᠢᠨ ᠠᠵᠢᠯ ᠢ ᠲᠦᠯᠬᠢᠨ ᠠᠬᠢᠭᠤᠯᠬᠤ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠦᠭᠡᠳ ᠨᠢᠭᠡᠨᠲᠡ ᠨᠢᠭᠡ ᠵᠢᠯ ᠭᠠᠷᠤᠶ ᠪᠣᠯᠵᠠᠶ᠂ ᠲᠡᠭᠡᠭᠡᠪᠡᠯ | ᠪᠠᠷᠢᠮᠵᠢᠶᠠᠯᠠᠯᠲᠠ ᠶᠢᠨ ᠠᠵᠢᠯ ᠤᠨ ᠲᠠᠯ᠎ᠠ ᠪᠠᠷ ᠪᠢᠳᠠ ᠪᠠᠰᠠ ᠶᠠᠮᠠᠷ ᠲᠥᠯᠥᠪᠯᠡᠭᠡ ᠲᠤᠭᠲᠠᠭᠠᠬᠤ ᠭᠡᠵᠦ ᠪᠠᠶᠢᠭ᠎ᠠ ᠪᠤᠢ︖ | | ᠹᠧᠩ ᠶᠧ᠄ | ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠯᠠᠯᠳᠡ ᠶᠢᠨ ᠠᠵᠢᠯ ᠢ | ᠲᠦᠯᠬᠢᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠰᠠᠭᠤᠷᠢᠨ ᠳᠡᠭᠡᠷ᠎ᠡ᠂ ᠳᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠤᠨ ᠪᠠᠷᠢᠮᠵᠢᠶᠠᠲᠤ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠤᠨ᠎ᠠ᠃ ︽ᠠᠵᠤ | ᠠᠬᠤᠶᠢᠯᠠᠯ ᠤᠨ ᠪᠠᠷᠢᠮᠵᠢᠶ᠎ᠠ ᠶᠢ ᠳᠠᠩᠰᠠᠯᠠᠬᠤ ᠳᠦᠷᠢᠮ︾ ᠢ ᠰᠢᠯᠢᠳᠡᠭᠵᠢᠭᠦᠯᠬᠦ᠂ ᠳᠦᠬᠦᠮᠴᠢᠯᠡᠬᠦ ᠰᠠᠭᠤᠷᠢᠨ ᠳᠡᠭᠡᠷ᠎ᠡ᠂ | ᠠᠵᠤ ᠠᠬᠤᠶᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠪᠠᠷᠢᠮᠵᠢᠶ᠎ᠠ ᠪᠠᠨ ᠥᠪᠡᠷ ᠢᠶᠠᠨ ᠢᠯᠡᠷᠬᠡᠶᠢᠯᠡᠬᠦ ᠶᠢ ᠢᠯᠡ | ᠪᠣᠯᠭᠠᠬᠤ ᠪᠠ ᠬᠢᠨᠠᠯᠲᠠ ᠲᠠᠯᠪᠢᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠠᠵᠤ | ᠠᠬᠤᠶᠢᠯᠠᠯ ᠤᠨ ᠦᠢᠯᠡᠳᠬᠦᠨ ᠤ ᠪᠠᠷᠢᠮᠵᠢᠶ᠎ᠠ ᠶᠢᠨ ᠳᠠᠩᠰᠠᠯᠠᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠬᠦᠴᠦᠨ | ᠦᠭᠡᠢ ᠪᠣᠯᠭᠠᠨ᠎ᠠ︔ ᠠᠵᠤ ᠠᠬᠤᠶᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠪᠠᠷᠢᠮᠵᠢᠶ᠎ᠠ ᠪᠠᠨ ᠥᠪᠡᠷ ᠢᠶᠠᠨ | ᠢᠯᠡᠷᠬᠡᠶᠢᠯᠡᠬᠦ ᠶᠢ ᠢᠯᠡ ᠪᠤᠯᠭᠠᠬᠤ ᠶᠢ ᠦᠷᠨᠢᠭᠦᠯᠵᠦ᠂ ᠦᠢᠯᠡᠳᠬᠦᠨ ᠪᠠ ᠦᠢᠯᠡᠴᠢᠯᠡᠭᠡᠨ ᠤ ᠴᠢᠳᠠᠮᠵᠢ ᠶᠢ | ᠱᠠᠭᠠᠷᠳᠠᠯᠭ᠎ᠠ ᠪᠠ ᠮᠡᠷᠭᠡᠵᠢᠯ ᠤᠨ ᠭᠦᠢᠴᠡᠳᠬᠡᠬᠦ ᠲᠤᠭ᠎ᠠ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠶᠢᠨ ᠬᠠᠮᠲᠤ | ᠴᠢᠩᠭ᠎ᠠ ᠵᠢᠷᠤᠮᠯᠠᠬᠤ ᠪᠦᠭᠡᠳ ᠬᠠᠷᠢᠭᠤᠴᠠᠵᠤ᠂ ᠨᠡᠶᠢᠭᠡᠮ ᠪᠣᠯᠤᠨ ᠠᠵᠤ ᠠᠬᠤᠶᠢᠯᠠᠯ ᠶᠢᠨ ᠬᠢᠨᠠᠯᠲᠠ ᠶᠢ | ᠬᠦᠢᠯᠢᠶᠡᠬᠦ ᠪᠠᠨ ᠢᠯᠡ ᠪᠠᠷ ᠠᠮᠠᠯᠠᠭᠳᠠᠵᠠᠢ᠂ 2016 ᠣᠨ ᠳᠤ ᠡᠬᠢᠯᠡᠨ ᠡᠩ ᠲᠡᠷᠢᠭᠦᠨ ᠳᠤ ᠬᠥᠬᠡᠬᠤᠲᠠ᠂ | ᠲᠦᠩᠯᠢᠶᠣᠤ ᠬᠤᠲᠠ ᠥᠪᠡᠷ ᠤᠨ ᠢᠯᠡᠷᠬᠡᠶᠢᠯᠡᠯᠲᠡ ᠪᠠᠨ ᠢᠯᠡ ᠪᠣᠯᠭᠠᠬᠤ ᠳᠦᠷᠢᠮ ᠢ ᠬᠡᠷᠡᠭᠵᠢᠭᠦᠯᠵᠦ᠂ | ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ ᠠᠯᠬᠤᠮ ᠠᠯᠬᠤᠮ ᠢᠶᠠᠷ ᠪᠦᠬᠦ ᠤᠷᠤᠨ ᠳᠤ ᠳᠡᠯᠭᠡᠷᠡᠭᠦᠯᠦᠨ᠎ᠡ᠃ | ᠬᠥᠲᠥᠯᠥᠭᠴᠢ᠄ | ᠤᠳᠤ ᠡᠯ᠎ᠡ ᠭᠠᠵᠠᠷ ᠤᠨ ᠵᠠᠰᠠᠭ ᠤᠨ ᠣᠷᠳᠣᠨ ︽ᠨᠢᠭᠡ ᠦᠨᠡᠮᠯᠡᠯ ᠳᠤ ᠨᠢᠭᠡ ᠲᠦᠯᠦᠭᠡᠨ ᠤ ᠨᠤᠮᠧᠷ︾ ᠤᠨ | ᠳᠦᠷᠢᠮ ᠢ ᠨᠡᠶᠢᠳᠡᠮ ᠬᠡᠷᠡᠭᠵᠢᠭᠦᠯᠵᠡᠢ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠦᠯᠦᠭᠡᠨ ᠤ ᠨᠣᠮᠧᠷ ᠤᠨ ᠬᠢᠨᠠᠨ ᠬᠠᠮᠢᠶᠠᠷᠬᠤ ᠨᠢᠭᠡᠴᠡ ᠪᠣᠯᠤᠭᠰᠠᠨ ᠤ | ᠬᠤᠪᠢ ᠳᠤ ᠶᠠᠮᠠᠷ ᠬᠥᠳᠡᠯᠦᠯ ᠲᠠᠢ ᠪᠠᠶᠢᠬᠤ ᠪᠤᠢ︖ | ᠹᠧᠩ ᠶᠧ᠄ | ᠪᠢᠳᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠦᠯᠦᠭᠡᠨ ᠤ ᠨᠣᠮᠧᠷ ᠤᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ︽ᠨᠢᠭᠡ ᠦᠨᠡᠮᠯᠡᠯ ᠳᠤ ᠨᠢᠭᠡ | ᠲᠦᠯᠦᠭᠡᠨ ᠤ ᠨᠤᠮᠧᠷ︾ ᠲᠠᠢ ᠪᠠᠶᠢᠬᠤ ᠮᠡᠳᠡᠭᠳᠡᠯ ᠤᠨ ᠱᠠᠭᠠᠷᠳᠠᠯᠭ᠎ᠠ ᠶᠤᠰᠤᠭᠠᠷ᠂ ᠨᠢᠭᠡᠳᠦᠯᠲᠡᠢ ᠲᠦᠯᠦᠭᠡᠨ ᠤ | ᠨᠤᠮᠧᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠰᠠᠶᠢᠲᠤᠷ ᠬᠢᠵᠦ᠂ 2017 ᠣᠨ ᠤ ᠡᠴᠦᠰ ᠠᠴᠠ ᠡᠮᠦᠨ᠎ᠡ | ᠨᠢᠭᠡᠳᠦᠯᠳᠡᠢ ᠲᠦᠯᠦᠭᠡᠨ ᠤ ᠨᠤᠮᠧᠷ ᠤᠨ ᠳ᠋ᠠᠶᠢᠲ᠋ᠠ ᠶᠢᠨ ᠬᠦᠮᠦᠷᠭᠡ ᠪᠠᠶᠢᠭᠤᠯᠵᠤ᠂ ᠡᠯ᠎ᠡ ᠰᠠᠯᠠᠭ᠎ᠠ ᠮᠥᠴᠢᠷ ᠲᠤ | ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠨᠢᠭᠡᠳᠦᠯᠲᠡᠶ ᠲᠦᠯᠦᠭᠡᠨ ᠤ ᠨᠤᠮᠧᠷ ᠤᠯᠭᠤᠭᠰᠠᠨ ᠤ ᠳᠠᠷᠠᠭᠠᠬᠢ | ᠬᠢᠨᠠᠨ ᠬᠠᠷᠭᠤᠭᠤᠯᠬᠤ ᠠᠵᠢᠯ ᠢ ᠴᠢᠩᠭᠠᠳᠬᠠᠬᠤ ᠶᠢᠨ ᠬᠠᠮᠲᠤ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠨᠤᠮᠧᠷ ᠤᠨ | ᠮᠡᠳᠡᠭᠡ ᠵᠠᠩᠭᠢ ᠶᠢᠨ ᠬᠠᠷᠢᠭᠤ ᠳᠠᠮᠵᠢᠭᠤᠯᠬᠤ᠂ ᠪᠠᠷᠢᠮᠵᠢᠶ᠎ᠠ ᠲᠣᠭᠲᠠᠭᠠᠬᠤ ᠪᠠ ᠨᠤᠮᠧᠷ ᠣᠯᠭᠤᠬᠤ ᠠᠵᠢᠯ ᠢ ᠰᠠᠶᠢᠲᠤᠷ | ᠬᠢᠬᠦ ᠪᠤᠯᠤᠨ᠎ᠠ᠃ | ᠬᠥᠲᠥᠯᠥᠭᠴᠢ᠄ | ︽ᠰᠠᠨᠠᠯ︾ ᠳᠤ ᠳᠤᠷᠠᠳᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠳᠠᠪᠲᠠᠨ ᠪᠠᠶᠢᠴᠠᠭᠠᠵᠤ ᠦᠨᠡᠮᠯᠡᠯ | ᠰᠣᠯᠢᠬᠤ ᠬᠡᠯᠪᠡᠷᠢ ᠶᠢ ᠲᠡᠭᠦᠯᠳᠡᠷᠵᠢᠭᠦᠯᠦᠨ᠎ᠡ ᠭᠡᠵᠡᠢ᠂ ᠹᠸᠡᠭ ᠲᠣᠪᠴᠢᠶᠠᠨ ᠳᠠᠷᠤᠭ᠎ᠠ ᠡᠨᠡ ᠲᠠᠯ᠎ᠠ ᠶᠢᠨ ᠪᠠᠶᠢᠳᠠᠯ ᠢ | ᠲᠠᠨᠢᠯᠴᠠᠭᠤᠯᠵᠤ ᠥᠭᠭᠦᠨ᠎ᠡ ᠤᠤ︖ | ᠹᠧᠩ ᠶᠧ᠄ | ᠪᠤᠯᠤᠨ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠳᠠᠪᠲᠠᠨ ᠪᠠᠶᠢᠴᠠᠭᠠᠵᠤ ᠦᠨᠡᠮᠯᠡᠯ ᠰᠣᠯᠢᠬᠤ ᠬᠡᠯᠪᠡᠷᠢ ᠶᠢ | ᠲᠡᠭᠦᠯᠳᠡᠷᠵᠢᠭᠦᠯᠬᠦ ᠨᠢ ᠳᠠᠷᠤᠶ ᠵᠠᠰᠠᠭ ᠵᠠᠬᠢᠷᠭᠠᠨ ᠤ ᠵᠦᠪᠰᠢᠶᠡᠷᠡᠯ ᠤᠨ ᠲᠦᠷᠦᠯ ᠵᠦᠢᠯ ᠳᠤ ︽ᠤᠷᠢᠳᠠᠪᠠᠷ ᠦᠨᠡᠮᠯᠡᠯ | ᠣᠯᠭᠤᠵᠤ ᠲᠠᠷᠠᠭ᠎ᠠ ᠨᠢ ᠬᠢᠨᠠᠬᠤ︾ ᠲᠦᠷᠢᠮ ᠢ ᠰᠦᠪᠡᠭᠴᠢᠯᠡᠨ ᠪᠠᠶᠢᠭᠤᠯᠵᠤ᠂ ᠭᠤᠶᠤᠴᠢᠯᠠᠭᠴᠢ ᠨᠢ ᠥᠪᠡᠷ ᠤᠨ | ᠢᠯᠡᠷᠬᠡᠶᠢᠯᠡᠯᠲᠡ᠂ ᠮᠡᠳᠡᠭᠡ ᠵᠠᠩᠭᠢ ᠶᠢ ᠢᠯᠡ ᠪᠣᠯᠭᠠᠬᠤ᠂ ᠦᠨᠡᠮᠯᠡᠯl ᠤᠯᠭᠤᠭᠰᠠᠨ ᠤ ᠲᠠᠷᠠᠭ᠎ᠠ ᠨᠢ ᠰᠤᠭᠤᠴᠢᠨ | ᠪᠠᠶᠢᠴᠠᠭᠠᠬᠤ ᠠᠷᠭ᠎ᠠ ᠶᠢ ᠬᠡᠷᠡᠭᠵᠢᠭᠦᠯᠦᠨ᠎ᠡ᠃ 2016 ᠣᠨ ᠠᠴᠠ ᠡᠬᠢᠯᠡᠨ᠂ ᠰᠢᠯᠭᠠᠨ ᠪᠠᠶᠢᠴᠠᠭᠠᠵᠤ ᠪᠠᠶᠢᠴᠠᠭᠠᠨ | ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠲᠥᠷᠥᠯ ᠵᠦᠢᠯ ᠶᠢᠨ ᠬᠡᠮᠵᠢᠯᠲᠡ ᠳᠤ ᠲᠤᠷᠰᠢᠯᠲᠠ ᠶᠢᠨ ᠴᠢᠭ᠋ ᠭᠠᠷᠭᠠᠵᠤ᠂ ᠲᠤᠷᠰᠢᠯᠭ᠎ᠠ ᠪᠠᠨ ᠳ᠋ᠦᠩᠨᠡᠨ᠂ ᠲᠦᠷᠢᠮ | ᠲᠤᠭᠲᠠᠭᠠᠯ ᠢ ᠲᠡᠭᠦᠯᠳᠡᠷᠵᠢᠭᠦᠯᠵᠦ᠂ ᠪᠤᠰᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠦᠢᠯ ᠳᠤ ᠬᠦᠷᠲᠡᠯ᠎ᠡ | ᠠᠯᠬᠤᠮ ᠠᠯᠬᠤᠮ ᠢᠶᠠᠷ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ | ᠱᠠᠩᠨᠠᠯ ᠣᠯᠤᠭᠰᠠᠨ᠂ ᠲᠤᠮᠤ ᠬᠡᠯᠪᠡᠷᠢ ᠶᠢᠨ ᠪᠠ ᠵᠠᠬ᠎ᠠ ᠳᠡᠯᠭᠡᠭᠦᠷ ᠲᠤ ᠭᠠᠷᠭᠠᠬᠤ ᠠᠵᠤ ᠠᠬᠤᠶᠢᠯᠠᠯ ᠳᠤ ︽ᠰᠠᠭᠠᠳ | ᠥᠭᠡᠢ ᠨᠡᠪᠲᠡᠷᠡᠬᠦ ᠵᠠᠮ︾ ᠨᠡᠭᠡᠭᠡᠵᠦ᠂ ᠬᠢᠨᠠᠨ ᠵᠦᠪᠰᠢᠶᠡᠷᠡᠯ ᠢ ᠬᠡᠯᠡᠵᠦ ᠦᠭᠬᠦ ᠵᠠᠭᠪᠤᠷ ᠢ ᠬᠠᠶᠢᠨ ᠰᠦᠪᠡᠭᠴᠢᠯᠡᠨ | ᠬᠡᠷᠡᠭᠵᠢᠭᠦᠯᠵᠦ᠂ ᠪᠣᠳᠠᠲᠤ ᠭᠠᠵᠠᠷ ᠲᠤ ᠬᠢᠨᠠᠨ ᠪᠠᠶᠢᠴᠠᠭᠠᠯᠲᠠ ᠬᠢᠬᠦ ᠶᠢ ᠬᠡᠯᠲᠦᠷᠢᠭᠦᠯᠵᠦ᠂ ᠥᠷᠭᠡᠳᠬᠡᠬᠦ ᠵᠦᠢᠯ ᠤᠨ | ᠬᠢᠨᠠᠨ ᠰᠢᠯᠭᠠᠬᠤ ᠠᠭᠤᠯᠭ᠎ᠠ ᠶᠢ ᠪᠠᠭᠠᠰᠬᠠᠨ᠎ᠠ᠃ | ᠬᠥᠲᠥᠯᠥᠭᠴᠢ᠄ | ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠲᠠᠯ᠎ᠠ ᠪᠠᠷ ᠪᠢᠳᠡ ᠪᠠᠰᠠ ᠶᠠᠮᠠᠷ ᠠᠷᠭ᠎ᠠ ᠪᠠᠷᠢᠯ ᠠᠪᠤᠭᠰᠠᠨ | ᠪᠤᠢ︖ | ᠹᠧᠩ ᠶᠧ᠄ | ᠪᠢᠳᠡ ᠭᠤᠣᠯᠳᠠᠭᠤ ᠳᠣᠣᠷᠠᠬᠢ ᠮᠡᠲᠦ ᠬᠡᠳᠦᠨ ᠲᠠᠯ᠎ᠠ ᠶᠢᠨ ᠠᠵᠢᠯ ᠢ ᠦᠷᠨᠢᠭᠦᠯᠪᠡ᠃ ᠨᠢᠭᠡ ᠳᠤ ᠶᠠᠪᠤᠭᠤᠯᠵᠤ᠂ | ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠶᠠᠪᠤᠭᠤᠯᠪᠠ᠃ ᠣᠷᠣᠨ ᠤ | ᠲᠤᠪᠴᠢᠶ᠎ᠠ ᠶᠢᠨ ᠡᠯ᠎ᠡ ᠮᠡᠷᠭᠡᠵᠢᠯ ᠤᠨ ᠪᠠᠶᠢᠭᠤᠯᠤᠮᠵᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠦᠢᠯᠡᠴᠢᠯᠡᠭᠡᠨ ᠤ | ᠲᠢᠩᠬᠢᠮ ᠪᠠᠶᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠭᠤᠶᠤᠴᠢᠯᠠᠯ ᠢ ᠬᠦᠯᠢᠶᠡᠨ ᠠᠪᠴᠤ | ᠰᠢᠢᠳᠪᠦᠷᠢᠯᠡᠬᠦ᠂ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠵᠠᠭᠪᠤᠷ ᠬᠦᠯᠢᠶᠡᠨ ᠠᠪᠬᠤ᠂ ᠰᠢᠯᠭᠠᠨ ᠪᠠᠶᠢᠴᠠᠭᠠᠬᠤ ᠵᠠᠷᠤᠳᠠᠯ | ᠵᠢᠴᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠ ᠦᠨᠡᠮᠯᠡᠯ ᠣᠯᠭᠤᠬᠤ ᠵᠡᠷᠭᠡ ᠳᠤ ︽ᠨᠢᠭᠡ ᠦᠷᠳᠡᠭᠡᠯᠢᠭ︾ | ᠦᠢᠯᠡᠴᠢᠯᠡᠭᠡ ᠬᠠᠩᠭᠠᠵᠤ᠂ ︽ᠬᠦᠯᠢᠶᠡᠨ ᠠᠪᠬᠤ ᠴᠣᠩᠬᠤ︾ ᠳᠤ ᠭᠦᠢᠴᠡᠳᠬᠡᠬᠦ ᠶᠠᠪᠤᠴᠠ ᠪᠠ ᠬᠡᠷᠡᠭ ᠡᠷᠬᠢᠯᠡᠬᠦ | ᠵᠦᠭᠯᠡᠭᠦᠷ ᠢ ᠵᠠᠷᠯᠠᠵᠤ᠂ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ᠂ ᠭᠦᠢᠴᠡᠳᠬᠡᠬᠦ ᠴᠠᠭ ᠤᠨ ᠬᠢᠵᠠᠭᠠᠷ ᠢ ᠢᠯᠡ ᠪᠠᠷ | ᠠᠮᠠᠯᠠᠬᠤ᠂ ᠤᠷᠢᠳᠠᠪᠠᠷ ᠭᠠᠷᠳᠠᠭᠴᠢ ᠪᠦᠬᠦᠨ ᠢ ᠬᠠᠷᠢᠭᠤᠴᠠᠬᠤ ᠲᠦᠷᠢᠮ ᠢ ᠶᠠᠪᠤᠭᠤᠯᠤᠨ᠎ᠠ︔ ᠣᠨᠴᠠ ᠲᠦᠷᠦᠯ ᠤᠨ | ᠲᠤᠨᠤᠭ ᠲᠥᠬᠦᠭᠡᠷᠦᠮᠵᠢ᠂ ᠦᠢᠯᠡᠳᠬᠦᠨ ᠤ ᠶᠠᠰᠤ ᠴᠢᠨᠠᠷ᠂ ᠬᠡᠮᠵᠢᠯᠲᠡ ᠶᠢᠨ ᠰᠢᠯᠭᠠᠨ ᠪᠠᠶᠢᠴᠠᠭᠠᠵᠤ ᠪᠠᠶᠢᠴᠠᠭᠠᠨ | ᠬᠡᠮᠵᠢᠬᠦ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠠᠵᠤ ᠠᠬᠤᠶᠢᠯᠠᠯ᠂ ᠤᠯᠠᠨ ᠲᠦᠮᠡᠨ ᠤ | ᠬᠡᠷᠡᠭ ᠢ ᠲᠡᠷᠡ ᠳᠠᠷᠤᠶ ᠳᠤᠨᠢ ᠰᠢᠢᠳᠪᠦᠷᠢᠯᠡᠬᠦ ᠶᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠭᠡᠯ ᠢᠶᠠᠨ | ᠳᠡᠭᠡᠭᠰᠢᠯᠡᠭᠦᠯᠦᠨ᠎ᠡ᠃ ᠬᠤᠶᠠᠷ ᠲᠤ᠂ ᠬᠡᠷᠡᠭᠯᠡᠭᠴᠢ ᠶᠢᠨ ᠬᠠᠨᠤᠮᠵᠢ ᠶᠢᠨ ᠬᠡᠮᠵᠢᠶ᠎ᠡ ᠳᠤ ᠬᠡᠮᠵᠢᠨ ᠲᠣᠭᠲᠠᠭᠠᠯᠲᠠ ᠬᠢᠨ᠎ᠡ᠃ | ᠤᠯᠠᠨ ᠵᠦᠢᠯ ᠤᠨ ᠬᠡᠯᠪᠡᠷᠢ ᠶᠢᠨ ᠬᠡᠷᠡᠭᠯᠡᠭᠴᠢᠳ ᠤᠨ ᠬᠠᠷᠢᠭᠤ ᠰᠤᠷᠪᠤᠯᠵᠢᠯᠠᠭ᠎ᠠ ᠦᠷᠨᠢᠭᠦᠯᠵᠦ᠂ | ᠰᠠᠨᠠᠭᠠᠴᠢᠯᠠᠭ᠎ᠠ ᠠᠴᠠ ᠪᠠᠨ ᠬᠡᠷᠡᠭᠯᠡᠭᠴᠢ ᠲᠠᠢ ᠨᠠᠪᠲᠡᠷᠡᠯᠴᠡᠵᠦ᠂ ᠪᠠᠶᠢᠴᠠᠭᠠᠯᠲᠠ ᠶᠢᠨ ᠬᠦᠰᠦᠨᠦᠭᠲᠦ᠂ ᠳ᠋ᠢᠶᠠᠩᠬᠤᠸᠠ᠂ | ᠢᠮᠸᠢᠢᠯ᠂ ᠠᠵᠤ ᠠᠬᠤᠶᠢᠯᠠᠯ ᠬᠠᠷᠢᠭᠤ ᠰᠤᠷᠪᠤᠯᠵᠢᠯᠠᠬᠤ ᠵᠡᠷᠭᠡ ᠬᠡᠯᠪᠡᠷᠢ ᠪᠠᠷ ᠬᠠᠨᠤᠮᠵᠢᠲᠤ ᠬᠡᠮᠵᠢᠶ᠎ᠡ ᠶᠢᠨ ᠬᠢᠨᠠᠨ | ᠰᠢᠯᠭᠠᠯᠲᠠ ᠶᠢ ᠥᠷᠨᠢᠭᠦᠯᠬᠦ ᠶᠢᠨ ᠬᠠᠮᠲᠤ ᠬᠢᠨᠠᠨ ᠰᠢᠯᠭᠠᠵᠤ ᠦᠨᠡᠯᠡᠭᠰᠡᠨ ᠦᠷ᠎ᠡ ᠳ᠋ᠦᠩ ᠪᠠ ᠰᠠᠨᠠᠯ ᠰᠠᠨᠠᠭᠤᠯᠭ᠎ᠠ ᠳᠤ | ᠵᠠᠳᠠᠯᠤᠯᠲᠠ ᠬᠢᠵᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠤᠨ᠎ᠠ᠃ ᠭᠤᠷᠪᠠ ᠳᠤ᠂ ᠠᠵᠤ ᠠᠬᠤᠶᠢᠯᠠᠯ ᠳᠤ ᠨᠠᠷᠢᠯᠢᠭ ᠣᠨᠣᠴᠢᠲᠠᠶ ᠪᠠᠷ ᠬᠠᠪᠰᠤᠷᠴᠤ | ᠦᠢᠯᠡᠴᠢᠯᠡᠬᠦ ᠶᠢ ᠪᠡᠶᠡᠯᠡᠭᠦᠯᠦᠨ᠎ᠡ᠃ ᠠᠵᠤ ᠦᠢᠯᠡᠰ ᠤᠨ ᠬᠦᠭᠵᠢᠯᠲᠡ ᠪᠠ ᠠᠵᠤ ᠠᠬᠤᠶᠢᠯᠠᠯ ᠤᠨ ᠬᠡᠷᠡᠭᠴᠡᠭᠡ ᠶᠢᠨ | ᠲᠤᠭᠤᠷᠢᠨ ᠳᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠲᠤᠰ ᠲᠤᠰ ᠤᠨ ᠮᠡᠷᠭᠡᠵᠢᠯ ᠤᠨ | ᠳᠠᠪᠠᠭᠤᠯᠢᠭ ᠲᠠᠯ᠎ᠠ ᠶᠢ ᠤᠶᠠᠯᠳᠤᠭᠤᠯᠵᠤ᠂ ᠢᠳᠡᠪᠬᠢᠲᠡᠶ ᠪᠠᠷ ᠠᠵᠤ ᠠᠬᠤᠶᠢᠯᠠᠯ ᠲᠤ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠮᠡᠷᠭᠡᠵᠢᠯ ᠤᠨ ᠰᠤᠳᠤᠯᠤᠨ ᠨᠡᠭᠡᠭᠡᠬᠦ᠂ ᠪᠠᠷᠢᠮᠵᠢᠶᠠᠲᠤ ᠰᠢᠰᠲ᠋ᠧᠮᠵᠢ ᠶᠢᠨ ᠵᠥᠪᠯᠡᠯᠭᠡ ᠥᠭᠬᠦ᠂ | ᠶᠠᠰᠤ ᠴᠢᠨᠠᠷ ᠤᠨ ᠬᠠᠮᠢᠶᠠᠷᠤᠯᠲᠠ ᠪᠠ ᠠᠶᠤᠯ ᠤᠢᠭᠡᠢ ᠶᠢᠨ ᠠᠵᠢᠯᠲᠠᠳ ᠢ ᠪᠤᠯᠪᠠᠰᠤᠷᠠᠭᠤᠯᠤᠭᠰᠠᠨ ᠡᠰᠡᠬᠦ᠂ | ᠬᠡᠮᠵᠢᠯᠲᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠵᠡᠷᠭᠡ ︽ᠮᠠᠶ᠋ᠢᠭ︾ ᠤᠨ ᠦᠢᠯᠡᠴᠢᠯᠡᠭᠡ ᠬᠠᠩᠭᠠᠬᠤ︔ | ᠠᠵᠤ ᠠᠬᠤᠶᠢᠯᠠᠯ ᠪᠠ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠳᠤ ᠭᠦᠨᠵᠡᠭᠡᠶᠢᠷᠡᠵᠦ᠂ ᠲᠣᠭᠲᠠᠮᠠᠯ | ᠬᠤᠭᠤᠴᠠᠭ᠎ᠠ ᠲᠠᠢ ᠪᠠᠷ ᠠᠵᠤ ᠠᠬᠤᠶᠢᠯᠠᠯ ᠢ ᠬᠠᠪᠰᠤᠷᠴᠤ ᠶᠠᠰᠤ ᠴᠢᠨᠠᠷ ᠤᠨ ᠪᠠᠶᠢᠳᠠᠯ ᠢ ᠵᠠᠳᠠᠯᠵᠤ᠂ ᠦᠢᠯᠡᠳᠬᠦᠨ ᠤ | ᠬᠢᠷᠢ ᠲᠡᠩᠴᠡᠬᠦ ᠨᠣᠷᠮ᠎ᠠ ᠶᠢ ᠳᠡᠭᠡᠭᠰᠢᠯᠡᠭᠦᠯᠦᠨ᠎ᠡ︔ ᠠᠵᠤ ᠠᠬᠤᠶᠢᠯᠠᠯ ᠢ ᠬᠠᠪᠰᠤᠷᠴᠤ QC ᠳᠤᠭᠤᠶᠢᠯᠠᠩ ᠢ | ᠦᠷᠨᠢᠭᠦᠯᠵᠦ᠂ ᠭᠠᠷᠮᠠᠭᠠᠶ ᠠᠮᠵᠢᠯᠲᠠ ᠪᠦᠲᠦᠮᠵᠢ ᠶᠢᠨ ᠶᠠᠰᠤ ᠴᠢᠨᠠᠷ ᠤᠨ ᠬᠠᠮᠢᠶᠠᠷᠤᠯᠲᠠ ᠵᠡᠷᠭᠡ ᠶᠠᠰᠤ ᠴᠢᠨᠠᠷ ᠢ | ᠳᠡᠭᠡᠭᠰᠢᠯᠡᠭᠦᠯᠬᠦ ᠠᠵᠢᠯᠯᠠᠭ᠎ᠠ ᠶᠢ ᠳᠡᠯᠭᠡᠷᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠶᠠᠰᠤ ᠴᠢᠨᠠᠷ ᠤᠨ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠪᠣᠳᠠᠲᠤ ᠦᠷ᠎ᠡ ᠪᠦᠲᠦᠮᠵᠢ ᠤᠯᠬᠤ | ᠴᠢᠨᠠᠷ ᠢ ᠴᠢᠩᠭᠠᠳᠬᠠᠨ᠎ᠠ᠃ | ᠹᠧᠩ ᠶᠧ᠄ | ᠲᠦᠷᠪᠡ ᠳᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠮᠡᠷᠭᠡᠵᠢᠯ ᠤᠨ ᠦᠢᠯᠡᠴᠢᠯᠡᠭᠡ ᠶᠢ ᠰᠠᠶᠢᠲᠤᠷ ᠬᠢᠨ᠎ᠡ᠃ ᠬᠡᠮᠵᠢᠯᠲᠡ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ | ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠷᠢᠮᠵᠢᠶᠡᠭᠤᠯᠬᠤ᠂ ᠬᠡᠮᠵᠢᠬᠦ᠂ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠶᠢ ᠤᠶᠠᠯᠳᠤᠭᠤᠯᠤᠭᠰᠠᠨ ᠡᠨᠧᠷᠭᠢ ᠠᠷᠪᠢᠯᠠᠨ ᠬᠤᠷᠤᠭᠳᠠᠯ ᠢ ᠪᠠᠭᠠᠰᠬᠠᠬᠤ ᠦᠢᠯᠡᠴᠢᠯᠡᠭᠡᠨ ᠤ | ᠲᠣᠭᠲᠠᠴᠠ ᠶᠤᠰᠤᠭᠠᠷ᠂ ᠦᠨ᠎ᠡ ᠲᠥᠯᠥᠪᠦᠷᠢ ᠦᠭᠡᠢ ᠪᠠᠷ ᠪᠦᠬᠦ ᠣᠷᠣᠨ ᠤ ᠡᠨᠧᠷᠭᠢ ᠬᠡᠷᠡᠭᠯᠡᠬᠦ ᠭᠤᠣᠯᠳᠠᠯᠭ᠎ᠠ ᠲᠠᠢ | ᠠᠵᠤ ᠠᠬᠤᠶᠢᠯᠠᠯ ᠤᠨ ᠮᠡᠷᠭᠡᠵᠢᠯ ᠤᠨ ᠡᠨᠧᠷᠭᠢ ᠠᠷᠪᠢᠯᠠᠬᠤ ᠲᠤᠬᠠᠶ ᠵᠥᠪᠯᠡᠯᠭᠡ ᠥᠭᠬᠦ ᠦᠢᠯᠡᠴᠢᠯᠡᠭᠡ ᠬᠠᠩᠭᠠᠬᠤ︔ | ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ ᠪᠠᠷᠢᠮᠵᠢᠶ᠎ᠠ ᠶᠢ | ᠶᠡᠬᠡᠪᠡᠷ ᠳᠡᠯᠭᠡᠷᠡᠭᠦᠯᠵᠦ᠂ ᠨᠡᠭᠦᠷᠡᠰᠦ ᠲᠦᠯᠡᠬᠦ ᠵᠤᠤᠬ᠎ᠠ ᠶᠢᠨ ᠡᠨᠧᠷᠭᠢ ᠠᠷᠪᠢᠯᠠᠵᠤ ᠣᠷᠴᠢᠨ ᠲᠤᠭᠤᠷᠢᠨ ᠢ | ᠬᠠᠮᠠᠭᠠᠯᠠᠬᠤ ᠶᠢ ᠳᠡᠭᠡᠭᠰᠢᠯᠡᠭᠦᠯᠬᠦ ᠢᠨ᠋ᠵᠧᠨᠧᠷᠢᠩ ᠢ ᠲᠦᠷᠭᠡᠳᠬᠡᠨ ᠠᠬᠢᠭᠤᠯᠵᠤ᠂ ᠨᠡᠭᠦᠷᠡᠰᠦ ᠲᠦᠯᠡᠬᠦ ᠠᠵᠤ | ᠦᠢᠯᠡᠳᠪᠦᠷᠢ ᠶᠢᠨ ᠰᠢᠲᠠᠭᠠᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠨᠡᠶᠢᠳᠡᠮ ᠪᠠᠶᠢᠴᠠᠭᠠᠯᠲᠠ ᠥᠷᠨᠢᠭᠦᠯᠬᠦ᠂ | ᠰᠢᠲᠠᠭᠠᠯᠭ᠎ᠠ ᠶᠢᠨ ᠰᠢᠰᠲ᠋ᠧᠮ ᠤᠨ ᠠᠮᠤᠷ ᠲᠦᠪᠰᠢᠨ ᠡᠨᠧᠷᠬᠢ ᠠᠷᠪᠢᠯᠠᠬᠤ ᠪᠠᠷᠢᠮᠵᠢᠶᠠᠭᠰᠠᠨ ᠬᠠᠮᠢᠶᠠᠷᠤᠯᠲᠠ ᠶᠢ | ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠥᠷᠳᠡᠭ ᠪᠠ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠪᠠᠭᠠᠰᠬᠠᠨ᠎ᠠ᠃ ᠲᠠᠪᠤ ᠳᠤ᠂ | ᠶᠠᠰᠤ ᠴᠢᠨᠠᠷ ᠲᠤ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠶᠢᠨ ᠶᠡᠷᠦᠩᠬᠡᠶ ᠲᠤᠬᠠᠶᠢᠯᠠᠭᠰᠠᠨ ᠠᠵᠢᠯ ᠤᠨ | ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ︽ᠰᠦᠯᠵᠢᠶᠡᠨ ᠳᠡᠭᠡᠷ᠎ᠡ ᠬᠡᠷᠡᠭ ᠡᠷᠬᠢᠯᠡᠬᠦ ᠰᠢᠰᠲ᠋ᠧᠮ᠂ | ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠰᠢᠰᠲ᠋ᠧᠮ᠂ ᠬᠡᠷᠡᠭᠯᠡᠬᠦ ᠦᠢᠯᠡᠴᠢᠯᠡᠭᠡᠨ ᠤ | ᠰᠢᠰᠲ᠋ᠧᠮ︾ ᠭᠤᠷᠪᠠᠨ ᠶᠡᠭᠡ ᠰᠢᠰᠲ᠋ᠧᠮ ᠢ ᠪᠠᠶᠢᠭᠤᠯᠵᠤ᠂ ᠦᠢᠯᠡᠳᠬᠦᠨ ᠤ ᠶᠠᠰᠤ ᠴᠢᠨᠠᠷ᠂ ᠣᠨᠴᠠ ᠲᠦᠷᠦᠯ ᠤᠨ | ᠲᠤᠨᠤᠭ ᠲᠥᠬᠦᠭᠡᠷᠦᠮᠵᠢ ᠶᠢᠨ ᠠᠶᠤᠯᠭᠦᠶ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠᠶᠢᠳᠠᠯ ᠤᠨ ᠬᠢᠨᠠᠯᠲᠠ | ᠬᠠᠮᠢᠶᠠᠷᠤᠯᠲᠠ᠂ ᠪᠠᠷᠢᠮᠵᠢᠶᠠᠵᠢᠭᠰᠠᠨ᠂ ᠬᠡᠮᠵᠢᠯᠲᠡ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠶᠠᠷᠢᠶ᠎ᠠ | ᠬᠡᠯᠡᠯᠴᠡᠭᠡᠨ ᠤ ᠪᠠᠶᠢᠳᠠᠯ ᠤᠨ ᠵᠠᠳᠠᠯᠤᠯᠲᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠳᠠᠯ ᠬᠠᠭᠤᠷᠮᠠᠭ | ᠶᠠᠪᠤᠳᠠᠯ ᠳᠤ ᠴᠤᠬᠢᠯᠲᠠ ᠦᠭᠬᠦ ᠶᠡᠷᠦᠩᠬᠡᠶᠢᠯᠡᠭᠰᠡᠨ ᠮᠡᠳᠡᠭᠡ ᠵᠠᠩᠭᠢ᠂ ︽12365︾ ᠶᠠᠰᠤ ᠴᠢᠨᠠᠷ ᠤᠨ | ᠵᠠᠭᠠᠯᠳᠤᠵᠤ ᠴᠤᠬᠢᠯᠲᠠ ᠦᠭᠴᠦ ᠢᠯᠡᠴᠢᠯᠡᠨ ᠮᠡᠳᠡᠭᠦᠯᠬᠦ᠂ ︽96116︾ ᠴᠠᠬᠢᠯᠭᠠᠨ ᠱᠠᠲᠤ ᠶᠢᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠲᠠᠪᠴᠠᠩ ᠵᠡᠷᠭᠡ ᠰᠢᠰᠲ᠋ᠧᠮ ᠢ ᠬᠠᠮᠤᠷᠠᠨᠠ᠃ ᠲᠤᠬᠠᠶᠢᠯᠠᠭᠰᠠᠨ ᠠᠵᠢᠯ ᠤᠨ | ᠯᠠᠪᠯᠠᠯᠭ᠎ᠠ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠡᠷᠭᠡ ᠰᠦᠯᠵᠢᠶᠡᠨ | ᠳᠡᠭᠡᠷᠡᠬᠢ ᠦᠢᠯᠡᠴᠢᠯᠡᠭᠡ ᠶᠢ ᠨᠡᠪᠲᠡᠷᠡᠭᠦᠯᠵᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠣᠯᠢᠯᠴᠠᠭ᠎ᠠ᠂ | ᠦᠢᠯᠡᠳᠬᠦᠨ ᠤ ᠮᠡᠷᠭᠡᠵᠢᠯ ᠤᠨ ᠤᠨᠤᠰᠢᠯᠠᠯᠲᠠ᠂ ᠰᠦᠯᠵᠢᠶᠡᠨ ᠳᠡᠭᠡᠷ᠎ᠡ ᠠᠯᠤᠰ ᠬᠡᠳᠦ ᠶᠢᠨ ᠪᠤᠯᠪᠠᠰᠤᠷᠠᠭᠤᠯᠤᠯ ᠬᠢᠬᠦ | ᠵᠡᠷᠭᠡ ᠢᠨᠲ᠋ᠧᠷ ᠰᠦᠯᠵᠢᠶ᠎ᠡ + ᠦᠢᠯᠡᠴᠢᠯᠡᠭᠡᠨ ᠤ ᠬᠡᠯᠪᠡᠷᠢ ᠶᠢ ᠪᠡᠶᠡᠯᠡᠭᠦᠯᠦᠨ᠎ᠡ᠃ 2016 ᠤᠨ ᠤ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠪᠡᠶᠡᠯᠡᠭᠦᠯᠵᠦ᠂ 2017 ᠤᠨ ᠤ | 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠳᠠᠭᠤᠰᠬᠠᠨ᠎ᠠ᠃ | ᠹᠧᠩ ᠶᠧ᠄ | ᠵᠢᠷᠭᠤᠭ᠎ᠠ ᠳᠤ᠂ ᠪᠠᠷᠢᠮᠵᠢᠶᠠᠵᠢᠭᠤᠯᠬᠤ᠂ ᠬᠡᠮᠵᠢᠬᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ | ᠭᠡᠷᠡᠴᠢᠯᠡᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠡᠷᠴᠢᠮ ᠢ | ᠨᠡᠮᠡᠭᠳᠡᠭᠦᠯᠦᠨ᠎ᠡ᠃ ᠥᠪᠥᠷ ᠮᠣᠩᠭᠤᠯ ᠤᠨ ᠬᠡᠷᠡᠭᠵᠢᠭᠦᠯᠵᠦ ᠪᠠᠶᠢᠬᠤ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ | ᠪᠤᠳᠤᠯᠭ᠎ᠠ ᠳᠤ ᠢᠳᠡᠪᠬᠢᠲᠡᠶ ᠪᠠᠷ ᠦᠢᠯᠡᠴᠢᠯᠡᠵᠦ᠂ ᠬᠥᠬᠡᠬᠤᠲᠠ ᠪᠠᠷ ᠲᠦᠪ ᠪᠤᠯᠭᠠᠨ ᠪᠦᠲᠦᠭᠡᠨ ᠪᠠᠶᠢᠭᠤᠯᠵᠤ᠂ | ᠥᠪᠥᠷ ᠮᠣᠩᠭᠤᠯ ᠳᠤ ᠦᠢᠯᠡᠴᠢᠯᠡᠵᠦ᠂ ᠤᠮᠠᠷᠠᠰᠢ ᠨᠡᠭᠡᠭᠡᠬᠦ ᠤᠯᠤᠰ ᠤᠨ ᠲᠡᠰ ᠤᠨ ᠦᠢᠯᠡᠳᠬᠦᠨ ᠤ ᠶᠠᠰᠤ ᠴᠢᠨᠠᠷ ᠢ | ᠰᠢᠯᠭᠠᠨ ᠪᠠᠶᠢᠴᠠᠭᠠᠬᠤ ᠲᠥᠪ ᠪᠠ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠨᠡᠮᠡᠭᠳᠡᠭᠦᠯᠵᠦ᠂ ᠣᠷᠣᠨ ᠤ | ᠳᠣᠲᠣᠷ᠎ᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠡᠮᠬᠢᠯᠡᠨ ᠨᠡᠶᠢᠯᠡᠭᠦᠯᠬᠦ | ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠳᠡᠯᠡᠬᠡᠶ ᠳᠠᠬᠢ ᠨᠥᠯᠥᠭᠡᠯᠡᠬᠦ ᠬᠦᠴᠦᠨ ᠲᠠᠢ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠭᠡᠷᠡᠴᠢᠯᠡᠯ ᠤᠨ ᠳᠡᠭᠡᠳᠦ ᠮᠡᠷᠭᠡᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠢ ᠪᠠᠶᠢᠭᠤᠯᠤᠨ᠎ᠠ᠃ ᠳᠤᠮᠳᠠᠲᠤ᠂ ᠮᠣᠩᠭᠤᠯ᠂ ᠣᠷᠣᠰ ᠤᠨ ᠣᠯᠠᠨ ᠤᠯᠤᠰ ᠤᠨ ᠬᠡᠮᠵᠢᠯᠲᠡ ᠶᠢᠨ ᠲᠥᠪ | ᠪᠠᠶᠢᠭᠤᠯᠬᠤ ᠳᠡᠭᠡᠳᠦ ᠱᠠᠲᠤᠨ ᠤ ᠳᠡᠮᠵᠢᠯᠭᠡ ᠶᠢ ᠲᠡᠮᠡᠴᠡᠨ ᠤᠯᠵᠤ᠂ ᠤᠯᠠᠨ ᠤᠯᠤᠰ ᠤᠨ ᠬᠡᠮᠵᠢᠯᠲᠡ ᠶᠢᠨ | ᠨᠢᠭᠡᠴᠢ ᠶᠢᠨ ᠨᠢᠭᠡᠴᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠬᠦ︔ ︽ ᠳᠤᠮᠳᠠᠳᠤ ᠮᠣᠩᠭᠤᠯ ᠤᠨ | ᠪᠠᠷᠢᠮᠵᠢᠶᠠᠵᠢᠭᠰᠠᠨ ︵ᠥᠪᠥᠷ ᠮᠣᠩᠭᠤᠯ︶ ᠰᠤᠳᠤᠯᠭᠠᠨ ᠤ ᠲᠥᠪ︾᠂ ︽ᠳᠤᠮᠳᠠᠳᠤ ᠣᠷᠣᠰ ᠤᠨ ᠪᠠᠷᠢᠮᠵᠢᠶᠠᠭᠰᠠᠨ | ︵ᠥᠪᠥᠷ ᠮᠣᠩᠭᠤᠯ︶ ᠰᠤᠳᠤᠯᠭᠠᠨ ᠤ ᠲᠥᠪ︾ ᠪᠠᠶᠢᠭᠤᠯᠵᠤ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ | ᠪᠠᠷᠢᠮᠵᠢᠶᠠᠵᠢᠭᠰᠠᠨ ᠦᠢᠯᠡᠴᠢᠯᠡᠭᠡ ᠬᠠᠩᠭᠠᠬᠤ︔ ᠤᠯᠤᠰ ᠤᠨ ᠬᠤᠭᠤᠷᠣᠨᠳᠣᠬᠢ ᠣᠷᠣᠨ ᠪᠦᠰᠡ ᠶᠢᠨ ᠴᠢᠨᠠᠷᠲᠠᠶ | ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠵᠤ᠂ ᠰᠢᠯᠭᠠᠨ ᠪᠠᠶᠢᠴᠠᠭᠠᠵᠤ ᠬᠡᠮᠵᠢᠬᠦ ᠮᠡᠷᠭᠡᠵᠢᠯ ᠳᠤ | ᠲᠦᠬᠦᠮᠴᠢᠯᠡᠭᠰᠡᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠠᠷᠠᠯᠵᠢᠶᠠᠨ ᠤ ᠥᠪᠡᠷ ᠤᠨ ᠦᠷᠳᠡᠭ ᠢ | ᠪᠠᠭᠤᠷᠠᠭᠤᠯᠵᠤ᠂ ᠮᠠᠨ ᠤ ᠣᠷᠣᠨ ᠤ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠯᠳᠠᠷᠰᠢᠯ ᠪᠠ | ᠦᠷᠢᠰᠦᠯᠳᠦᠬᠦ ᠴᠢᠳᠠᠯ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ | ᠠᠵᠤ ᠠᠬᠤᠶ ᠠᠷᠠᠯᠵᠢᠶᠠᠨ ᠤ ᠬᠥᠭᠵᠢᠯᠲᠡ ᠶᠢ ᠠᠬᠢᠭᠤᠯᠤᠨ᠎ᠠ᠃ ᠲᠤᠯᠤᠭ᠎ᠠ ᠳᠤ᠂ ᠠᠵᠤ ᠠᠬᠤᠶᠢᠯᠠᠯ ᠳᠤ | ᠬᠤᠯᠪᠣᠭᠳᠠᠬᠤ ᠰᠦᠢᠳᠬᠡᠯ ᠬᠤᠷᠢᠶᠠᠬᠤ ᠲᠥᠷᠥᠯ ᠵᠦᠢᠯ ᠢ ᠢᠯᠭᠠᠷᠠᠭᠤᠯᠤᠨ᠎ᠠ᠃ ᠶᠠᠰᠤ ᠴᠢᠨᠠᠷ ᠲᠤ ᠬᠢᠨᠠᠯᠲᠠ | ᠲᠠᠯᠪᠢᠬᠤ ᠠᠵᠢᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠲᠥᠷᠥᠯ ᠵᠦᠢᠯ ᠢ ᠢᠯᠭᠠᠷᠠᠭᠤᠯᠬᠤ ᠠᠵᠢᠯ ᠢ | ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠳᠠᠩᠰᠠ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠵᠡᠷᠭᠡ 6 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠶᠢ ᠲᠤᠰᠬᠠᠶ ᠵᠦᠢᠯ ᠢᠶᠠᠷ | ᠢᠯᠭᠠᠷᠠᠭᠤᠯᠤᠨ ᠵᠢᠷᠤᠮᠵᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠶᠤᠰᠤᠭᠠᠷ᠂ ᠬᠤᠯᠪᠣᠭᠳᠠᠯ ᠪᠦᠬᠦᠢ | ᠰᠦᠢᠳᠬᠡᠯ ᠬᠤᠷᠢᠶᠠᠬᠤ ᠵᠦᠢᠯᠡᠰ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠦᠨᠳᠦᠰᠦᠯᠡᠯ | ᠪᠣᠯᠤᠨ ᠪᠢᠯᠧᠲ ᠪᠠᠷᠢᠮᠲᠠ ᠬᠡᠷᠡᠭᠯᠡᠬᠦ ᠵᠡᠷᠭᠡ ᠶᠢ ᠵᠢᠷᠤᠮᠵᠢᠭᠤᠯᠬᠤ ᠪᠠ ᠶᠠᠰᠤ ᠴᠢᠨᠠᠷ ᠲᠤ ᠬᠢᠨᠠᠯᠲᠠ ᠲᠠᠯᠪᠢᠵᠤ᠂ ᠬᠠᠤᠯᠢ | ᠴᠠᠭᠠᠵᠠ ᠶᠢᠨ ᠦᠨᠳᠦᠰᠦ ᠪᠠᠷᠢᠮᠲᠠ ᠦᠭᠡᠢ ᠰᠦᠢᠳᠬᠡᠯ ᠬᠤᠷᠢᠶᠠᠬᠤ ᠲᠥᠷᠥᠯ ᠵᠦᠢᠯ ᠢ ᠡᠷᠡᠰ ᠬᠦᠴᠦᠨ ᠦᠭᠡᠢ | ᠪᠤᠯᠭᠠᠵᠤ᠂ ︽ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠨᠢ ᠲᠣᠳᠣᠷᠬᠠᠶ ᠬᠠᠭᠤᠳᠠᠰᠤ ᠲᠠᠢ | ᠪᠠᠶᠢᠬᠤ᠂ ᠲᠣᠳᠣᠷᠬᠠᠶ ᠬᠠᠭᠤᠳᠠᠰᠤ ᠠᠴᠠ ᠪᠤᠰᠤᠳ ᠰᠦᠢᠳᠬᠡᠯ ᠢ ᠤᠭᠲᠤ ᠬᠤᠷᠢᠶᠠᠬᠤ ᠦᠭᠡᠢ︾ ᠪᠠᠶᠢᠬᠤ ᠶᠢ | ᠪᠠᠲᠤᠯᠠᠵᠤ᠂ ᠰᠦᠢᠳᠬᠡᠯ ᠬᠤᠷᠢᠶᠠᠬᠤ ᠵᠦᠢᠯᠡᠰ ᠢ ᠡᠷᠬᠡᠪᠰᠢ ᠵᠠᠷᠯᠠᠨ ᠨᠡᠶᠢᠲᠡᠯᠡᠬᠦ ᠬᠡᠷᠡᠭᠲᠡᠢ᠂ ᠨᠡᠶᠢᠲᠡ ᠳᠤ ᠵᠠᠷᠯᠠᠨ | ᠨᠡᠶᠢᠲᠡᠯᠡᠭᠰᠡᠨ ᠦᠭᠡᠢ ᠰᠦᠢᠳᠬᠡᠯ ᠬᠤᠷᠢᠶᠠᠬᠤ ᠲᠦᠷᠦᠯ ᠵᠦᠢᠯ ᠠᠴᠠ ᠴᠦᠮ ᠰᠦᠢᠳᠬᠡᠯ ᠬᠤᠷᠢᠶᠠᠵᠤ ᠪᠤᠯᠬᠤ ᠦᠭᠡᠢ᠃ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠥᠷᠢᠮ ᠢ ᠪᠠᠶᠢᠭᠤᠯᠤᠨ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ | ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠠᠤᠯᠢ ᠪᠠᠷ ᠲᠣᠭᠲᠠᠭᠠᠭᠰᠠᠨ ᠦᠨᠳᠦᠰᠦ ᠪᠠᠷᠢᠮᠲᠠ | ᠦᠭᠡᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠲᠥᠷᠥᠯ ᠵᠦᠢᠯ ᠪᠣᠯᠤᠨ ᠰᠦᠢᠳᠬᠡᠯ | ᠬᠤᠷᠢᠶᠠᠬᠤ ᠶᠢ ᠴᠥᠮ ᠬᠦᠴᠦᠨ ᠤᠢᠭᠡᠢ ᠪᠤᠯᠭᠠᠨ᠎ᠠ᠃ ᠠᠵᠢᠯ ᠲᠦᠷᠦᠯ ᠤᠨ ᠨᠡᠶᠢᠭᠡᠮᠯᠢᠭ ᠤᠨ ᠰᠦᠢᠳᠬᠡᠯ | ᠬᠤᠷᠢᠶᠠᠬᠤ ᠶᠢ ᠴᠡᠭᠴᠡᠯᠡᠨ ᠵᠢᠷᠤᠮᠵᠢᠭᠤᠯᠵᠤ᠂ ᠠᠵᠤ ᠠᠬᠤᠶᠢᠯᠠᠯ ᠢ ᠠᠯᠪᠠᠲᠠᠵᠤ ᠬᠤᠷᠠᠯ ᠨᠡᠶᠢᠭᠡᠮᠯᠢᠭ ᠳᠤ ᠤᠷᠤᠭᠤᠯᠵᠤ | ᠰᠦᠢᠳᠬᠡᠯ ᠬᠤᠷᠢᠶᠠᠬᠤ ᠵᠢᠴᠢ ᠠᠵᠤ ᠠᠬᠤᠶᠢᠯᠠᠯ ᠢ ᠠᠯᠪᠠᠳᠠᠵᠤ ᠵᠠᠷᠤᠳᠠᠯ ᠲᠤᠰᠢᠶᠠᠯᠭᠠᠵᠤ ᠡᠯ᠎ᠡ ᠲᠦᠷᠦᠯ ᠤᠨ ᠬᠤᠷᠠᠯ᠂ | ᠪᠤᠯᠪᠠᠰᠤᠷᠠᠭᠤᠯᠤᠯ᠂ ᠳᠡᠯᠭᠡᠨ ᠦᠵᠡᠭᠦᠯᠦᠯᠭᠡ᠂ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠪᠠ | ᠠᠯᠪᠠᠳᠠᠯᠭ᠎ᠠ ᠶᠢᠨ ᠴᠢᠨᠠᠷᠲᠠᠶ ᠳᠡᠮᠵᠢᠯᠭᠡ ᠬᠠᠨᠳᠢᠪᠯᠠᠯ ᠡᠷᠭᠦᠬᠦ ᠵᠡᠷᠭᠡ ᠦᠢᠯᠡ ᠠᠵᠢᠯᠯᠠᠭ᠎ᠠ ᠳᠤ ᠤᠷᠤᠯᠴᠠᠭᠤᠯᠬᠤ ᠶᠢ | ᠡᠷᠡᠰ ᠬᠤᠷᠢᠭᠯᠠᠨ᠎ᠠ ᠵᠤᠭᠰᠤᠭᠠᠨ᠎ᠠ᠃ | ᠹᠸᠡᠭ ᠶᠧ᠄ | ᠨᠠᠢᠮᠠ ᠳᠤ ᠵᠠᠷᠤᠳᠠᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠤᠯᠤᠰ᠂ | ᠥᠪᠡᠷᠲᠡᠭᠡᠨ ᠵᠠᠰᠠᠬᠤ ᠣᠷᠣᠨ ᠠᠴᠠ ᠠᠵᠤ ᠠᠬᠤᠶᠢᠯᠠᠯ ᠤᠳ ᠲᠤ ᠵᠠᠷᠤᠳᠠᠯ ᠢ ᠬᠠᠰᠤᠵᠤ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢ ᠡᠷᠡᠰ ᠬᠡᠷᠡᠭᠵᠢᠭᠦᠯᠪᠡ᠃ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ | ᠲᠥᠯᠥᠭᠡᠯᠡᠯ ᠲᠡᠮᠳᠡᠭ ᠤᠨ ᠦᠨᠡᠮᠯᠡᠯ ᠤᠨ ᠵᠠᠷᠤᠳᠠᠯ᠂ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠢᠨᠠᠨ | ᠪᠠᠶᠢᠴᠠᠭᠠᠯᠲᠠ ᠶᠢᠨ ᠵᠠᠷᠤᠳᠠᠯ ᠂ ᠨᠡᠶᠢᠭᠡᠮ ᠤᠨ ᠬᠠᠮᠲᠤ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢᠨ | ᠦᠨᠡᠮᠯᠡᠯ ᠤᠨ ᠵᠠᠷᠤᠳᠠᠯ ᠂ ᠪᠠᠷᠢᠮᠵᠢᠶ᠎ᠠ ᠪᠣᠳᠠᠰ ᠤᠨ ᠲᠡᠰ ᠢᠯᠭᠠᠬᠤ ᠦᠨᠡᠮᠯᠡᠯ ᠤᠨ ᠵᠠᠷᠤᠳᠠᠯ ᠂ ᠬᠡᠮᠵᠢᠯᠲᠡ ᠶᠢᠨ ᠪᠠᠭᠠᠵᠢ | ᠬᠡᠷᠡᠭᠰᠡᠯ ᠰᠡᠯᠪᠢᠨ ᠵᠠᠰᠠᠬᠤ ᠶᠢ ᠵᠥᠪᠰᠢᠶᠡᠷᠡᠭᠰᠡᠨ ᠬᠢᠨᠠᠨ ᠰᠢᠯᠭᠠᠬᠤ ᠵᠠᠷᠤᠳᠠᠯ᠂ ᠬᠡᠮᠵᠢᠯᠲᠡ ᠶᠢᠨ ᠰᠢᠯᠭᠠᠨ | ᠲᠣᠭᠲᠠᠭᠠᠭᠴᠢ ᠶᠢᠨ ᠬᠢᠨᠠᠨ ᠰᠢᠯᠭᠠᠬᠤ ᠵᠠᠷᠤᠳᠠᠯ᠂ ᠬᠡᠮᠵᠢᠯᠲᠡ ᠶᠢᠨ ᠰᠢᠯᠭᠠᠨ ᠲᠣᠭᠲᠠᠭᠠᠭᠴᠢ ᠶᠢᠨ ᠰᠢᠯᠭᠠᠵᠤ ᠬᠢᠨᠠᠬᠤ | ᠵᠠᠷᠤᠳᠠᠯ᠂ ᠤᠯᠤᠰ ᠤᠨ ᠳᠣᠲᠣᠭᠠᠳᠤ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠰᠢᠨ᠎ᠡ ᠦᠢᠯᠡᠳᠬᠦᠨ ᠤ ᠶᠠᠩᠵᠤ | ᠬᠡᠯᠪᠡᠷᠢ ᠶᠢ ᠵᠥᠪᠰᠢᠶᠡᠷᠡᠬᠦ ᠦᠨᠡᠮᠯᠡᠯ ᠤᠨ ᠵᠠᠷᠤᠳᠠᠯ᠂ ᠬᠡᠮᠵᠢᠯᠲᠡ ᠶᠢᠨ ᠡᠷᠬᠡ ᠣᠯᠭᠤᠬᠤ ᠰᠢᠯᠭᠠᠨ ᠬᠢᠨᠠᠬᠤ ᠵᠠᠷᠤᠳᠠᠯ | ᠵᠡᠷᠭᠡ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠵᠠᠷᠤᠳᠠᠯ ᠢ ᠬᠦᠴᠦᠨ ᠦᠭᠡᠢ ᠪᠣᠯᠭᠠᠪᠠ᠃ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ | ᠰᠠᠯᠠᠭ᠎ᠠ ᠮᠥᠴᠢᠷ ᠢ ᠢᠳᠡᠪᠬᠢᠲᠡᠢ ᠪᠠᠷ ᠵᠣᠬᠢᠴᠠᠭᠤᠯᠵᠤ᠂ ᠡᠯᠧᠺᠲᠷᠣᠨ ᠲᠥᠯᠥᠭᠡᠯᠡᠯ ᠲᠡᠮᠳᠡᠭ ᠤᠨ ᠦᠨᠡᠮᠯᠡᠯ ᠢᠶᠠᠨ | ᠭᠡᠭᠡᠭᠰᠡᠨ ᠢ ᠮᠡᠳᠡᠭᠦᠯᠬᠦ ᠵᠠᠷᠤᠳᠠᠯ ᠢ ᠬᠦᠴᠦᠨ ᠦᠭᠡᠢ ᠪᠣᠯᠭᠠᠵᠤ᠂ ᠭᠦᠢᠯᠭᠡᠭᠡᠨ ᠤ ᠬᠦᠷᠢᠶᠡᠨ ᠳᠠᠬᠢ ᠡᠯᠧᠺᠲᠷᠣᠨ | ᠵᠢᠭᠯᠡᠭᠦᠷ ᠵᠡᠷᠭᠡ ᠴᠢᠩᠭ᠎ᠠ ᠪᠠᠶᠢᠴᠠᠭᠠᠬᠤ ᠲᠥᠷᠥᠯ ᠵᠦᠢᠯ ᠤᠨ ᠵᠠᠷᠤᠳᠠᠯ ᠤᠨ ᠪᠠᠷᠢᠮᠵᠢᠶ᠎ᠠ ᠶᠢ 50 % ᠪᠠᠷ | ᠪᠠᠭᠤᠷᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ ᠵᠤᠤᠬᠠᠨ ᠤ ᠳᠠᠷᠤᠯᠲᠠᠲᠤ ᠰᠠᠪᠠ ᠶᠢ ᠲᠣᠬᠢᠷᠠᠭᠤᠯᠬᠤ᠂ ᠣᠨᠴᠠ ᠲᠦᠷᠦᠯ ᠤᠨ ᠲᠤᠨᠤᠭ | ᠲᠥᠬᠦᠭᠡᠷᠦᠮᠵᠢ ᠶᠢ ᠨᠠᠶᠢᠳᠠᠵᠤ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠷᠥᠯ ᠵᠦᠢᠯ ᠤᠨ ᠵᠠᠷᠤᠳᠠᠯ ᠤᠨ | ᠪᠠᠷᠢᠮᠵᠢᠶ᠎ᠠ ᠳᠤ᠂ 15 ᠲᠥᠷᠥᠯ ᠤᠨ ᠵᠠᠷᠤᠳᠠᠯ ᠤᠨ ᠪᠠᠷᠢᠮᠵᠢᠶ᠎ᠠ ᠶᠢ ᠲᠡᠭᠰᠢᠳᠬᠡᠭᠡᠳ 30 % ᠪᠠᠷ ᠪᠠᠭᠤᠷᠠᠭᠤᠯᠬᠤ᠂ | ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠰᠢᠯᠭᠠᠨ ᠪᠠᠶᠢᠴᠠᠭᠠᠬᠤ ᠮᠠᠲ᠋ᠧᠷᠢᠶᠠᠯ ᠢ ᠬᠢᠨᠠᠨ ᠪᠠᠶᠢᠴᠠᠭᠠᠬᠤ | ᠵᠠᠷᠤᠳᠠᠯ ᠢ ᠬᠦᠴᠦᠨ ᠦᠭᠡᠢ ᠪᠣᠯᠭᠠᠬᠤ᠂ ᠳᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠪᠠ ᠳᠠᠩᠰᠠ ᠡᠪᠬᠡᠮᠡᠯ ᠢ | ᠭᠠᠷᠭᠠᠵᠤ ᠠᠪᠬᠤ ᠵᠠᠷᠤᠳᠠᠯ ᠵᠡᠷᠭᠡ 3 ᠲᠥᠷᠥᠯ ᠤᠨ ᠵᠠᠷᠤᠳᠠᠯ ᠢ ᠬᠦᠴᠦᠨ ᠦᠭᠡᠢ ᠪᠤᠯᠭᠠᠬᠤ ᠶᠢ ᠴᠢᠩᠭ᠎ᠠ | ᠬᠡᠷᠡᠭᠵᠢᠭᠦᠯᠪᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠵᠦ᠂ | ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠡᠳᠦ ᠳᠡᠯᠭᠡᠭᠦᠷ᠂ ᠬᠤᠳᠠᠯᠳᠤᠭ᠎ᠠ ᠳᠤ ᠬᠡᠷᠡᠭᠯᠡᠵᠦ ᠪᠠᠶᠢᠭ᠎ᠠ ᠡᠯᠧᠺᠲᠷᠣᠨ | ᠵᠢᠭᠯᠡᠭᠦᠷ ᠪᠠ ᠰᠤᠮᠤ ᠰᠢᠶᠠᠩ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠬᠦᠷᠢᠶᠡᠯᠡᠩ ᠳᠤ ᠬᠡᠷᠡᠭᠯᠡᠵᠦ | ᠪᠠᠶᠢᠭ᠎ᠠ ᠴᠢᠰᠦᠨ ᠳᠠᠷᠤᠯᠲᠠ ᠶᠢᠨ ᠬᠡᠮᠵᠢᠭᠦᠷ᠂ ᠵᠢᠷᠦᠬᠡᠨ ᠤ ᠯᠤᠭᠰᠢᠯᠲᠠ ᠶᠢᠨ ᠵᠢᠷᠤᠭ ᠤᠨ ᠬᠡᠮᠵᠢᠭᠦᠷ ᠵᠡᠷᠭᠡ ᠬᠡᠮᠵᠢᠭᠦᠷ | ᠪᠠᠭᠠᠵᠢ ᠶᠢᠨ ᠬᠢᠨᠠᠨ ᠲᠤᠭᠲᠠᠭᠠᠬᠤ ᠵᠠᠷᠤᠳᠠᠯ ᠢ ᠡᠯ᠎ᠡ ᠱᠠᠲᠤᠨ ᠤ ᠠᠳᠠᠯᠢ ᠳᠡᠰ ᠤᠨ ᠡᠳ᠋ ᠤᠨ ᠵᠠᠰᠠᠭ ᠤᠨ | ᠲᠥᠰᠥᠪ ᠲᠤ ᠣᠷᠣᠭᠤᠯᠵᠤ᠂ ᠠᠷᠠᠳ ᠤᠨ ᠠᠮᠢᠳᠤᠷᠠᠯ ᠤᠨ ᠬᠡᠮᠵᠢᠯᠲᠡ ᠳᠤ ᠲᠥᠯᠥᠪᠦᠷᠢ ᠦᠭᠡᠢ ᠪᠠᠷ ᠰᠢᠯᠭᠠᠨ | ᠲᠣᠭᠲᠠᠭᠠᠬᠤ ᠶᠢ ᠬᠡᠷᠡᠭᠵᠢᠭᠦᠯᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠯᠳᠤᠨ᠂ | ᠬᠠᠤᠯᠢ ᠪᠠᠷ ᠲᠣᠭᠲᠠᠭᠠᠭᠰᠠᠨ ᠪᠤᠰᠤᠳ ᠰᠢᠯᠭᠠᠨ ᠪᠠᠶᠢᠴᠠᠭᠠᠬᠤ ᠵᠠᠷᠤᠳᠠᠯ ᠢ ᠡᠯ᠎ᠡ ᠱᠠᠲᠤᠨ ᠤ ᠡᠳ᠋ ᠤᠨ ᠵᠠᠰᠠᠭ ᠤᠨ | ᠲᠥᠰᠥᠪ ᠲᠤ ᠠᠯᠬᠤᠮ ᠠᠯᠬᠤᠮ ᠢᠶᠠᠷ ᠣᠷᠣᠭᠤᠯᠵᠤ᠂ ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠬᠤ ᠲᠥᠷᠥᠯ | ᠵᠦᠢᠯ ᠢ ᠲᠥᠯᠥᠪᠦᠷᠢ ᠦᠭᠡᠢ ᠪᠠᠷ ᠰᠢᠯᠭᠠᠨ ᠪᠠᠶᠢᠴᠠᠭᠠᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠶᠢᠰᠦ ᠳᠤ᠂ ᠪᠢᠴᠢᠯ | ᠠᠵᠤ ᠠᠬᠤᠶᠢᠯᠠᠯ ᠤᠨ ᠠᠩᠬ᠎ᠠ ᠠᠳᠠᠯ ᠦᠢᠯᠡᠰ ᠴᠣᠭᠴᠠᠯᠠᠬᠤ ᠬᠥᠭᠵᠢᠯᠲᠡ ᠶᠢ ᠲᠡᠳᠬᠦᠨ ᠳᠡᠮᠵᠢᠨ᠎ᠡ᠃ ᠪᠢᠴᠢᠯ ᠠᠵᠤ | ᠠᠬᠤᠶᠢᠯᠠᠯ ᠪᠠ ᠠᠩᠬ᠎ᠠ ᠠᠳᠠᠯ ᠦᠢᠯᠡᠰ ᠴᠣᠭᠴᠠᠯᠠᠵᠤ ᠪᠠᠶᠢᠭ᠎ᠠ ᠠᠵᠤ ᠠᠬᠤᠶᠢᠯᠠᠯ ᠤᠨ ᠬᠠᠰᠤᠵᠤ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠭᠰᠠᠨ ᠤ ᠰᠠᠭᠤᠷᠢᠨ ᠳᠡᠭᠡᠷ᠎ᠡ᠂ ᠲᠥᠯᠥᠪᠦᠷᠢ ᠦᠭᠡᠢ ᠪᠠᠷ | ᠠᠩᠬ᠎ᠠ ᠤᠳᠠᠭᠠᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠰᠢᠨ᠎ᠡ ᠪᠠᠷ ᠨᠡᠮᠡᠭᠳᠡᠭᠰᠡᠨ | ᠬᠡᠮᠵᠢᠯᠲᠡ ᠶᠢᠨ ᠪᠠᠭᠠᠵᠢ ᠬᠡᠷᠡᠭᠰᠡᠯ ᠢ ᠬᠢᠨᠠᠨ ᠲᠣᠭᠲᠠᠭᠠᠵᠤ᠂ ᠬᠤᠶᠠᠳᠠᠭᠢ ᠤᠳᠠᠭ᠎ᠠ ᠰᠢᠯᠭᠠᠨ ᠪᠠᠶᠢᠴᠠᠭᠠᠵᠤ᠂ ᠬᠢᠨᠠᠨ | ᠲᠣᠭᠲᠠᠭᠠᠬᠤ ᠳᠤ ᠵᠠᠷᠤᠳᠠᠯ ᠢ ᠬᠠᠭᠠᠰ ᠢᠶᠠᠷ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ | ᠬᠥᠲᠥᠯᠥᠭᠴᠢ᠄ | ᠦᠢᠯᠡᠳᠬᠦᠨ ᠤ ᠶᠠᠰᠤ ᠴᠢᠨᠠᠷ ᠢ ᠬᠢᠨᠠᠵᠤ ᠬᠠᠮᠢᠶᠠᠷᠬᠤ ᠲᠠᠯ᠎ᠠ ᠪᠠᠷ ᠪᠢᠳᠡ ᠶᠠᠮᠠᠷ ᠶᠠᠮᠠᠷ ᠠᠷᠭ᠎ᠠ | ᠬᠡᠮᠵᠢᠶ᠎ᠡ ᠠᠪᠤᠭᠰᠠᠨ ᠪᠣᠢ︖ | ᠹᠸᠡᠭ ᠶᠧ᠄ | ᠨᠢᠭᠡ ᠳᠤ᠂ ᠥᠪᠡᠷ ᠢᠶᠠᠨ ᠢᠯᠡᠷᠬᠡᠶᠢᠯᠡᠵᠦ᠂ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ | ︽ᠠᠵᠢᠯ ᠮᠡᠷᠭᠡᠵᠢᠯ ᠳᠤ ᠥᠪᠡᠷ ᠢ ᠪᠠᠨ ᠱᠠᠭᠠᠷᠳᠠᠬᠤ᠂ ᠥᠪᠡᠷ ᠢᠶᠠᠨ ᠢᠯᠡᠷᠬᠡᠶᠢᠯᠡᠬᠦ᠂ ᠲᠥᠷᠥᠯ ᠬᠤᠪᠢᠶᠠᠨ ᠬᠢᠨᠠᠬᠤ᠂ | ᠨᠡᠶᠢᠭᠡᠮ ᠨᠡᠶᠢᠲᠡ ᠬᠠᠮᠲᠤ ᠪᠠᠷ ᠵᠠᠰᠠᠬᠤ︾ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ | ᠠᠬᠤᠶᠢᠯᠠᠯ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ︽ᠬᠠᠤᠯᠢ ᠶᠢ ᠰᠠᠬᠢᠵᠤ ᠳᠦᠷᠢᠮ ᠢ ᠵᠢᠷᠤᠮᠯᠠᠬᠤ᠂ | ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠪᠠ ᠦᠨᠡᠨᠴᠢ ᠢᠲᠡᠭᠡᠮᠵᠢᠲᠡᠶ ᠪᠠᠶᠢᠬᠤ ᠪᠠᠶᠢᠳᠠᠯ︾ ᠢᠶᠠᠨ | ᠥᠪᠡᠷ ᠢᠶᠠᠨ ᠢᠯᠡᠷᠬᠡᠶᠢᠯᠡᠬᠦ ᠶᠢ ᠵᠣᠷᠢᠭᠵᠢᠭᠤᠯᠤᠨ᠎ᠠ᠃ 2016 ᠣᠨ ᠠᠴᠠ ᠡᠬᠢᠯᠡᠨ᠂ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠪᠠᠶᠢᠭᠤᠯᠤᠮᠵᠢ ᠥᠪᠡᠷ ᠢᠶᠠᠨ ᠢᠯᠡᠷᠬᠡᠶᠢᠯᠡᠬᠦ᠂ ︽ᠤᠷᠢᠳᠠᠪᠠᠷ ᠵᠥᠪᠰᠢᠶᠡᠷᠡᠵᠦ ᠳᠠᠷᠠᠭ᠎ᠠ ᠨᠢ | ᠰᠢᠯᠭᠠᠬᠤ︾ ︽ᠠᠭᠤᠵᠢᠭᠤ ᠵᠥᠪᠰᠢᠶᠡᠷᠡᠵᠦ ᠴᠢᠩᠭ᠎ᠠ ᠬᠠᠮᠢᠶᠠᠷᠬᠤ︾ ᠵᠠᠭᠪᠤᠷ ᠢ ᠰᠦᠪᠡᠭᠴᠢᠯᠡᠨ᠎ᠡ᠃ ᠦᠢᠯᠡᠳᠬᠦᠨ ᠤ | ᠶᠠᠰᠤ ᠴᠢᠨᠠᠷ ᠤᠨ ᠠᠶᠤᠯᠭᠦᠶ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ᠂ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠬᠠᠮᠲᠤᠷᠠᠯᠴᠠᠨ ᠵᠣᠬᠢᠴᠠᠯᠳᠤᠬᠤ ᠪᠠ ᠬᠠᠮᠲᠤᠷᠠᠯᠴᠠᠨ ᠰᠢᠢᠳᠪᠦᠷᠢᠯᠡᠬᠦ ᠲᠣᠭᠲᠠᠴᠠ ᠶᠢ ᠠᠯᠬᠤᠮ ᠠᠯᠬᠤᠮ ᠢᠶᠠᠷ | ᠪᠠᠶᠢᠭᠤᠯᠵᠤ᠂ ᠠᠳᠠᠯᠢ ᠪᠤᠰᠤ ᠠᠶᠤᠯ ᠲᠦᠭᠰᠢᠭᠦᠷᠢ ᠶᠢᠨ ᠲᠥᠷᠥᠯ ᠢᠯᠭᠠᠯ ᠣᠷᠣᠰᠢᠵᠤ ᠪᠠᠶᠢᠭ᠎ᠠ ᠪᠠᠶᠢᠭᠤᠯᠤᠮᠵᠢ᠂ | ᠠᠵᠤ ᠠᠬᠤᠶᠢᠯᠠᠯ᠂ ᠠᠵᠢᠯ ᠲᠥᠷᠥᠯ᠂ ᠭᠠᠵᠠᠷ ᠣᠷᠣᠨ᠂ ᠦᠢᠯᠡᠳᠬᠦᠨ ᠵᠢᠴᠢ ᠦᠢᠯᠡᠴᠢᠯᠡᠭᠡᠨ ᠤ ᠬᠢᠨᠠᠨ ᠬᠠᠮᠢᠶᠠᠷᠬᠤ | ᠵᠣᠬᠢᠴᠠᠩᠭᠤᠶ ᠠᠷᠭ᠎ᠠ ᠲᠣᠭᠲᠠᠭᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠲᠥᠷᠥᠯ ᠬᠤᠪᠢᠶᠠᠨ | ᠬᠢᠨᠠᠨ ᠬᠠᠮᠢᠶᠠᠷᠬᠤ ᠳᠠᠩᠰᠠ ᠡᠪᠬᠡᠮᠡᠯ ᠪᠠᠶᠢᠭᠤᠯᠤᠨ᠎ᠠ᠃ ᠬᠤᠶᠠᠷ ᠲᠤ᠂ ᠰᠤᠭᠤᠴᠢᠨ ᠪᠠᠶᠢᠴᠠᠭᠠᠯᠲᠠ ᠥᠷᠨᠢᠭᠦᠯᠵᠦ᠂ | ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠨ᠎ᠠ᠃ | ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠤᠭᠤᠴᠢᠬᠤ ᠪᠠᠶᠢᠴᠠᠭᠠᠯᠲᠠ ᠶᠢ ᠥᠷᠨᠢᠭᠦᠯᠵᠦ | ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠪᠠᠨ ᠵᠢᠷᠤᠮᠵᠢᠭᠤᠯᠬᠤ | ᠲᠤᠬᠠᠢ ᠮᠡᠳᠡᠭᠳᠡᠯ ︾ ᠢ ᠭᠦᠨᠵᠡᠭᠡᠢ ᠨᠠᠶᠢᠳᠠᠪᠤᠷᠢᠵᠢᠭᠤᠯᠵᠤ᠂ ᠶᠠᠰᠤ ᠴᠢᠨᠠᠷ ᠢ ᠪᠠᠶᠢᠴᠠᠭᠠᠬᠤ ᠰᠠᠯᠠᠭ᠎ᠠ ᠮᠥᠴᠢᠷ ᠵᠠᠰᠠᠭ | ᠵᠠᠬᠢᠷᠭᠠᠨ ᠤ ᠪᠠᠶᠢᠴᠠᠭᠠᠬᠤ ᠵᠦᠢᠯ᠂ ᠵᠠᠰᠠᠭ ᠵᠠᠬᠢᠷᠭᠠᠨ ᠤ ᠬᠢᠨᠠᠨ ᠲᠣᠭᠲᠠᠭᠠᠬᠤ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠨᠠᠷᠢᠨ ᠳᠠᠩᠰᠠ ᠶᠢ ᠬᠠᠤᠯᠢ ᠶᠣᠰᠣᠭᠠᠷ ᠡᠮᠬᠢᠯᠡᠨ᠎ᠡ᠃ 2016 ᠣᠨ ᠳᠤ ᠥᠪᠡᠷᠲᠡᠭᠡᠨ | ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠪᠠᠶᠢᠴᠠᠭᠠᠯᠲᠠ ᠶᠢᠨ ᠵᠦᠢᠯᠡᠰ ᠢ | ᠰᠤᠭᠤᠴᠢᠨ ᠪᠠᠶᠢᠴᠠᠭᠠᠬᠤ ᠨᠠᠷᠢᠨ ᠳᠠᠩᠰᠠ ᠪᠠ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠰᠤᠭᠤᠴᠢᠨ | ᠪᠠᠶᠢᠴᠠᠭᠠᠬᠤ ᠬᠥᠮᠥᠷᠭᠡ ᠶᠢ ᠠᠩᠬ᠎ᠠ ᠠᠯᠬᠤᠮ ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠲᠤ | ᠰᠤᠭᠤᠴᠢᠨ ᠪᠠᠶᠢᠴᠠᠭᠠᠬᠤ ᠶᠢ ᠬᠡᠷᠡᠭᠵᠢᠭᠦᠯᠵᠦ᠂ ᠰᠤᠭᠤᠴᠢᠨ ᠪᠠᠶᠢᠴᠠᠭᠠᠬᠤ ᠬᠠᠷᠢᠴᠠᠯ ᠢ 10 % ᠠᠴᠠ 20 % | ᠳᠤ ᠬᠦᠷᠦᠭᠦᠯᠦᠨ᠎ᠡ᠃ ᠭᠤᠷᠪᠠ ᠳᠤ᠂ ᠰᠤᠭᠤᠴᠢᠨ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠶᠢ ᠰᠠᠯᠭᠠᠭᠰᠠᠨ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠰᠢᠰᠲ᠋ᠧᠮ ᠬᠢᠨᠠᠯᠲᠠ ᠶᠢᠨ ᠪᠠᠶᠢᠭᠤᠯᠤᠮᠵᠢ ᠰᠤᠭᠤᠴᠢᠨ ᠪᠠᠶᠢᠴᠠᠭᠠᠬᠤ ᠪᠠ ᠬᠢᠨᠠᠯᠲᠠ ᠲᠠᠯᠪᠢᠬᠤ ᠶᠢ ᠰᠠᠯᠭᠠᠬᠤ ᠳᠦᠷᠢᠮ ᠢ | ᠪᠦᠷᠢᠨᠰᠢᠭᠦᠯᠵᠦ᠂ ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠪᠦᠷᠢᠨ ᠲᠥᠬᠦᠷ ᠠᠵᠢᠯ ᠤᠨ ᠲᠤᠭᠲᠠᠴᠠ ᠶᠢ | ᠪᠠᠶᠢᠭᠤᠯᠵᠤ᠂ ᠰᠤᠭᠤᠴᠢᠨ ᠪᠠᠶᠢᠴᠠᠭᠠᠭᠴᠢ ᠪᠠ ᠰᠢᠯᠭᠠᠨ ᠪᠠᠶᠢᠴᠠᠭᠠᠭᠴᠢ ᠶᠢ ᠪᠦᠷᠢᠮᠦᠰᠦᠨ ᠰᠠᠯᠭᠠᠵᠤ᠂ ᠦᠯᠢᠭᠡᠷ | ᠰᠣᠩᠭᠤᠬᠤ᠂ ᠦᠯᠢᠭᠡᠷ ᠤᠨ ᠮᠡᠳᠡᠭᠡ ᠵᠠᠩᠭᠢ ᠶᠢ ᠣᠷᠣᠭᠤᠯᠬᠤ᠂ ᠰᠢᠯᠭᠠᠨ ᠪᠠᠶᠢᠴᠠᠭᠠᠬᠤ ᠡᠯ᠎ᠡ ᠭᠤᠭᠴᠤᠭ᠎ᠠ ᠳᠤ | ᠬᠤᠪᠢ ᠬᠤᠪᠢᠨ ᠤ ᠠᠵᠢᠯ ᠢᠶᠠᠨ ᠬᠠᠮᠢᠶᠠᠷᠴᠤ᠂ ᠴᠢᠬᠤᠯᠠ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ | ᠲᠣᠭᠲᠠᠴᠠ ᠪᠠ ︽ᠪᠠᠯᠠᠢ ᠦᠯᠢᠭᠡᠷ︾ ᠤᠨ ᠴᠢᠩᠭ᠎ᠠ ᠳᠦᠷᠢᠮ ᠢ ᠪᠠᠶᠢᠭᠤᠯᠵᠤ᠂ ᠪᠠᠶᠢᠴᠠᠭᠠᠨ ᠬᠡᠮᠵᠢᠬᠦ ᠠᠵᠢᠯ ᠤᠨ | ᠪᠤᠰᠤᠳᠴᠢ᠂ ᠰᠢᠨᠵᠢᠯᠡᠬᠦ ᠤᠬᠠᠭᠠᠨᠴᠢ᠂ ᠲᠥᠪ ᠭᠤᠣᠯᠴᠢ ᠶᠢ ᠪᠠᠲᠤᠯᠠᠨ᠎ᠠ᠃ ᠳᠥᠷᠪᠡ ᠳᠤ᠂ ︽ᠨᠠᠷᠠᠨ ᠭᠡᠷᠡᠯᠲᠦ | ᠵᠠᠰᠠᠭ ᠵᠠᠬᠢᠷᠭ᠎ᠠ︾ ᠶᠢ ᠲᠦᠯᠬᠢᠨ ᠠᠬᠢᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ᠂ ᠬᠢᠨᠠᠯᠲᠠ ᠲᠠᠯᠪᠢᠵᠤ ᠪᠠᠶᠢᠴᠠᠭᠠᠬᠤ᠂ | ᠬᠠᠤᠯᠢ ᠬᠡᠷᠡᠭᠵᠢᠭᠦᠯᠵᠦ ᠬᠡᠷᠡᠭ ᠰᠢᠳᠭᠡᠬᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠡᠷᠭᠡ ᠬᠢᠨᠠᠯᠲᠠ ᠲᠠᠯᠪᠢᠬᠤ | ᠦᠢᠯᠡᠴᠢᠯᠡᠭᠡᠨ ᠤ ᠮᠡᠳᠡᠭᠡ ᠵᠠᠩᠭᠢ ᠶᠢ ᠨᠡᠶᠢᠭᠡᠮ ᠳᠤ ᠢᠯᠡ ᠪᠠᠷ ᠨᠡᠶᠢᠲᠡᠯᠡᠨ᠎ᠡ᠃ 2016 ᠣᠨ ᠤ 6 ᠳ᠋ᠤᠭᠠᠷ ᠰᠠᠷ᠎ᠠ | ᠶᠢᠨ ᠰᠡᠭᠦᠯᠴᠢ ᠠᠴᠠ ᠡᠮᠦᠨ᠎ᠡ᠂ ᠲᠠᠸᠠᠷ ᠤᠨ ᠦᠢᠯᠡᠳᠪᠦᠷᠢᠯᠡᠯ ᠤᠨ ᠵᠥᠪᠰᠢᠶᠡᠷᠡᠯ᠂ ᠣᠨᠴᠠᠭᠠᠢ ᠲᠥᠬᠦᠭᠡᠷᠦᠮᠵᠢ ᠶᠢᠨ | ᠦᠢᠯᠡᠳᠪᠦᠷᠢᠯᠡᠯ᠂ ᠬᠡᠷᠡᠭᠯᠡᠭᠡ᠂ ᠠᠷᠠᠴᠢᠯᠠᠨ ᠬᠠᠮᠠᠭᠠᠯᠠᠬᠤ᠂ ᠬᠡᠮᠵᠢᠯᠲᠡ ᠶᠢᠨ ᠬᠢᠨᠠᠨ ᠲᠣᠭᠲᠠᠭᠠᠯᠲᠠ ᠪᠠ ᠪᠠᠶᠢᠴᠠᠭᠠᠨ | ᠰᠢᠯᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠲᠤ ᠣᠷᠣᠬᠤ ᠨᠥᠬᠦᠴᠡᠯ ᠪᠠ ᠤᠬᠤᠷᠢᠨ ᠭᠠᠷᠬᠤ ᠳᠦᠷᠢᠮ ᠢ | ᠨᠡᠶᠢᠭᠡᠮ ᠳᠤ ᠢᠯᠡ ᠪᠠᠷ ᠨᠡᠶᠢᠲᠡᠯᠡᠨ᠎ᠡ︔ ᠬᠢᠨᠠᠯᠲᠠ ᠲᠠᠯᠪᠢᠵᠤ ᠪᠠᠶᠢᠴᠠᠭᠠᠬᠤ ᠲᠥᠷᠥᠯ ᠵᠦᠢᠯ᠂ ᠳᠡᠰ ᠳᠠᠷᠠᠭᠠᠯᠠᠯ | ᠬᠢᠭᠡᠳ ᠠᠭᠤᠯᠭ᠎ᠠ᠂ ᠵᠠᠷᠯᠢᠭ ᠤᠨ ᠴᠡᠭᠴᠡᠯᠡᠯᠲᠡ᠂ ᠲᠦᠷ ᠵᠣᠭᠰᠣᠭᠠᠬᠤ᠂ ᠬᠦᠴᠦᠨ ᠦᠭᠡᠢ ᠪᠣᠯᠭᠠᠬᠤ | ᠦᠨᠳᠦᠰᠦᠯᠡᠯ ᠢ ᠢᠯᠡ ᠪᠠᠷ ᠨᠡᠶᠢᠲᠡᠯᠡᠨ᠎ᠡ︔ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠠᠸᠠᠷ ᠵᠢᠴᠢ ᠲᠥᠷᠥᠯ ᠵᠦᠢᠯ᠂ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠶᠠᠪᠤᠴᠠ ᠪᠠ ᠵᠠᠷᠤᠳᠠᠯ ᠬᠤᠷᠢᠶᠠᠬᠤ ᠪᠠᠷᠢᠮᠵᠢᠶ᠎ᠠ ᠶᠢ ᠢᠯᠡ ᠪᠠᠷ ᠨᠡᠶᠢᠲᠡᠯᠡᠨ᠎ᠡ᠃ ᠵᠠᠰᠠᠭ ᠵᠠᠬᠢᠷᠭᠠᠨ ᠤ | ᠬᠠᠷᠢᠴᠠᠩᠭᠤᠢ ᠬᠦᠮᠦᠨ ᠪᠠ ᠦᠢᠯᠡᠴᠢᠯᠡᠭᠳᠡᠭᠴᠢ ᠶᠢᠨ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ | ᠪᠠᠲᠤᠯᠠᠨ᠎ᠠ᠃ ᠲᠠᠪᠤ ᠳᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠤᠰᠠᠯᠠᠨ᠎ᠠ᠃ ︽ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠬᠥᠲᠥᠯᠪᠦᠷᠢ ︵2014 —2020︶︾ ᠂ ︽ᠠᠵᠤ ᠠᠬᠤᠢ ᠶᠢᠨ ᠮᠡᠳᠡᠭᠡ ᠵᠠᠩᠭᠢ ᠶᠢᠨ | ᠨᠡᠶᠢᠲᠡᠯᠡᠯ ᠤᠨ ᠲᠦᠷ ᠬᠡᠷᠡᠭᠵᠢᠭᠦᠯᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠡᠶᠢᠲᠡ ᠶᠢᠨ ᠬᠡᠷᠡᠭᠯᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ᠵᠢᠴᠢ ᠬᠠᠮᠢᠶ᠎ᠠ | ᠪᠦᠬᠦᠢ ᠲᠣᠭᠲᠠᠭᠠᠯ ᠢ ᠦᠨᠳᠦᠰᠦᠯᠡᠨ᠂ 2016 ᠣᠨ ᠠᠴᠠ ᠠᠵᠤ ᠠᠬᠤᠶᠢᠯᠠᠯ᠂ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠪᠠᠶᠢᠭᠤᠯᠤᠮᠵᠢ ᠵᠡᠷᠭᠡ ᠬᠢᠨᠠᠨ ᠬᠠᠮᠢᠶᠠᠷᠤᠭᠳᠠᠭᠴᠢ ᠶᠢᠨ ᠲᠠᠸᠠᠷ ᠪᠠ ᠦᠢᠯᠡᠴᠢᠯᠡᠭᠡᠨ ᠤ ᠶᠠᠰᠤ ᠴᠢᠨᠠᠷ ᠤᠨ | ᠮᠡᠳᠡᠭᠡ ᠵᠠᠩᠭᠢ ᠶᠢ ᠨᠡᠶᠢᠭᠡᠮ ᠳᠤ ᠢᠯᠡ ᠪᠠᠷ ᠨᠡᠶᠢᠲᠡᠯᠡᠵᠦ᠂ ᠢᠲᠡᠭᠡᠯ ᠢ ᠰᠠᠬᠢᠬᠤ ᠵᠣᠷᠢᠭᠵᠢᠭᠤᠯᠤᠯ᠂ ᠢᠲᠡᠭᠡᠯ | ᠠᠯᠳᠠᠭᠰᠠᠳ ᠢ ᠵᠠᠯᠬᠠᠭᠠᠨ ᠲᠣᠷᠭᠠᠬᠤ ᠲᠣᠭᠲᠠᠴᠠ᠂ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠮᠵᠢ ᠶᠢᠨ | ᠳᠠᠩᠰᠠᠨ ᠡᠪᠬᠡᠮᠡᠯ ᠢ ᠪᠠᠶᠢᠭᠤᠯᠵᠤ᠂ ᠢᠲᠡᠭᠡᠮᠵᠢ ᠶᠢ ᠰᠦᠪᠡᠭᠴᠢᠯᠡᠬᠦ ᠮᠡᠲᠦ ᠳᠡᠰ ᠢᠯᠭᠠᠭᠰᠠᠨ ᠬᠠᠮᠢᠶᠠᠷᠤᠯᠲᠠ ᠶᠢ | ᠪᠠᠶᠢᠭᠤᠯᠤᠨ᠎ᠠ᠃ ᠲᠤᠰᠢᠶᠠᠯ ᠬᠡᠷᠡᠭᠵᠢᠭᠦᠯᠵᠦ ᠪᠠᠶᠢᠭ᠎ᠠ ᠶᠠᠪᠤᠴᠠ ᠳᠤ ᠭᠠᠷᠤᠭᠰᠠᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠬᠤᠪᠢᠷᠠᠯᠲᠠ᠂ ᠦᠷᠭᠦᠯᠵᠢᠯᠡᠭᠰᠡᠨ ᠮᠡᠳᠡᠭᠡ ᠵᠠᠩᠭᠢ ᠪᠠ ᠵᠠᠰᠠᠭ ᠵᠠᠬᠢᠷᠭᠠᠨ ᠤ ᠲᠣᠷᠭᠠᠭᠤᠯᠢ | ᠰᠢᠳᠬᠡᠯᠲᠡ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠩᠰᠠᠯᠠᠨ ᠣᠷᠣᠭᠤᠯᠵᠤ᠂ ︽ᠬᠠᠤᠯᠢ ᠶᠢ ᠰᠠᠬᠢᠨ᠂ | ᠦᠨᠡᠨᠴᠢ ᠢᠲᠡᠭᠡᠮᠵᠢᠲᠡᠢ︾ ᠠᠵᠤ ᠠᠬᠤᠶᠢᠯᠠᠯ ᠵᠢᠴᠢ ᠦᠢᠯᠡᠴᠢᠯᠡᠭᠡᠨ ᠤ ᠪᠠᠶᠢᠭᠤᠯᠤᠮᠵᠢ ᠶᠢ ᠨᠡᠶᠢᠲᠡᠯᠡᠵᠦ᠂ | ᠨᠡᠶᠢᠭᠡᠮ ᠤᠨ ᠬᠢᠨᠠᠯᠲᠠ ᠲᠠᠯᠪᠢᠬᠤ ᠳᠤ ᠳᠦᠭᠦᠮ ᠦᠵᠡᠭᠦᠯᠵᠦ᠂ ᠠᠵᠤ ᠠᠬᠤᠶᠢᠯᠠᠯ ᠪᠠ ᠦᠢᠯᠡᠴᠢᠯᠡᠭᠡᠨ ᠤ | ᠪᠠᠶᠢᠭᠤᠯᠤᠮᠵᠢ ᠶᠢᠨ ᠵᠥᠪ ᠡᠨᠧᠷᠭᠢ ᠶᠢ ᠬᠥᠭᠵᠢᠭᠦᠯᠵᠦ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ | ᠬᠥᠲᠥᠯᠥᠭᠴᠢ᠄ | ᠵᠠ ︕ ᠹᠧᠩ ᠲᠣᠪᠴᠢᠶᠠᠨ ᠳᠠᠷᠤᠭ᠎ᠠ ᠶᠢᠨ ᠨᠠᠷᠢᠨ ᠲᠠᠶᠢᠯᠤᠮᠵᠢ ᠳᠤ ᠲᠠᠯᠠᠷᠬᠠᠯ᠎ᠠ᠂ ᠮᠠᠨ ᠤ ᠣᠷᠣᠨ ᠤ | ᠶᠠᠰᠤ ᠴᠢᠨᠠᠷ ᠤᠨ ᠬᠢᠨᠠᠯᠲᠠ ᠲᠠᠯᠪᠢᠬᠤ ᠰᠢᠨ᠎ᠡ ᠨᠢᠭᠡᠨ ᠳᠡᠭᠲᠡᠷ ᠲᠤ ᠭᠠᠷᠬᠤ ᠶᠢ ᠠᠳᠡ ᠴᠢᠩ ᠰᠡᠳᠬᠢᠯ ᠠᠴᠠ ᠪᠠᠨ | ᠵᠦᠩᠨᠡᠶ᠎ᠡ᠃ ᠦᠷᠭᠡᠨ ᠤᠯᠠᠨ ᠰᠦᠯᠵᠢᠶᠡᠨ ᠠᠨᠳᠠ ᠨᠠᠷ ᠲᠤ ᠲᠠᠯᠠᠷᠬᠠᠯ᠎ᠠ᠂ ᠲᠤᠰ ᠤᠳᠠᠭᠠᠨ ᠤ ᠰᠤᠷᠪᠤᠯᠵᠢᠯᠠᠭ᠎ᠠ | ᠶᠠᠷᠢᠯᠴᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠳ᠋ᠤᠭᠠᠷ ᠲᠤ ᠪᠠᠨ ᠪᠠᠶᠠᠷᠲᠠᠢ ᠠᠭᠤᠯᠵᠠᠶ᠎ᠠ ︕ | | | |