ᠥᠪᠥᠷ ᠵᠠᠰᠠᠭ ᠠᠯᠪᠠᠨ ᠲᠠᠷᠬᠠᠭᠠᠭᠰᠠᠨ ﹇2015﹈ 114 ᠳ᠋ᠤᠭᠡᠷ ᠲᠤᠭᠠᠳᠤ | 2015 ᠣᠨ ᠤ 10 ᠳ᠋ᠤᠭᠠᠷ ᠰᠠᠷ᠎ᠠ ᠶᠢᠨ 26 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠬᠦᠳᠡᠭᠡ ᠲᠤᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠬᠡᠷᠡᠭᠵᠢᠭᠦᠯᠬᠦ ᠲᠦᠰᠦᠯ︾ ᠢ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠬᠦᠳᠡᠭᠡ ᠲᠤᠰᠬᠤᠨ ᠤ ᠡᠮᠴᠢ ᠶᠢᠨ ᠡᠩᠨᠡᠭᠭᠡ ᠶᠢᠨ ᠪᠦᠲᠦᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠦᠰᠦᠯ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠢ | ᠱᠠᠭᠠᠷᠳᠠᠯᠭ᠎ᠠ ᠶᠤᠰᠤᠭᠠᠷ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠠᠭᠤᠷᠢ ᠶᠢ ᠦᠨᠡᠨᠬᠦ ᠪᠠᠬᠢᠵᠢᠭᠦᠯᠬᠦ ᠶᠢᠨ ᠲᠤᠰᠠᠳᠠ᠂ ︽ | ᠬᠦᠳᠡᠭᠡ ᠲᠤᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2015﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠦᠬᠦ ᠣᠷᠣᠨ ᠤ | ᠬᠦᠳᠡᠭᠡ ᠲᠤᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ | ᠲᠤᠰᠠᠳᠠ᠂ ᠦᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠪᠠᠨ ᠤᠶᠠᠯᠳᠤᠭᠤᠯᠤᠨ᠂ ᠣᠨᠴᠤᠭᠤᠶᠢᠯᠠᠨ ᠲᠤᠰ | ᠬᠡᠷᠡᠭᠵᠢᠭᠦᠯᠬᠦ ᠲᠦᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ ᠪᠣᠯᠣᠨ ᠭᠤᠣᠯ ᠬᠠᠷᠠᠯᠲᠠ | ︵ᠨᠢᠭᠡ︶ ᠶᠡᠷᠦᠩᠬᠡᠢ ᠱᠠᠭᠠᠷᠳᠠᠯᠭ᠎ᠠ᠃ ︽ᠦᠨᠳᠦᠰᠦ ᠶᠢ ᠪᠠᠲᠤᠯᠠᠬᠤ᠂ ᠦᠨᠳᠦᠰᠦᠨ ᠱᠠᠲᠤ ᠶᠢ | ᠴᠢᠩᠭᠠᠳᠬᠠᠬᠤ᠂ ᠲᠣᠭᠲᠠᠴᠠ ᠶᠢ ᠪᠠᠶᠢᠭᠤᠯᠬᠤ︾ ᠵᠠᠷᠴᠢᠮ ᠢ ᠪᠠᠷᠢᠮᠲᠠᠯᠠᠵᠤ᠂ ᠪᠦᠬᠦ ᠣᠷᠣᠨ ᠤ ᠦᠨᠳᠦᠰᠦᠨ | ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ ᠤᠨ ᠠᠯᠤᠰ ᠬᠡᠳᠦ ᠶᠢᠨ ᠪᠠᠶᠢᠭᠤᠯᠤᠯᠲᠠ ᠠᠴᠠ ᠡᠭᠦᠰᠦᠨ᠂ ᠬᠦᠳᠡᠭᠡ | ᠲᠤᠰᠬᠤᠨ ᠤ ᠡᠮᠴᠢ ᠶᠢᠨ ᠦᠢᠯᠡᠴᠢᠯᠡᠭᠡᠨ ᠤ ᠵᠠᠭᠪᠤᠷ ᠪᠣᠯᠣᠨ ᠤᠷᠮᠠᠰᠢᠭᠤᠯᠬᠤ ᠲᠣᠭᠲᠠᠴᠠ ᠳᠤ ᠦᠭᠡᠷᠡᠴᠢᠯᠡᠯᠲᠡ | ᠬᠢᠵᠦ᠂ ᠬᠦᠳᠡᠭᠡ ᠲᠤᠰᠬᠤᠨ ᠤ ᠡᠮᠴᠢ ᠶᠢᠨ ᠨᠦᠬᠦᠪᠦᠷᠢ ᠣᠯᠭᠤᠬᠤ᠂ ᠪᠡᠶ᠎ᠡ ᠪᠠᠨ ᠰᠣᠪᠢᠯᠠᠬᠤ ᠪᠠ ᠬᠦᠮᠦᠵᠢᠭᠦᠯᠦᠨ | ᠪᠣᠯᠪᠠᠰᠤᠷᠠᠭᠤᠯᠬᠤ ᠲᠣᠬᠠᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠦᠳᠡᠭᠡ ᠲᠤᠰᠬᠤᠨ ᠤ | ᠡᠮᠴᠢ ᠶᠢᠨ ᠡᠩᠨᠡᠭᠡ ᠶᠢ ᠲᠤᠭᠲᠠᠪᠤᠷᠢᠵᠢᠭᠤᠯᠤᠨ ᠰᠢᠯᠢᠳᠡᠭᠵᠢᠭᠦᠯᠵᠦ᠂ ᠲᠤᠰᠬᠤᠨ ᠤ ᠱᠠᠲᠤ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠭᠤᠣᠯ ᠬᠠᠷᠠᠯᠲᠠ᠃ 10 ᠵᠢᠯ ᠰᠢᠬᠠᠮ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠪᠦᠬᠦ | ᠣᠷᠣᠨ ᠤ ᠬᠦᠳᠡᠭᠡ ᠲᠤᠰᠬᠤᠨ ᠤ ᠡᠮᠴᠢ ᠶᠢ ᠶᠡᠷᠦᠩᠬᠡᠢ ᠳᠡᠭᠡᠨ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠠᠴᠠ ᠳᠡᠭᠡᠭᠰᠢᠬᠢ ᠰᠤᠷᠤᠯᠴᠠᠭᠰᠠᠨ ᠨᠠᠮᠲᠠᠷ ᠢ ᠪᠦᠷᠢᠯᠳᠦᠭᠦᠯᠬᠦ ᠪᠠᠷ ᠴᠢᠷᠮᠠᠶᠢᠵᠤ᠂ ᠠᠵᠢᠯ ᠡᠷᠬᠢᠯᠡᠬᠦ | ᠲᠤᠰᠠᠯᠠᠭᠴᠢ ᠶᠡᠭᠡ ᠡᠮᠴᠢ ᠠᠴᠠ ᠳᠡᠭᠡᠭᠰᠢᠬᠢ ᠬᠢᠷᠢ ᠭᠡᠮ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ 2020 | ᠣᠨ ᠪᠣᠯᠲᠠᠯ᠎ᠠ᠂ ᠪᠦᠬᠦ ᠣᠷᠣᠨ ᠤ ᠬᠦᠳᠡᠭᠡ ᠲᠤᠰᠬᠤᠨ ᠤ 30% ᠠᠴᠠ ᠳᠡᠭᠡᠭᠰᠢᠬᠢ ᠡᠮᠴᠢ ᠨᠠᠷ ᠬᠦᠳᠡᠭᠡ | ᠲᠤᠰᠬᠤᠨ ᠤ ᠶᠡᠷᠦᠩᠬᠡᠢ ᠰᠠᠯᠠᠭᠠᠨ ᠤ ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ ᠶᠢᠨ ᠬᠢᠷᠢ ᠭᠡᠮ ᠢ ᠬᠦᠷᠲᠡᠭᠡᠵᠦ᠂ | ᠬᠦᠳᠡᠭᠡ ᠲᠤᠰᠬᠤᠨ ᠤ ᠡᠮᠴᠢ ᠶᠢᠨ ᠵᠦᠢ ᠵᠣᠬᠢᠰᠲᠠᠢ ᠣᠯᠭᠤᠮᠵᠢ ᠶᠢ ᠰᠠᠶᠢᠲᠤᠷ ᠪᠠᠲᠤᠯᠠᠨ᠂ ᠨᠠᠰᠤ ᠵᠢᠯ ᠪᠣᠯᠣᠨ | ᠰᠤᠷᠤᠯᠴᠠᠭᠰᠠᠨ ᠨᠠᠮᠲᠠᠷ ᠤᠨ ᠪᠦᠲᠦᠴᠡ ᠨᠢ ᠵᠣᠬᠢᠰᠲᠠᠢ᠂ ᠠᠵᠢᠯ ᠡᠷᠬᠢᠯᠡᠬᠦ ᠬᠢᠷᠢ ᠭᠡᠮ ᠨᠢ ᠱᠠᠭᠠᠷᠳᠠᠯᠭ᠎ᠠ ᠳᠤ | ᠬᠦᠷᠦᠭᠰᠡᠨ᠂ ᠲᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ ᠨᠢ ᠨᠡᠯᠢᠶᠡᠳ ᠦᠨᠳᠦᠷ᠂ ᠦᠢᠯᠡᠴᠢᠯᠡᠭᠡᠨ ᠤ | ᠴᠢᠳᠠᠪᠤᠷᠢ ᠨᠢ ᠨᠡᠯᠢᠶᠡᠳ ᠰᠠᠶᠢᠨ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠴᠡᠭᠡ ᠳᠤ ᠵᠣᠬᠢᠴᠠᠭᠰᠠᠨ ᠬᠦᠳᠡᠭᠡ | ᠲᠤᠰᠬᠤᠨ ᠤ ᠡᠮᠴᠢ ᠶᠢᠨ ᠡᠩᠨᠡᠭᠡ ᠶᠢ ᠦᠨᠳᠦᠰᠦᠨ ᠳᠡᠭᠡᠨ ᠪᠠᠶᠢᠭᠤᠯᠵᠤ᠂ ᠦᠨᠳᠦᠰᠦᠨ ᠱᠠᠲᠤᠨ ᠳᠤ ᠤᠷᠢᠳᠠᠪᠠᠷ | ᠡᠮᠨᠡᠭᠦᠯᠬᠦ᠂ ᠱᠠᠲᠤ ᠬᠤᠪᠢᠶᠠᠨ ᠣᠨᠣᠰᠢᠯᠠᠨ ᠡᠮᠨᠡᠭᠦᠯᠬᠦ ᠳᠦᠷᠢᠮ ᠤᠨ ᠬᠡᠷᠡᠭᠵᠢᠭᠦᠯᠦᠯᠲᠡ ᠶᠢ ᠪᠦᠲᠦᠮᠵᠢᠲᠡᠢ | ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠲᠡᠩᠴᠡᠭᠦᠷᠢᠲᠡᠢ ᠣᠯᠠᠨ ᠨᠡᠶᠢᠲᠡ ᠶᠢᠨ | ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠣᠯᠣᠨ ᠠᠮᠦᠷ ᠲᠥᠪᠰᠢᠨ᠂ ᠪᠦᠲᠦᠮᠵᠢᠲᠡᠢ᠂ ᠳᠦᠭᠦᠮ ᠳᠦᠳᠡ | ᠂ ᠬᠢᠮᠳᠠ ᠦᠨᠳᠦᠰᠦᠨ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢ ᠨᠡᠩ ᠰᠠᠶᠢᠨ ᠪᠠᠲᠤᠯᠠᠨ᠎ᠠ᠃ | ᠬᠤᠶᠠᠷ᠂ ᠬᠦᠳᠡᠭᠡ ᠲᠤᠰᠬᠤᠨ ᠤ ᠡᠮᠴᠢ ᠶᠢᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠬᠤ ᠬᠡᠷᠡᠭᠲᠡᠢ | ︵ᠭᠤᠷᠪᠠ︶ ᠬᠦᠳᠡᠭᠡ ᠲᠤᠰᠬᠤᠨ ᠤ ᠡᠮᠴᠢ ᠶᠢᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃ | ᠬᠦᠳᠡᠭᠡ ᠲᠤᠰᠬᠤᠨ ᠤ ᠡᠮᠴᠢ ︵ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠠᠵᠢᠯ ᠡᠷᠬᠢᠯᠡᠳᠡᠭ | ᠠᠵᠢᠯ ᠡᠷᠬᠢᠯᠡᠬᠦ ᠶᠡᠭᠡ ᠡᠮᠴᠢ᠂ ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ ᠶᠢ ᠪᠠᠭᠲᠠᠭᠠᠨ᠎ᠠ᠂ ᠳᠤᠷᠤᠭᠰᠢ ᠠᠳᠠᠯᠢ︶ | ᠨᠢ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠪᠣᠯᠣᠨ ᠦᠨᠳᠦᠰᠦᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠨᠠᠶᠢᠳᠠᠭᠰᠠᠨ ᠪᠤᠰᠤᠳ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠳᠥᠷᠪᠡ︶ ᠬᠦᠳᠡᠭᠡ ᠲᠤᠰᠬᠤᠨ ᠤ ᠡᠮᠴᠢ ᠶᠢ ᠵᠦᠢ ᠵᠣᠬᠢᠰᠲᠠᠢ ᠲᠤᠬᠢᠷᠠᠭᠤᠯᠬᠤ ᠬᠡᠷᠡᠭᠲᠡᠢ᠃ ᠣᠯᠠᠨ | ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠭᠦᠨᠵᠡᠭᠡᠶᠢᠷᠡᠨ ᠬᠥᠭᠵᠢᠬᠦ ᠪᠠ ᠦᠨᠳᠦᠰᠦᠨ | ᠱᠠᠲᠤᠨ ᠳᠤ ᠤᠷᠢᠳᠠᠪᠠᠷ ᠡᠮᠨᠡᠭᠦᠯᠬᠦ᠂ ᠱᠠᠲᠤ ᠬᠤᠪᠢᠶᠠᠵᠤ ᠣᠨᠣᠰᠢᠯᠠᠨ ᠡᠮᠨᠡᠭᠦᠯᠬᠦ ᠳᠦᠷᠢᠮ ᠤᠨ ᠠᠯᠬᠤᠮ | ᠠᠯᠬᠤᠮ ᠢᠶᠠᠷ ᠪᠠᠶᠢᠭᠤᠯᠤᠭᠳᠠᠬᠤ ᠶᠢ ᠳᠠᠭᠠᠯᠳᠤᠨ᠂ ᠬᠠᠷᠢᠶ᠎ᠠ ᠣᠷᠣᠨ ᠤ ᠦᠢᠯᠡᠴᠢᠯᠡᠭᠡᠨ ᠤ ᠬᠦᠮᠦᠨ ᠠᠮᠠ᠂ | ᠦᠢᠯᠡᠴᠢᠯᠡᠭᠡᠨ ᠤ ᠣᠳᠣᠬᠢ ᠪᠠᠶᠢᠳᠠᠯ᠂ ᠵᠢᠱᠢᠭᠰᠡᠨ ᠬᠡᠷᠡᠭᠴᠡᠭᠡ ᠱᠠᠭᠠᠷᠳᠠᠯᠭ᠎ᠠ ᠵᠢᠴᠢ ᠭᠠᠵᠠᠷ ᠵᠦᠢ ᠶᠢᠨ ᠨᠦᠬᠦᠴᠡᠯ | ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠤᠳᠣᠯᠬᠢᠯᠠᠵᠤ᠂ ᠬᠦᠳᠡᠭᠡ ᠲᠤᠰᠬᠤᠨ ᠤ ᠡᠮᠴᠢ ᠶᠢ ᠵᠦᠢ ᠵᠣᠬᠢᠰᠲᠠᠢ | ᠲᠤᠬᠢᠷᠠᠭᠤᠯᠤᠨ᠂ ᠵᠠᠷᠴᠢᠮ ᠳᠡᠭᠡᠷ᠎ᠡ ᠪᠠᠨ ᠦᠢᠯᠡᠴᠢᠯᠡᠭᠡᠨ ᠤ ᠮᠢᠩᠭᠠᠨ ᠬᠦᠮᠦᠨ ᠠᠮᠠ ᠨᠢᠭᠡᠪᠦᠷᠢ ᠳᠤ 1 — 1. | 5 ᠶᠢᠨ ᠬᠠᠷᠢᠴᠠᠯ ᠢᠶᠠᠷ ᠲᠣᠬᠢᠷᠠᠭᠤᠯᠵᠤ᠂ ᠮᠢᠩᠭᠠᠨ ᠬᠦᠮᠦᠨ ᠬᠦᠷᠬᠦ ᠦᠭᠡᠢ ᠭᠠᠴᠠᠭ᠎ᠠ ᠲᠤᠰᠬᠤᠨ ᠳᠤ 1 ᠨᠡᠷᠡᠰ | ᠲᠣᠬᠢᠷᠠᠭᠤᠯᠤᠨ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠣᠯᠭᠠᠨ ᠳᠤ ᠠᠳᠠᠭ ᠲᠠᠭᠠᠨ 1 ᠨᠡᠷᠡᠰ | ᠬᠦᠳᠡᠭᠡ ᠲᠤᠰᠬᠤᠨ ᠤ ᠡᠮᠴᠢ ᠠᠵᠢᠯ ᠡᠷᠬᠢᠯᠡᠬᠦ ᠶᠢ ᠪᠠᠲᠤᠯᠠᠨ᠎ᠠ᠃ | ᠭᠤᠷᠪᠠ᠂ ᠬᠦᠳᠡᠭᠡ ᠲᠤᠰᠬᠤᠨ ᠤ ᠡᠮᠴᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ︵ᠲᠠᠪᠤ︶ ᠬᠦᠳᠡᠭᠡ ᠲᠤᠰᠬᠤᠨ ᠤ ᠡᠮᠴᠢ ᠶᠢᠨ ᠠᠵᠢᠯ ᠡᠷᠬᠢᠯᠡᠬᠦ ᠶᠢ ᠵᠥᠪᠰᠢᠶᠡᠷᠡᠨ ᠣᠷᠤᠭᠤᠯᠬᠤ ᠶᠢ | ᠴᠢᠩᠭᠠᠳᠬᠠᠬᠤ ᠬᠡᠷᠡᠭᠲᠡᠢ᠃ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠦᠷᠦᠭᠡ ᠳᠤ ᠠᠵᠢᠯ ᠡᠷᠬᠢᠯᠡᠬᠦ ᠡᠮᠴᠢ | ᠪᠣᠯᠣᠨ ᠰᠤᠪᠢᠯᠠᠭᠴᠢ ᠨᠢ ᠡᠷᠬᠡᠪᠰᠢ ᠵᠣᠬᠢᠬᠤ ᠬᠢᠷᠢ ᠭᠡᠮ ᠢ ᠪᠦᠷᠢᠯᠳᠦᠭᠦᠯᠬᠦ ᠶᠢᠨ ᠬᠠᠮᠲᠤ᠂ ᠲᠣᠭᠲᠠᠭᠠᠯ ᠶᠤᠰᠤᠭᠠᠷ | ᠳᠠᠩᠰᠠᠯᠠᠭᠤᠯᠬᠤ ᠬᠡᠷᠡᠭᠲᠡᠢ᠃ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠰᠢᠨ᠎ᠡ ᠪᠠᠷ | ᠠᠵᠢᠯᠯᠠᠭᠰᠠᠨ ᠡᠮᠴᠢᠯᠡᠬᠦ᠂ ᠰᠤᠪᠢᠯᠠᠬᠤ᠂ ᠰᠡᠷᠭᠡᠶᠢᠯᠡᠬᠦ᠂ ᠡᠷᠡᠭᠦᠯᠵᠢᠭᠦᠯᠬᠦ ᠵᠡᠷᠭᠡ ᠠᠵᠢᠯᠲᠠᠨ ᠨᠢ ᠠᠵᠢᠯ ᠡᠷᠬᠢᠯᠡᠬᠦ | ᠲᠤᠰᠠᠯᠠᠭᠴᠢ ᠶᠡᠭᠡ ᠡᠮᠴᠢ ᠵᠢᠴᠢ ᠲᠡᠭᠦᠨ ᠠᠴᠠ ᠳᠡᠭᠡᠭᠰᠢᠬᠢ ᠬᠢᠷᠢ ᠭᠡᠮ ᠢ ᠪᠦᠷᠢᠳᠦᠭᠦᠯᠬᠦ ᠬᠡᠷᠡᠭᠲᠡᠢ᠃ ᠨᠦᠬᠦᠴᠡᠯ | ᠬᠦᠷᠦᠯᠴᠡᠬᠦ ᠦᠭᠡᠢ ᠭᠠᠵᠠᠷ ᠣᠷᠣᠨ ᠳᠤ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ︽ᠬᠦᠳᠡᠭᠡ ᠲᠤᠰᠬᠤᠨ ᠤ ᠡᠮᠴᠢ ᠶᠢᠨ ᠠᠵᠢᠯ ᠡᠷᠬᠢᠯᠡᠬᠦ | ᠬᠠᠮᠢᠶᠠᠷᠤᠯᠲᠠ ᠶᠢᠨ ᠲᠣᠭᠲᠠᠭᠠᠯ︾ ᠤᠨ ᠱᠠᠭᠠᠷᠳᠠᠯᠭ᠎ᠠ ᠶᠤᠰᠤᠭᠠᠷ᠂ ᠠᠨᠠᠭᠠᠬᠤ ᠤᠬᠠᠭᠠᠨ ᠤ ᠳᠤᠮᠳᠠ ᠵᠡᠷᠭᠡ ᠶᠢᠨ | ᠲᠤᠰᠬᠠᠢ ᠮᠡᠷᠭᠡᠵᠢᠯ ᠤᠨ ᠰᠤᠷᠤᠯᠴᠠᠭᠰᠠᠨ ᠨᠠᠮᠲᠠᠷ ᠲᠠᠢ ᠪᠣᠶᠣ ᠪᠣᠯᠪᠠᠰᠤᠷᠠᠭᠤᠯᠤᠭᠠᠳ ᠠᠨᠠᠭᠠᠬᠤ ᠤᠬᠠᠭᠠᠨ ᠤ ᠳᠤᠮᠳᠠ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠴᠠᠭᠰᠠᠨ ᠨᠠᠮᠲᠠᠷ ᠲᠤ ᠬᠦᠷᠦᠭᠰᠡᠨ ᠠᠵᠢᠯᠲᠠᠨ᠂ ᠮᠤᠩᠭᠤᠯ ᠬᠢᠲᠠᠳ | ᠡᠮᠨᠡᠯᠭᠡ ᠶᠢᠨ ᠨᠢᠭᠡ ᠵᠦᠢᠯ ᠤᠨ ᠮᠡᠷᠭᠡᠵᠢᠯ ᠲᠠᠢ ᠠᠵᠢᠯᠲᠠᠨ ᠢ ᠨᠢᠭᠡᠲᠦᠯᠲᠡᠢ ᠰᠢᠯᠭᠠᠯᠲᠠ ᠳᠤ ᠣᠷᠤᠯᠴᠠᠭᠤᠯᠤᠨ᠂ ᠬᠢᠷᠢ | ᠲᠡᠩᠴᠡᠭᠰᠡᠳ ᠲᠤ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠬᠦᠳᠡᠭᠡ ᠲᠤᠰᠬᠤᠨ ᠤ ᠡᠮᠴᠢ ᠶᠢᠨ ᠠᠵᠢᠯ ᠡᠷᠬᠢᠯᠡᠬᠦ ᠦᠨᠡᠮᠯᠡᠯ ᠣᠯᠭᠤᠵᠣ᠂ | ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠢᠶᠠᠷ ᠳᠠᠮᠵᠢᠨ ᠬᠢᠷᠢ ᠲᠡᠩᠴᠡᠬᠦ ᠶᠢᠨ ᠬᠠᠮᠲᠤ᠂ | ᠳᠠᠩᠰᠠᠯᠠᠭᠤᠯᠤᠭᠰᠠᠨ ᠤ ᠳᠠᠷᠠᠭ᠎ᠠ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠠᠵᠢᠯ | ᠡᠷᠬᠢᠯᠡᠭᠦᠯᠦᠨ᠎ᠡ᠃ | ︵ᠵᠢᠷᠭᠤᠭ᠎ᠠ︶ ᠬᠦᠳᠡᠭᠡ ᠲᠤᠰᠬᠤᠨ ᠤ ᠡᠮᠴᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠬᠤ | ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠤᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠡᠷᠬᠢᠯᠡᠬᠦ ᠶᠡᠭᠡ | ᠡᠮᠴᠢ ᠶᠢᠨ ᠬᠠᠤᠯᠢ︾᠂ ︽ᠬᠦᠳᠡᠭᠡ ᠲᠤᠰᠬᠤᠨ ᠤ ᠡᠮᠴᠢ ᠶᠢᠨ ᠠᠵᠢᠯ ᠡᠷᠬᠢᠯᠡᠬᠦ ᠬᠠᠮᠢᠶᠠᠷᠤᠯᠲᠠ ᠶᠢᠨ ᠲᠣᠭᠲᠠᠭᠠᠯ︾ | ᠵᠡᠷᠭᠡ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ᠂ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠦᠨᠡᠨᠬᠦ | ᠴᠢᠩᠭᠠᠳᠬᠠᠵᠤ᠂ ᠬᠦᠳᠡᠭᠡ ᠲᠤᠰᠬᠤᠨ ᠤ ᠡᠮᠴᠢ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠶᠤᠯ ᠦᠭᠡᠢ ᠴᠢᠨᠠᠷ ᠪᠣᠯᠣᠨ ᠪᠦᠲᠦᠮᠵᠢᠲᠦ ᠴᠢᠨᠠᠷ ᠢ | ᠳᠡᠭᠡᠭᠰᠢᠯᠡᠭᠦᠯᠬᠦ ᠬᠡᠷᠡᠭᠲᠡᠢ᠃ ᠬᠦᠳᠡᠭᠡ ᠲᠤᠰᠬᠤᠨ ᠤ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠠᠬᠢᠭᠤᠯᠤᠨ ᠲᠡᠭᠦᠯᠳᠡᠷᠵᠢᠭᠦᠯᠵᠦ᠂ ᠬᠠᠤᠯᠢ ᠪᠤᠰᠤ ᠪᠠᠷ ᠡᠮᠴᠢᠯᠡᠬᠦ ᠳᠤ ᠴᠢᠩᠭ᠎ᠠ ᠴᠣᠬᠢᠯᠲᠠ ᠥᠭᠴᠦ᠂ | ᠲᠣᠭᠲᠠᠭᠠᠯ ᠠᠴᠠ ᠵᠦᠷᠢᠴᠡᠨ ᠡᠮ ᠤᠨ ᠵᠦᠢᠯᠡᠰ ᠬᠤᠳᠠᠯᠳᠤᠨ ᠪᠣᠷᠤᠯᠠᠭᠤᠯᠬᠤ᠂ ᠨᠦᠯᠦᠭᠡᠯᠡᠨ ᠦᠢᠯᠡᠴᠢᠯᠡᠬᠦ ᠪᠠ | ᠬᠡᠲᠦᠷᠡᠲᠡᠯ᠎ᠡ ᠡᠮᠴᠢᠯᠡᠬᠦ ᠵᠢᠴᠢ ᠲᠣᠭᠲᠠᠭᠠᠯ ᠠᠴᠠ ᠵᠦᠷᠢᠴᠡᠨ ᠡᠪᠡᠳᠴᠢᠲᠠᠨ ᠢ ᠰᠢᠯᠵᠢᠭᠦᠯᠦᠨ ᠡᠮᠨᠡᠭᠦᠯᠬᠦ ᠵᠡᠷᠭᠡ ᠦᠢᠯᠡ | ᠠᠵᠢᠯᠯᠠᠭ᠎ᠠ ᠶᠢ ᠵᠣᠭᠰᠤᠭᠠᠬᠤ ᠬᠡᠷᠡᠭᠲᠡᠢ᠃ | ︵ᠳᠤᠯᠤᠭ᠎ᠠ︶ ᠬᠦᠳᠡᠭᠡ ᠲᠤᠰᠬᠤᠨ ᠤ ᠡᠮᠴᠢ ᠶᠢ ᠬᠢᠨᠠᠨ ᠵᠢᠯᠤᠭᠤᠳᠴᠤ ᠰᠢᠯᠭᠠᠨ ᠬᠢᠨᠠᠬᠤ ᠶᠢ | ᠵᠢᠷᠤᠮᠵᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠪᠣᠯᠣᠨ | ᠦᠨᠳᠦᠰᠦᠨ ᠡᠮᠴᠢᠯᠡᠭᠡ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠶᠤᠰᠤᠭᠠᠷ᠂ ᠭᠠᠴᠠᠭ᠎ᠠ ᠲᠤᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠵᠢᠴᠢ ᠬᠦᠳᠡᠭᠡ ᠲᠤᠰᠬᠤᠨ ᠤ ᠡᠮᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠠᠷᠭ᠎ᠠ ᠶᠢ ᠲᠣᠭᠲᠠᠭᠠᠵᠤ᠂ ᠰᠢᠯᠭᠠᠨ ᠬᠢᠨᠠᠬᠤ ᠠᠵᠢᠯ ᠢ ᠨᠢᠭᠡᠲᠦᠯᠲᠡᠢ ᠵᠣᠬᠢᠶᠠᠨ ᠪᠠᠶᠢᠭᠤᠯᠬᠤ ᠬᠡᠷᠡᠭᠲᠡᠢ᠃ | ᠪᠤᠲᠠᠲᠠᠢ ᠰᠢᠯᠭᠠᠨ ᠬᠢᠨᠠᠬᠤ ᠠᠵᠢᠯ ᠢ ᠭᠤᠣᠯᠳᠠᠭᠤ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠠᠴᠠ ᠡᠭᠦᠷᠭᠡᠯᠡᠬᠦ ᠬᠡᠷᠡᠭᠲᠡᠢ᠃ ᠰᠢᠯᠭᠠᠨ ᠬᠢᠨᠠᠬᠤ ᠠᠭᠤᠯᠭ᠎ᠠ ᠳᠤ ᠬᠦᠳᠡᠭᠡ ᠲᠤᠰᠬᠤᠨ ᠤ ᠡᠮᠴᠢ ᠶᠢᠨ | ᠬᠠᠩᠭᠠᠭᠰᠠᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠭ᠎ᠠ ᠬᠡᠮᠵᠢᠶ᠎ᠡ᠂ | ᠶᠠᠰᠤ ᠴᠢᠨᠠᠷ᠂ ᠣᠯᠠᠨ ᠨᠡᠶᠢᠲᠡ ᠶᠢᠨ ᠲᠠᠭᠠᠰᠢᠶᠠᠯ ᠤᠨ ᠬᠡᠮᠵᠢᠶ᠎ᠡ᠂ ᠦᠨᠳᠦᠰᠦᠨ ᠡᠮᠴᠢᠯᠡᠭᠡᠨ ᠤ ᠦᠢᠯᠡᠴᠢᠯᠡᠭᠡ᠂ | ᠬᠦᠳᠡᠭᠡ ᠲᠤᠰᠬᠤᠨ ᠤ ᠡᠮᠴᠢ ᠶᠢᠨ ᠰᠤᠷᠤᠯᠴᠠᠯᠭ᠎ᠠ ᠪᠣᠯᠪᠠᠰᠤᠷᠠᠭᠤᠯᠤᠯ ᠵᠢᠴᠢ ᠡᠮᠴᠢ ᠶᠢᠨ ᠮᠤᠷᠠᠯ ᠰᠤᠷᠲᠠᠯ ᠵᠡᠷᠭᠡ | ᠪᠠᠶᠢᠳᠠᠯ ᠢ ᠪᠠᠭᠲᠠᠭᠠᠬᠤ ᠬᠡᠷᠡᠭᠲᠡᠢ᠃ ᠰᠢᠯᠭᠠᠨ ᠬᠢᠨᠠᠭᠰᠠᠨ ᠦᠷ᠎ᠡ ᠳ᠋ᠦᠩ ᠢ ᠨᠢ ᠬᠦᠳᠡᠭᠡ ᠲᠤᠰᠬᠤᠨ ᠤ ᠡᠮᠴᠢ ᠶᠢᠨ | ᠠᠵᠢᠯ ᠡᠷᠬᠢᠯᠡᠬᠦ ᠪᠠᠷ ᠳᠠᠩᠰᠠᠯᠠᠭᠤᠯᠬᠤ᠂ ᠡᠳ᠋ ᠤᠨ ᠵᠠᠰᠠᠭ ᠠᠴᠠ ᠲᠤᠰᠠᠯᠠᠮᠵᠢ ᠣᠯᠭᠤᠬᠤ ᠭᠤᠣᠯ ᠦᠨᠳᠦᠰᠦ ᠪᠠᠷᠢᠮᠲᠠ | ᠪᠣᠯᠭᠠᠬᠤ ᠬᠡᠷᠡᠭᠲᠡᠢ᠃ | ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠰᠢᠯᠭᠠᠨ | ᠬᠢᠨᠠᠬᠤ ᠶᠢ ᠦᠷᠨᠢᠭᠦᠯᠬᠦ ᠬᠡᠷᠡᠭᠲᠡᠢ᠃ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠤᠭᠤᠳ ᠰᠤᠮᠤ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠢᠯᠭᠠᠨ ᠬᠢᠨᠠᠭᠰᠠᠨ ᠠᠵᠢᠯ ᠤᠨ ᠡᠭᠦᠷᠭᠡ ᠵᠢᠴᠢ | ᠲᠦᠰᠦᠭᠡᠯᠡᠨ ᠪᠤᠳᠤᠵᠤ ᠬᠤᠪᠢᠶᠠᠷᠢᠯᠠᠭᠰᠠᠨ ᠲᠤᠰᠠᠯᠠᠮᠵᠢ ᠶᠢᠨ ᠪᠡᠯᠡ ᠮᠦᠩᠭᠦ ᠶᠢᠨ ᠵᠤᠭᠤᠰᠤᠨ ᠲᠤᠭ᠎ᠠ ᠶᠤᠰᠤᠭᠠᠷ | ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠨᠢ ᠰᠠᠷ᠎ᠠ ᠪᠦᠷᠢ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠢᠶᠠᠨ ᠦᠷᠨᠢᠭᠦᠯᠦᠭᠰᠡᠨ ᠪᠠᠶᠢᠳᠠᠯ ᠳᠤ ᠪᠠᠶᠢᠴᠠᠭᠠᠯᠲᠠ ᠵᠢᠯᠤᠭᠤᠳᠤᠯᠭ᠎ᠠ | ᠬᠢᠵᠦ᠂ ᠤᠯᠠᠷᠢᠯ ᠪᠦᠷᠢ ᠠᠵᠢᠯ ᠤᠨ ᠠᠮᠵᠢᠯᠲᠠ ᠪᠦᠲᠦᠮᠵᠢ ᠶᠢ ᠨᠢ ᠰᠢᠯᠭᠠᠨ ᠬᠢᠨᠠᠵᠤ᠂ ᠰᠢᠯᠭᠠᠨ ᠬᠢᠨᠠᠭᠰᠠᠨ ᠦᠷ᠎ᠡ | ᠳ᠋ᠦᠩ ᠢ ᠨᠢ ᠦᠨᠳᠦᠰᠦᠯᠡᠨ ᠠᠵᠢᠯ ᠤᠨ ᠠᠮᠵᠢᠯᠲᠠ ᠪᠦᠲᠦᠮᠵᠢ ᠶᠢᠨ ᠲᠤᠰᠠᠯᠠᠮᠵᠢ ᠣᠯᠭᠤᠵᠣ᠂ ᠰᠠᠶᠢᠨ ᠢ ᠨᠢ | ᠱᠠᠩᠨᠠᠵᠤ ᠮᠠᠭᠤ ᠶᠢ ᠨᠢ ᠲᠣᠷᠭᠠᠬᠤ ᠬᠡᠷᠡᠭᠲᠡᠢ᠃ | ᠦᠨᠳᠦᠰᠦᠨ ᠡᠮ ᠤᠨ ᠵᠦᠢᠯᠡᠰ ᠤᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠰᠢᠯᠭᠠᠨ ᠬᠢᠨᠠᠬᠤ ᠠᠵᠢᠯ ᠢ | ᠦᠷᠨᠢᠭᠦᠯᠬᠦ ᠬᠡᠷᠡᠭᠲᠡᠢ᠃ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠤᠯᠤᠰ ᠪᠠ ᠦᠪᠡᠷᠲᠡᠭᠡᠨ | ᠵᠠᠰᠠᠬᠤ ᠣᠷᠣᠨ ᠤ ᠦᠨᠳᠦᠰᠦᠨ ᠡᠮ ᠤᠨ ᠵᠦᠢᠯᠡᠰ ᠤᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠵᠢᠴᠢ ᠳᠣᠣᠷ᠎ᠠ | ᠦᠨᠡᠲᠦ ᠡᠮ ᠤᠨ ᠵᠦᠢᠯᠡᠰ ᠢ ᠬᠡᠷᠡᠭᠯᠡᠭᠰᠡᠨ ᠪᠠᠶᠢᠳᠠᠯ ᠢ ᠰᠢᠯᠭᠠᠨ ᠬᠢᠨᠠᠵᠤ᠂ ᠤᠯᠤᠰ ᠪᠠ ᠦᠪᠡᠷᠲᠡᠭᠡᠨ ᠵᠠᠰᠠᠬᠤ | ᠣᠷᠣᠨ ᠤ ᠦᠨᠳᠦᠰᠦᠨ ᠡᠮ ᠤᠨ ᠵᠦᠢᠯᠡᠰ ᠵᠢᠴᠢ ᠳᠣᠣᠷ᠎ᠠ ᠦᠨᠡᠲᠦ ᠡᠮ ᠤᠨ ᠵᠦᠢᠯᠡᠰ ᠢ ᠬᠡᠷᠡᠭᠯᠡᠬᠦ ᠲᠥᠷᠥ ᠶᠢᠨ | ᠪᠣᠳᠣᠯᠭ᠎ᠠ ᠶᠢ ᠪᠦᠷᠢᠮᠦᠰᠦᠨ ᠬᠡᠷᠡᠭᠵᠢᠭᠦᠯᠦᠭᠰᠡᠨ ᠦᠭᠡᠢ ᠪᠠᠶᠢᠪᠠᠯ᠂ ᠤᠯᠤᠰ ᠤᠨ ᠦᠨᠳᠦᠰᠦᠨ ᠡᠮ ᠤᠨ ᠵᠦᠢᠯᠡᠰ ᠤᠨ | ᠲᠡᠭ ᠵᠦᠷᠢᠶᠡᠲᠦ ᠨᠤᠷᠮ᠎ᠠ ᠶᠢᠨ ᠲᠤᠰᠠᠯᠠᠮᠵᠢ ᠶᠢ ᠬᠦᠷᠲᠡᠭᠡᠬᠦ ᠦᠭᠡᠢ᠃ ᠦᠨᠳᠦᠰᠦᠨ ᠡᠮᠴᠢᠯᠡᠭᠡᠨ ᠤ | ᠦᠢᠯᠡᠴᠢᠯᠡᠭᠡ ᠶᠢᠨ ᠠᠵᠢᠯ ᠢ ᠰᠢᠯᠭᠠᠨ ᠬᠢᠨᠠᠬᠤ ᠶᠢ ᠦᠷᠨᠢᠭᠦᠯᠬᠦ ᠬᠡᠷᠡᠭᠲᠡᠢ᠃ ᠭᠠᠴᠠᠭ᠎ᠠ ᠲᠤᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠤᠨ ᠣᠨᠣᠰᠢᠯᠠᠨ ᠡᠮᠨᠡᠭᠦᠯᠬᠦ᠂ ᠡᠮ ᠬᠡᠷᠡᠭᠯᠡᠬᠦ᠂ ᠡᠩ ᠤᠨ ᠣᠨᠣᠰᠢᠯᠠᠨ ᠡᠮᠨᠡᠭᠦᠯᠬᠦ ᠵᠠᠷᠤᠳᠠᠯ ᠢ | ᠬᠤᠷᠢᠶᠠᠬᠤ ᠵᠢᠴᠢ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠰᠢᠯᠭᠠᠨ ᠬᠢᠨᠠᠵᠤ᠂ ᠨᠢᠶᠠᠨ ᠳᠠᠷᠤᠭᠴᠢ᠂ ᠬᠤᠷᠮᠤᠨ ᠤ ᠲᠦᠷᠦᠯ ᠤᠨ | ᠡᠮ ᠤᠨ ᠵᠦᠢᠯᠡᠰ ᠢ ᠳᠤᠷ᠎ᠠ ᠪᠠᠷ ᠬᠡᠷᠡᠭᠯᠡᠬᠦ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠬᠦ | ᠬᠡᠷᠡᠭᠲᠡᠢ᠃ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠲᠣᠬᠢᠷᠠᠮᠵᠢᠲᠠᠢ ᠮᠤᠩᠭᠤᠯ ᠬᠢᠲᠠᠳ | ᠡᠮᠨᠡᠯᠭᠡ ᠶᠢᠨ ᠮᠡᠷᠭᠡᠵᠢᠯ ᠤᠨ ᠦᠢᠯᠡᠴᠢᠯᠡᠭᠡ ᠦᠷᠨᠢᠭᠦᠯᠦᠭᠰᠡᠨ ᠪᠠᠶᠢᠳᠠᠯ ᠢ ᠰᠢᠯᠭᠠᠨ ᠬᠢᠨᠠᠬᠤ ᠬᠡᠷᠡᠭᠲᠡᠢ᠃ | ᠳᠥᠷᠪᠡ᠂ ᠬᠦᠳᠡᠭᠡ ᠲᠤᠰᠬᠤᠨ ᠤ ᠡᠮᠴᠢ ᠶᠢᠨ ᠬᠦᠮᠦᠵᠢᠭᠦᠯᠦᠯ ᠪᠤᠯᠪᠠᠰᠤᠷᠠᠭᠤᠯᠤᠯ ᠢ ᠴᠢᠩᠭᠠᠳᠬᠠᠬᠤ | ᠬᠡᠷᠡᠭᠲᠡᠢ | ︵ᠨᠠᠢᠮᠠ︶ ᠰᠤᠷᠤᠯᠴᠠᠭᠰᠠᠨ ᠨᠠᠮᠲᠠᠷ ᠤᠨ ᠬᠦᠮᠦᠵᠢᠯ ᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ | ᠣᠷᠣᠨ ᠨᠤᠭᠤᠳ ︽ᠪᠦᠬᠦ ᠤᠯᠤᠰ ᠤᠨ ᠬᠦᠳᠡᠭᠡ ᠲᠤᠰᠬᠤᠨ ᠤ ᠡᠮᠴᠢ ᠶᠢᠨ ᠬᠦᠮᠦᠵᠢᠯ ᠤᠨ ᠲᠦᠯᠦᠪᠵᠢᠭᠦᠯᠭᠡ ︵ | 2011 - 2020 ᠣᠨ︶︾ ᠶᠢᠨ ᠱᠠᠭᠠᠷᠳᠠᠯᠭ᠎ᠠ ᠶᠤᠰᠤᠭᠠᠷ᠂ ᠬᠦᠳᠡᠭᠡ ᠲᠤᠰᠬᠤᠨ ᠤ ᠡᠮᠴᠢ ᠶᠢ ᠰᠤᠷᠭᠠᠨ | ᠬᠦᠮᠦᠵᠢᠭᠦᠯᠬᠦ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠢ᠃ ᠨᠦᠬᠦᠴᠡᠯ ᠳᠤ ᠨᠡᠶᠢᠴᠡᠭᠰᠡᠨ ᠠᠵᠢᠯᠯᠠᠵᠤ ᠪᠠᠶᠢᠭ᠎ᠠ | ᠬᠦᠳᠡᠭᠡ ᠲᠤᠰᠬᠤᠨ ᠤ ᠡᠮᠴᠢ ᠶᠢᠨ ᠳᠤᠮᠳᠠ᠂ ᠳᠡᠭᠡᠳᠦ ᠵᠡᠷᠭᠡ ᠶᠢᠨ ᠠᠨᠠᠭᠠᠬᠤ ᠤᠬᠠᠭᠠᠨ ᠤ ᠳᠡᠭᠡᠳᠦ | ᠰᠤᠷᠭᠠᠭᠤᠯᠢ ᠳᠤ ᠣᠷᠤᠵᠤ ᠠᠨᠠᠭᠠᠬᠤ ᠤᠬᠠᠭᠠᠨ ᠤ ᠰᠤᠷᠤᠯᠴᠠᠭᠰᠠᠨ ᠨᠠᠮᠲᠠᠷ ᠤᠨ ᠬᠦᠮᠦᠵᠢᠯ ᠬᠦᠷᠲᠡᠬᠦ ᠶᠢ | ᠵᠣᠷᠢᠬᠵᠢᠭᠤᠯᠤᠨ᠂ ᠪᠦᠬᠦᠯᠢ ᠴᠣᠭᠴᠠ ᠶᠢᠨ ᠰᠤᠷᠤᠯᠴᠠᠭᠰᠠᠨ ᠨᠠᠮᠲᠠᠷ ᠤᠨ ᠳᠠᠪᠬᠤᠷᠭ᠎ᠠ ᠶᠢ ᠳᠡᠭᠡᠭᠰᠢᠯᠡᠭᠦᠯᠬᠦ | ᠬᠡᠷᠡᠭᠲᠡᠢ᠃ | ︵ᠶᠢᠰᠦ︶ ᠵᠠᠬᠢᠶᠠᠯᠠᠭᠠᠲᠤ ᠬᠠᠨᠳᠤᠯᠭ᠎ᠠ ᠲᠠᠢ ᠪᠠᠷ ᠬᠦᠮᠦᠵᠢᠭᠦᠯᠬᠦ ᠶᠢ ᠬᠡᠷᠡᠭᠵᠢᠭᠦᠯᠬᠦ ᠬᠡᠷᠡᠭᠲᠡᠢ᠃ ᠮᠠᠯᠵᠢᠬᠤ | ᠲᠠᠷᠢᠶᠠᠯᠠᠬᠤ ᠣᠷᠣᠨ ᠤ ᠵᠠᠬᠢᠶᠠᠯᠠᠭᠠᠲᠤ ᠬᠠᠨᠳᠤᠯᠭ᠎ᠠ ᠲᠠᠢ ᠠᠨᠠᠭᠠᠬᠤ ᠤᠠᠭᠭᠠᠨ ᠤ ᠰᠤᠷᠤᠭᠴᠢᠳ ᠢ ᠰᠦᠢᠳᠭᠡᠯ | ᠬᠤᠷᠢᠶᠠᠬᠤ ᠦᠭᠡᠢ ᠪᠠᠷ ᠬᠦᠮᠦᠵᠢᠭᠦᠯᠬᠦ ᠠᠵᠢᠯ ᠢ ᠴᠢᠩᠭᠠᠳᠬᠠᠵᠤ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠤ ᠬᠠᠨᠳᠤᠭᠤᠯᠤᠭᠰᠠᠨ 3 ᠵᠢᠯ ᠤᠨ ᠳᠦᠷᠢᠮᠲᠦ ᠳᠤᠮᠳᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠦᠢᠳᠭᠡᠯ ᠬᠤᠷᠢᠶᠠᠬᠤ ᠦᠭᠡᠢ ᠠᠨᠠᠭᠠᠬᠤ ᠤᠬᠠᠭᠠᠨ ᠤ ᠰᠤᠷᠤᠭᠴᠢᠳ ᠢ ᠬᠦᠮᠦᠵᠢᠭᠦᠯᠬᠦ ᠶᠢ ᠭᠤᠣᠯᠳᠠᠯᠭ᠎ᠠ ᠲᠠᠢ | ᠬᠡᠷᠡᠭᠵᠢᠭᠦᠯᠬᠦ ᠬᠡᠷᠡᠭᠲᠡᠢ᠃ ᠵᠠᠬᠢᠶᠠᠯᠠᠭᠠᠲᠤ ᠬᠠᠨᠳᠤᠯᠭ᠎ᠠ ᠲᠠᠢ ᠪᠠᠷ ᠠᠨᠠᠭᠠᠬᠤ ᠤᠬᠠᠭᠠᠨ ᠤ ᠰᠤᠷᠤᠭᠴᠢᠳ ᠢ | ᠬᠦᠮᠦᠵᠢᠭᠦᠯᠬᠦ ᠳᠤ ︽ᠲᠤᠰᠬᠤᠨ ᠠᠴᠠ ᠢᠷᠡᠵᠦ ᠲᠤᠰᠬᠤᠨ ᠳᠤ ᠣᠴᠢᠬᠤ︾ ᠵᠠᠷᠴᠢᠮ ᠶᠤᠰᠤᠭᠠᠷ᠂ ᠭᠤᠣᠯᠳᠠᠭᠤ | ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢ ᠠᠴᠠ ᠡᠯᠰᠡᠨ ᠠᠪᠤᠨ᠎ᠠ᠃ ᠦᠪᠡᠷᠲᠡᠭᠡᠨ ᠵᠠᠰᠠᠬᠤ ᠣᠷᠣᠨ ᠤ ᠳᠤᠲᠤᠷ᠎ᠠ | ᠬᠡᠰᠡᠭ ᠠᠨᠠᠭᠠᠬᠤ ᠤᠬᠠᠭᠠᠨ ᠤ ᠲᠦᠷᠦᠯ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠡᠮᠴᠢᠯᠡᠭᠡᠨ ᠤ ᠠᠨᠠᠭᠠᠬᠤ | ᠤᠬᠠᠭᠠᠨ ᠤ ᠲᠤᠰᠬᠠᠢ ᠮᠡᠷᠭᠡᠵᠢᠯ᠂ ᠮᠤᠩᠭᠤᠯ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯ ᠤᠨ ᠶᠡᠷᠦᠩᠬᠡᠢ | ᠰᠠᠯᠠᠭ᠎ᠠ ᠶᠢᠨ ᠡᠮᠴᠢ ᠶᠢᠨ ᠴᠢᠭᠯᠡᠯ ᠢ ᠲᠣᠬᠢᠷᠠᠭᠤᠯᠵᠤ᠂ ᠪᠦᠬᠦ ᠣᠷᠣᠨ ᠳᠤ ᠬᠠᠨᠳᠤᠭᠤᠯᠤᠨ ᠠᠨᠠᠭᠠᠬᠤ ᠤᠬᠠᠭᠠᠨ ᠤ | ᠰᠤᠷᠤᠭᠴᠢ ᠶᠢ ᠬᠠᠨᠳᠤᠯᠭ᠎ᠠ ᠲᠠᠢ ᠪᠠᠷ ᠰᠦᠢᠳᠭᠡᠯ ᠬᠤᠷᠢᠶᠠᠬᠤ ᠦᠭᠡᠢ ᠪᠠᠷ ᠡᠯᠰᠡᠨ ᠠᠪᠬᠤ ᠬᠡᠷᠡᠭᠲᠡᠢ᠃ ᠦᠪᠡᠷᠲᠡᠭᠡᠨ | ᠵᠠᠰᠠᠬᠤ ᠣᠷᠣᠨ ᠤ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠤᠳ ᠵᠠᠬᠢᠶᠠᠯᠠᠭᠠᠲᠤ ᠬᠠᠨᠳᠤᠯᠭ᠎ᠠ ᠲᠠᠢ ᠪᠠᠷ ᠠᠨᠠᠭᠠᠬᠤ ᠤᠬᠠᠭᠠᠨ ᠤ ᠰᠤᠷᠤᠭᠴᠢ ᠡᠯᠰᠡᠬᠦ ᠲᠦᠰᠦᠯ ᠢ | ᠲᠣᠭᠲᠠᠭᠠᠵᠤ᠂ ᠡᠯ᠎ᠡ ᠭᠠᠵᠠᠷ ᠣᠷᠣᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠵᠢᠯ ᠪᠦᠷᠢ | ᠲᠦᠯᠦᠪᠯᠡᠭᠡ ᠲᠠᠢ ᠪᠠᠷ ᠵᠠᠬᠢᠶᠠᠯᠠᠭᠠᠲᠤ ᠬᠠᠨᠳᠤᠯᠭ᠎ᠠ ᠲᠠᠢ ᠰᠦᠢᠳᠭᠡᠯ ᠬᠤᠷᠢᠶᠠᠬᠤ ᠦᠭᠡᠢ ᠪᠠᠷ ᠠᠨᠠᠭᠠᠬᠤ ᠤᠬᠠᠭᠠᠨ ᠤ | ᠰᠤᠷᠤᠭᠴᠢᠳ ᠢ ᠡᠯᠰᠡᠨ ᠠᠪᠬᠤ ᠬᠡᠷᠡᠭᠲᠡᠢ᠃ ᠲᠡᠭᠦᠰᠦᠭᠰᠡᠨ ᠵᠠᠬᠢᠶᠠᠯᠠᠭᠠᠲᠤ ᠬᠠᠨᠳᠤᠯᠭ᠎ᠠ ᠲᠠᠢ ᠠᠨᠠᠭᠠᠬᠤ ᠤᠬᠠᠭᠠᠨ ᠤ | ᠰᠤᠷᠤᠭᠴᠢᠳ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠯᠦᠭᠡ ᠵᠣᠬᠢᠬᠤ ᠵᠢᠯ ᠬᠤᠭᠤᠴᠠᠭᠠᠨ ᠤ ᠦᠢᠯᠡᠴᠢᠯᠡᠭᠡᠨ ᠤ ᠬᠡᠯᠡᠯᠴᠡᠭᠡᠷ ᠲᠣᠭᠲᠠᠬᠤ ᠶᠢᠨ | ᠬᠠᠮᠲᠤ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠲᠣᠬᠢᠷᠠᠭᠤᠯᠤᠨ ᠠᠵᠢᠯᠯᠠᠭᠤᠯᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠬᠦᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠳ ᠬᠦᠳᠡᠭᠡ ᠲᠤᠰᠬᠤᠨ ᠤ ᠡᠮᠴᠢ ᠶᠢᠨ ᠳᠠᠪᠲᠠᠨ | ᠪᠣᠯᠪᠠᠰᠤᠷᠠᠭᠤᠯᠬᠤ᠂ ᠮᠡᠷᠭᠡᠵᠢᠯ ᠤᠨ ᠴᠣᠯᠠ ᠳᠡᠪᠰᠢᠬᠦ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ | ᠣᠯᠭᠤᠬᠤ ᠬᠡᠷᠡᠭᠲᠡᠢ᠃ | ︵ᠠᠷᠪᠠ︶ ᠬᠦᠳᠡᠭᠡ ᠲᠤᠰᠬᠤᠨ ᠤ ᠡᠮᠴᠢ ᠶᠢᠨ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠢ᠃ ᠬᠤᠰᠢᠭᠤ | ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ | ᠵᠢᠯ ᠪᠦᠷᠢ ᠬᠦᠳᠡᠭᠡ ᠲᠤᠰᠬᠤᠨ ᠤ ᠡᠮᠴᠢ ᠶᠢ 2 ᠤᠳᠠᠭ᠎ᠠ ᠠᠴᠠ ᠳᠡᠭᠡᠭᠰᠢ ᠰᠦᠢᠳᠭᠡᠯ ᠬᠤᠷᠢᠶᠠᠬᠤ ᠦᠭᠡᠢ ᠪᠠᠷ | ᠪᠣᠯᠪᠠᠰᠤᠷᠠᠭᠤᠯᠵᠤ᠂ ᠪᠣᠯᠪᠠᠰᠤᠷᠠᠭᠤᠯᠬᠤ ᠬᠤᠭᠤᠴᠠᠭ᠎ᠠ ᠶᠢ 2 ᠭᠠᠷᠠᠭ ᠠᠴᠠ ᠳᠤᠲᠠᠭᠤ ᠪᠠᠶᠢᠯᠭᠠᠵᠤ ᠪᠣᠯᠬᠤ ᠦᠭᠡᠢ︔ | ᠨᠦᠬᠦᠴᠡᠯ ᠲᠠᠢ ᠭᠠᠵᠠᠷ ᠣᠷᠣᠨ ᠤ ᠬᠢᠨ ᠮᠡᠳᠡᠭᠡ ᠵᠠᠩᠬᠢᠵᠢᠭᠤᠯᠬᠤ ᠠᠷᠭ᠎ᠠ ᠠᠪᠴᠠᠯ ᠢ ᠠᠰᠢᠭᠯᠠᠨ᠂ ᠬᠦᠳᠡᠭᠡ | ᠲᠤᠰᠬᠤᠨ ᠤ ᠡᠮᠴᠢ ᠶᠢ ᠰᠦᠯᠵᠢᠶᠡᠨ ᠳᠡᠭᠡᠷ᠎ᠡ ᠪᠣᠯᠪᠠᠰᠤᠷᠠᠭᠤᠯᠤᠯ ᠦᠷᠨᠢᠭᠦᠯᠬᠦ ᠶᠢ ᠵᠣᠷᠢᠬᠵᠢᠭᠤᠯᠬᠤ ᠬᠡᠷᠡᠭᠲᠡᠢ︔ | ᠬᠦᠳᠡᠭᠡ ᠲᠤᠰᠬᠤᠨ ᠤ ᠡᠮᠴᠢ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠦᠷᠨᠢᠭᠦᠯᠵᠦ᠂ ᠬᠦᠳᠡᠭᠡ | ᠲᠤᠰᠬᠤᠨ ᠤ ᠡᠮᠴᠢ ᠶᠢ 3 — 5 ᠵᠢᠯ ᠨᠢᠭᠡᠪᠦᠷᠢ ᠳᠤ ᠰᠦᠢᠳᠭᠡᠯ ᠬᠤᠷᠢᠶᠠᠬᠤ ᠦᠭᠡᠢ ᠪᠠᠷ ᠬᠤᠰᠢᠭᠤ ᠰᠢᠶᠠᠨ ᠤ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠶᠣ ᠨᠦᠬᠦᠴᠡᠯ ᠲᠠᠢ ᠭᠤᠣᠯ ᠡᠷᠡᠭᠦᠯ ᠬᠠᠮᠠᠭᠠᠯᠠᠯ ᠤᠨ | ᠬᠤᠷᠢᠶ᠎ᠠ ᠳᠤ ᠣᠴᠢᠭᠤᠯᠤᠨ ᠠᠵᠢᠯ ᠠᠴᠠ ᠨᠢ ᠰᠠᠯᠭᠠᠵᠤ ᠳᠠᠪᠳᠠᠨ ᠪᠣᠯᠪᠠᠰᠤᠷᠠᠭᠤᠯᠵᠤ᠂ ᠳᠠᠪᠳᠠᠨ ᠪᠤᠯᠪᠠᠰᠤᠷᠠᠭᠤᠯᠬᠤ | ᠬᠤᠭᠤᠴᠠᠭ᠎ᠠ ᠶᠢ ᠨᠢ ᠵᠠᠷᠴᠢᠮ ᠳᠡᠭᠡᠷ᠎ᠡ ᠪᠠᠨ 1 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ︔ ᠬᠦᠳᠡᠭᠡ | ᠲᠤᠰᠬᠤᠨ ᠤ ᠡᠮᠴᠢ ᠶᠢ ᠰᠠᠷ᠎ᠠ ᠪᠦᠷᠢ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ | ᠣᠴᠢᠭᠤᠯᠤᠨ 3 ᠡᠳᠦᠷ ᠠᠵᠢᠯᠯᠠᠭᠤᠯᠬᠤ ᠠᠮᠢᠳᠤᠯᠢᠭ ᠳᠠᠳᠤᠯᠭ᠎ᠠ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠵᠤ᠂ | ᠬᠦᠳᠡᠭᠡ ᠲᠤᠰᠬᠤᠨ ᠤ ᠡᠮᠴᠢ ᠳᠤ ᠲᠡᠭᠦᠨ ᠤ ᠲᠣᠬᠠᠶᠢᠯᠠᠭᠰᠠᠨ ᠠᠵᠢᠯ ᠤᠨ ᠲᠣᠬᠠᠢ ᠬᠠᠮᠢᠶ᠎ᠠ ᠪᠦᠬᠦᠢ ᠰᠦᠢᠳᠭᠡᠯ | ᠬᠤᠷᠢᠶᠠᠬᠤ ᠦᠭᠡᠢ ᠪᠣᠯᠪᠠᠰᠤᠷᠠᠭᠤᠯᠤᠯ ᠢ ᠦᠷᠨᠢᠭᠦᠯᠬᠦ ᠬᠡᠷᠡᠭᠲᠡᠢ︔ ᠡᠯ᠎ᠡ ᠭᠠᠵᠠᠷ ᠣᠷᠣᠨ ᠨᠤᠭᠤᠳ ᠠᠵᠢᠯ ᠡᠷᠬᠢᠯᠡᠬᠦ | ᠶᠡᠭᠡ ᠡᠮᠴᠢ ᠪᠣᠶᠣ ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ ᠶᠢᠨ ᠬᠢᠷᠢ ᠭᠡᠮ ᠲᠠᠢ ᠰᠢᠯᠢᠳᠡᠭ ᠬᠦᠳᠡᠭᠡ | ᠲᠤᠰᠬᠤᠨ ᠤ ᠡᠮᠴᠢ ᠶᠢ ᠰᠤᠩᠭᠤᠨ ᠲᠤᠮᠢᠯᠠᠵᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠪᠣᠯᠣᠨ | ᠮᠤᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠤᠴᠢᠭᠤᠯᠤᠨ ᠰᠦᠢᠳᠭᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠤᠯ | ᠬᠦᠷᠲᠡᠭᠡᠵᠦ ᠪᠣᠯᠣᠨ᠎ᠠ᠃ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠤᠳ ᠬᠦᠳᠡᠭᠡ ᠲᠤᠰᠬᠤᠨ ᠤ ᠡᠮᠴᠢ ᠶᠢᠨ ᠮᠤᠩᠭᠤᠯ ᠬᠢᠲᠠᠳ ᠡᠮ ᠡᠮᠨᠡᠯᠭᠡ ᠶᠢᠨ | ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠮᠤᠩᠭᠤᠯ ᠬᠢᠲᠠᠳ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ | ᠡᠵᠡᠮᠰᠢᠭᠦᠯᠦᠨ᠂ ᠮᠤᠩᠭᠤᠯ ᠬᠢᠲᠠᠳ ᠡᠮ ᠡᠮᠨᠡᠯᠭᠡ ᠶᠢᠨ ᠮᠡᠷᠭᠡᠵᠢᠯ ᠴᠢᠳᠠᠪᠤᠷᠢ ᠶᠢ ᠬᠡᠷᠡᠭᠯᠡᠨ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ ᠬᠡᠷᠡᠭᠲᠡᠢ᠃ | ᠲᠠᠪᠤ᠂ ᠬᠦᠳᠡᠭᠡ ᠲᠤᠰᠬᠤᠨ ᠤ ᠡᠮᠴᠢ ᠶᠢᠨ ᠠᠵᠢᠯ ᠤᠨ ᠪᠠᠶᠢᠷᠢ ᠶᠢᠨ ᠲᠠᠲᠠᠬᠤ ᠬᠦᠴᠦᠨ ᠢ ᠨᠡᠮᠡᠭᠳᠡᠭᠦᠯᠬᠦ | ᠬᠡᠷᠡᠭᠲᠡᠢ | ︵ᠠᠷᠪᠠᠨ ᠨᠢᠭᠡ︶ ᠬᠦᠳᠡᠭᠡ ᠲᠤᠰᠬᠤᠨ ᠤ ᠡᠮᠴᠢ ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠭᠡᠬᠦ | ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠵᠢᠯ | ᠡᠷᠬᠢᠯᠡᠬᠦ ᠶᠡᠭᠡ ᠡᠮᠴᠢ᠂ ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ ᠪᠣᠯᠣᠨ ᠠᠨᠠᠭᠠᠬᠤ ᠤᠬᠠᠭᠠᠨ ᠤ ᠳᠡᠭᠡᠳᠦ | ᠰᠤᠷᠭᠠᠭᠤᠯᠢ ᠠᠴᠠ ᠲᠡᠭᠦᠰᠦᠭᠰᠡᠳ ᠢ ᠲᠠᠲᠠᠨ ᠣᠷᠤᠭᠤᠯᠵᠤ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠤ ᠠᠵᠢᠯᠯᠠᠭᠤᠯᠬᠤ ᠬᠡᠷᠡᠭᠲᠡᠢ᠃ ᠬᠦᠳᠡᠭᠡ ᠲᠤᠰᠬᠤᠨ ᠤ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ | ᠱᠠᠭᠠᠷᠳᠠᠯᠭ᠎ᠠ ᠶᠤᠰᠤᠭᠠᠷ᠂ ᠬᠦᠳᠡᠭᠡ ᠲᠤᠰᠬᠤᠨ ᠤ ᠡᠮᠴᠢ ᠶᠢᠨ ᠤᠷᠢᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ | 45 ᠨᠠᠰᠤᠨ ᠠᠴᠠ ᠳᠤᠭᠤᠭᠰᠢᠬᠢ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠦᠷᠭᠦᠯᠵᠢᠯᠡᠨ | 10 ᠵᠢᠯ ᠠᠴᠠ ᠳᠡᠭᠡᠭᠰᠢ ᠠᠵᠢᠯ ᠡᠷᠬᠢᠯᠡᠭᠰᠡᠨ᠂ ᠠᠵᠢᠯ ᠡᠷᠬᠢᠯᠡᠬᠦ ︵ᠲᠤᠰᠠᠯᠠᠭᠴᠢ︶ ᠶᠡᠭᠡ ᠡᠮᠴᠢ ᠶᠢᠨ ᠬᠢᠷᠢ ᠭᠡᠮ ᠢ | ᠤᠯᠤᠭᠰᠠᠨ ᠬᠦᠳᠡᠭᠡ ᠲᠤᠰᠬᠤᠨ ᠤ ᠡᠮᠴᠢ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ 5 | ᠵᠢᠯ ᠠᠴᠠ ᠳᠡᠭᠡᠭᠰᠢ ᠠᠵᠢᠯᠯᠠᠭᠰᠠᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠳᠡᠭᠡᠳᠦ ᠳᠤᠮᠳᠠ ᠵᠡᠷᠭᠡ ᠶᠢᠨ | ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠲᠡᠭᠦᠰᠦᠭᠰᠡᠳ ᠵᠢᠴᠢ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠤ ᠠᠵᠢᠯᠯᠠᠬᠤ ᠵᠦᠪᠯᠡᠯᠴᠡᠭᠡᠷ ᠤᠨ ᠦᠢᠯᠡᠴᠢᠯᠡᠭᠡ ᠶᠢᠨ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ | ᠵᠠᠬᠢᠶᠠᠯᠠᠭᠠᠲᠤ ᠬᠠᠨᠳᠤᠯᠭ᠎ᠠ ᠲᠠᠢ ᠪᠠᠷ ᠬᠦᠮᠦᠵᠢᠭᠦᠯᠦᠭᠰᠡᠨ ᠠᠵᠢᠯᠲᠠᠨ ᠢ ᠰᠤᠮᠤ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠠ ᠨᠢ ᠰᠤᠯᠠ ᠣᠷᠣᠨ ᠲᠤᠭ᠎ᠠ ᠪᠠᠶᠢᠬᠤ ᠨᠦᠬᠦᠴᠡᠯ ᠳᠣᠣᠷ᠎ᠠ᠂ ᠬᠤᠯᠪᠤᠭᠳᠠᠯ ᠪᠦᠬᠦᠢ | ᠲᠣᠭᠲᠠᠭᠠᠯ ᠶᠤᠰᠤᠭᠠᠷ᠂ ᠰᠢᠯᠭᠠᠬᠤ᠂ ᠰᠢᠯᠭᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ | ᠳᠠᠮᠵᠢᠨ᠂ ᠰᠢᠯᠢᠳᠡᠭ ᠢ ᠤᠷᠢᠨ ᠬᠡᠷᠡᠭᠯᠡᠵᠦ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ | ᠣᠴᠢᠭᠤᠯᠤᠨ ᠠᠵᠢᠯᠯᠠᠭᠤᠯᠬᠤ ᠬᠡᠷᠡᠭᠲᠡᠢ᠃ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠠᠵᠢᠯᠯᠠᠵᠤ | ᠪᠠᠶᠢᠭ᠎ᠠ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠳᠡᠭᠡᠳᠦ ᠳᠤᠮᠳᠠ ᠵᠡᠷᠭᠡ ᠶᠢᠨ ᠲᠤᠰᠬᠠᠢ | ᠮᠡᠷᠭᠡᠵᠢᠯ ᠠᠴᠠ ᠲᠡᠭᠦᠰᠦᠭᠰᠡᠳ᠂ ᠵᠠᠬᠢᠶᠠᠯᠠᠭᠠᠲᠤ ᠬᠠᠨᠳᠤᠯᠭ᠎ᠠ ᠲᠠᠢ ᠪᠠᠷ ᠬᠦᠮᠦᠵᠢᠭᠦᠯᠦᠭᠰᠡᠨ ᠠᠵᠢᠯᠲᠠᠨ᠂ ᠰᠤᠮᠤ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠤᠷᠢᠨ ᠬᠡᠷᠡᠭᠯᠡᠭᠳᠡᠵᠦ ᠠᠵᠢᠯᠯᠠᠬᠤ ᠲᠣᠭᠲᠠᠭᠰᠠᠨ ᠴᠠᠭ | ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ᠂ ᠴᠢᠯᠦᠭᠡᠲᠡᠢ ᠪᠠᠷ ᠠᠵᠢᠯ ᠰᠢᠯᠵᠢᠵᠦ ᠪᠣᠯᠣᠨ᠎ᠠ᠃ | ᠵᠢᠷᠭᠤᠭ᠎ᠠ᠂ ᠬᠦᠳᠡᠭᠡ ᠲᠤᠰᠬᠤᠨ ᠤ ᠡᠮᠴᠢ ᠶᠢᠨ ᠦᠢᠯᠡᠴᠢᠯᠡᠭᠡᠨ ᠤ ᠵᠠᠭᠪᠤᠷ ᠢ ᠬᠤᠪᠢᠷᠠᠭᠤᠯᠬᠤ ᠬᠡᠷᠡᠭᠲᠡᠢ | ︵ᠠᠷᠪᠠᠨ ᠬᠤᠶᠠᠷ︶ ᠪᠣᠯᠵᠤᠭᠠᠲᠤ ᠬᠡᠯᠪᠡᠷᠢ ᠶᠢᠨ ᠦᠢᠯᠡᠴᠢᠯᠡᠭᠡ ᠶᠢ ᠦᠷᠨᠢᠭᠦᠯᠬᠦ ᠬᠡᠷᠡᠭᠲᠡᠢ᠃ ᠮᠠᠯᠵᠢᠬᠤ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠪᠣᠲᠠᠲᠠᠢ ᠬᠡᠷᠡᠭᠴᠡᠭᠡ ᠱᠠᠭᠠᠷᠳᠠᠯᠭ᠎ᠠ ᠪᠣᠯᠣᠨ ᠬᠦᠳᠡᠭᠡ ᠲᠤᠰᠬᠤᠨ ᠤ | ᠡᠮᠴᠢ ᠶᠢᠨ ᠦᠢᠯᠡᠴᠢᠯᠡᠭᠡᠨ ᠤ ᠴᠢᠳᠠᠪᠤᠷᠢ ᠳᠤ ᠰᠠᠭᠤᠷᠢᠯᠠᠨ᠂ ᠡᠷᠡᠭᠦᠯ ᠮᠡᠨᠳᠦ ᠶᠢᠨ ᠬᠠᠮᠢᠶᠠᠷᠤᠯᠲᠠ᠂ ᠶᠡᠷᠦᠩᠬᠡᠶᠢᠯᠡᠭᠰᠡᠨ | ᠦᠭᠡᠷᠡᠴᠢᠯᠡᠯᠲᠡ ᠪᠠᠷ ᠤᠳᠤᠷᠢᠳᠤᠮᠵᠢ ᠪᠣᠯᠭᠠᠵᠤ᠂ ᠬᠦᠳᠡᠭᠡ ᠲᠤᠰᠬᠤᠨ ᠤ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ | ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠦᠳᠡᠭᠡ ᠲᠤᠰᠬᠤᠨ ᠤ ᠡᠮᠴᠢ ᠪᠣᠶᠣ ᠰᠤᠮᠤ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠣᠬᠠᠶᠢᠯᠠᠭᠰᠠᠨ ᠠᠵᠢᠯ ᠤᠨ ᠨᠢᠷᠤᠭᠤᠪᠴᠢ ᠬᠦᠴᠦᠨ ᠪᠣᠯᠣᠨ | ᠬᠦᠳᠡᠭᠡ ᠲᠤᠰᠬᠤᠨ ᠤ ᠡᠮᠴᠢ ᠪᠠᠷ ᠪᠦᠷᠢᠯᠳᠦᠭᠰᠡᠨ ᠪᠦᠯᠬᠦᠮ ᠨᠢ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠯᠤᠭ᠎ᠠ ᠵᠣᠬᠢᠬᠤ ᠴᠠᠭ ᠬᠤᠭᠤᠴᠠᠭᠠᠨ ᠤ ᠦᠢᠯᠡᠴᠢᠯᠡᠭᠡᠨ ᠤ ᠵᠦᠪᠯᠡᠯᠴᠡᠭᠡᠷ ᠲᠣᠭᠲᠠᠵᠤ᠂ ᠬᠠᠷᠢᠴᠠᠩᠭᠤᠢ | ᠲᠣᠭᠲᠠᠭᠤᠨ ᠪᠣᠯᠵᠤᠭ᠎ᠠ ᠪᠦᠬᠦᠢ ᠦᠢᠯᠡᠴᠢᠯᠡᠭᠡᠨ ᠤ ᠬᠠᠷᠢᠴᠠᠭ᠎ᠠ ᠶᠢ ᠪᠠᠶᠢᠭᠤᠯᠤᠨ᠂ ᠪᠤᠯᠵᠤᠭᠰᠠᠨ ᠦᠨᠳᠦᠰᠦᠨ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠬᠠᠩᠭᠠᠬᠤ ᠶᠢᠨ ᠬᠠᠮᠲᠤ᠂ ᠲᠣᠭᠲᠠᠭᠠᠯ ᠶᠤᠰᠤᠭᠠᠷ | ᠦᠢᠯᠡᠴᠢᠯᠡᠭᠡᠨ ᠤ ᠰᠦᠢᠳᠭᠡᠯ ᠬᠤᠷᠢᠶᠠᠬᠤ ᠬᠡᠷᠡᠭᠲᠡᠢ᠃ ᠦᠢᠯᠡᠴᠢᠯᠡᠭᠡᠨ ᠤ ᠰᠦᠢᠳᠭᠡᠯ ᠢ ᠬᠦᠳᠡᠭᠡ ᠲᠤᠰᠬᠤᠨ ᠤ | ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡ ᠶᠢᠨ ᠰᠠᠭᠤᠷᠢ ᠮᠦᠩᠭᠦ᠂ ᠦᠨᠳᠦᠰᠦᠨ ᠣᠯᠠᠨ ᠨᠠᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢᠨ ᠵᠠᠷᠤᠳᠠᠯ ᠪᠣᠯᠣᠨ ᠭᠡᠷ᠎ᠡ ᠲᠣᠭᠲᠠᠭᠰᠠᠨ ᠰᠠᠭᠤᠭᠠᠯᠢ ᠠᠷᠠᠳ ᠠᠴᠠ ᠡᠭᠦᠷᠭᠡᠯᠡᠵᠦ᠂ | ᠪᠤᠲᠠᠲᠠᠢ ᠪᠠᠷᠢᠮᠵᠢᠶ᠎ᠠ ᠪᠣᠯᠣᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠡᠯ᠎ᠡ ᠭᠠᠵᠠᠷ ᠣᠷᠣᠨ ᠨᠤᠭᠤᠳ ᠲᠣᠬᠠᠢ ᠶᠢᠨ | ᠭᠠᠵᠠᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ᠂ ᠭᠡᠷ᠎ᠡ ᠲᠣᠭᠲᠠᠭᠰᠠᠨ | ᠬᠦᠮᠦᠰ ᠤᠨ ᠪᠦᠲᠦᠴᠡ ᠵᠢᠴᠢ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡ ᠶᠢᠨ ᠰᠠᠭᠤᠷᠢ | ᠮᠦᠩᠭᠦ ᠪᠣᠯᠣᠨ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ | ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠦᠨᠳᠦᠰᠦᠯᠡᠨ ᠲᠣᠭᠲᠠᠭᠠᠬᠤ ᠬᠡᠷᠡᠭᠲᠡᠢ᠃ ᠬᠦᠳᠡᠭᠡ ᠲᠤᠰᠬᠤᠨ ᠤ | ᠡᠮᠴᠢᠳ ᠭᠡᠷ᠎ᠡ ᠲᠣᠭᠲᠠᠨ ᠦᠢᠯᠡᠴᠢᠯᠡᠭᠡ ᠬᠠᠩᠭᠠᠬᠤ ᠳᠠᠭᠠᠨ ᠲᠣᠭᠲᠠᠭᠠᠭᠰᠠᠨ ᠦᠢᠯᠡᠴᠢᠯᠡᠭᠡᠨ ᠤ ᠰᠦᠢᠳᠭᠡᠯ | ᠬᠤᠷᠢᠶᠠᠬᠤ ᠠᠴᠠ ᠭᠠᠳᠠᠨ᠎ᠠ᠂ ᠠᠰᠲᠠᠭᠠᠨ ᠪᠤᠰᠤᠳ ᠰᠦᠢᠳᠭᠡᠯ ᠬᠤᠷᠢᠶᠠᠵᠤ ᠪᠣᠯᠬᠤ ᠦᠭᠡᠢ᠃ | ︵ᠠᠷᠪᠠᠨ ᠭᠤᠷᠪᠠ︶ ᠬᠦᠳᠡᠭᠡ ᠲᠤᠰᠬᠤᠨ ᠤ ᠶᠡᠷᠦᠩᠬᠡᠢ ᠰᠠᠯᠠᠭ᠎ᠠ ᠶᠢᠨ ᠠᠵᠢᠯ ᠡᠷᠬᠢᠯᠡᠬᠦ ᠲᠤᠰᠠᠯᠠᠭᠴᠢ ᠶᠡᠭᠡ | ᠡᠮᠴᠢ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠬᠦᠳᠡᠭᠡ ᠲᠤᠰᠬᠤᠨ ᠤ ᠡᠮᠴᠢ ᠶᠢᠨ ᠡᠩᠨᠡᠭᠡ ᠪᠣᠯᠣᠨ ᠶᠡᠷᠦᠩᠬᠡᠢ | ᠰᠠᠯᠠᠭ᠎ᠠ ᠶᠢᠨ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠵᠤᠯᠭᠠᠭᠤᠯᠲᠠ ᠶᠢ ᠰᠠᠶᠢᠲᠤᠷ ᠬᠢᠬᠦ ᠬᠡᠷᠡᠭᠲᠡᠢ᠃ | ᠣᠳᠣ ᠶᠢᠨ ᠬᠡᠷᠡᠭᠵᠢᠭᠦᠯᠵᠦ ᠪᠠᠶᠢᠭ᠎ᠠ ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ ᠶᠢᠨ ᠬᠢᠷᠢ ᠭᠡᠮ ᠤᠨ ᠰᠢᠯᠭᠠᠯᠲᠠ ᠳᠤ | ᠬᠦᠳᠡᠭᠡ ᠲᠤᠰᠬᠤᠨ ᠤ ᠶᠡᠷᠦᠩᠬᠡᠢ ᠰᠠᠯᠠᠭ᠎ᠠ ᠶᠢᠨ ᠠᠵᠢᠯ ᠡᠷᠬᠢᠯᠡᠬᠦ ᠲᠤᠰᠠᠯᠠᠭᠴᠢ ᠡᠮᠴᠢ ᠶᠢᠨ ᠬᠢᠷᠢ ᠭᠡᠮ ᠤᠨ | ᠰᠢᠯᠭᠠᠯᠲᠠ ᠶᠢ ᠨᠡᠮᠡᠨ ᠲᠣᠬᠢᠷᠠᠭᠤᠯᠬᠤ ᠬᠡᠷᠡᠭᠲᠡᠢ᠃ ᠬᠦᠳᠡᠭᠡ ᠲᠤᠰᠬᠤᠨ ᠤ ᠶᠡᠷᠦᠩᠬᠡᠢ ᠰᠠᠯᠠᠭ᠎ᠠ ᠶᠢᠨ ᠠᠵᠢᠯ ᠡᠷᠬᠢᠯᠡᠬᠦ | ᠲᠤᠰᠠᠯᠠᠭᠴᠢ ᠶᠡᠭᠡ ᠡᠮᠴᠢ ᠶᠢᠨ ᠬᠢᠷᠢ ᠭᠡᠮ ᠤᠨ ᠰᠢᠯᠭᠠᠯᠲᠠ ᠶᠢ ᠤᠯᠤᠰ ᠤᠨ ᠶᠡᠭᠡ ᠡᠮᠴᠢ ᠶᠢᠨ ᠬᠢᠷᠢ ᠭᠡᠮ ᠤᠨ | ᠰᠢᠯᠭᠠᠯᠲᠠ ᠶᠢᠨ ᠬᠠᠮᠢᠶ᠎ᠠ ᠪᠦᠬᠦᠢ ᠲᠣᠭᠲᠠᠭᠠᠯ ᠶᠤᠰᠤᠭᠠᠷ ᠬᠡᠷᠡᠭᠵᠢᠭᠦᠯᠵᠦ᠂ ᠰᠢᠯᠭᠠᠯᠲᠠ ᠳᠤ ᠬᠢᠷᠢ ᠲᠡᠩᠴᠡᠭᠰᠡᠳ ᠲᠤ | ᠬᠦᠳᠡᠭᠡ ᠲᠤᠰᠬᠤᠨ ᠤ ᠶᠡᠷᠦᠩᠬᠡᠢ ᠰᠠᠯᠠᠭ᠎ᠠ ᠶᠢᠨ ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ ᠶᠢᠨ ᠬᠢᠷᠢ ᠭᠡᠮ ᠤᠨ | ᠦᠨᠡᠮᠯᠡᠯ ᠣᠯᠭᠤᠵᠣ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠶᠣ ᠭᠠᠴᠠᠭ᠎ᠠ | ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠠᠵᠢᠯ ᠡᠷᠬᠢᠯᠡᠬᠦ ᠪᠠᠷ ᠬᠢᠵᠠᠭᠠᠷᠯᠠᠬᠤ ᠬᠡᠷᠡᠭᠲᠡᠢ᠃ ᠬᠦᠳᠡᠭᠡ | ᠲᠤᠰᠬᠤᠨ ᠤ ᠶᠡᠷᠦᠩᠬᠡᠢ ᠰᠠᠯᠠᠭ᠎ᠠ ᠶᠢᠨ ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ ᠶᠢᠨ ᠬᠢᠷᠢ ᠭᠡᠮ ᠢ ᠤᠯᠤᠭᠰᠠᠨ | ᠠᠵᠢᠯᠲᠠᠨ ᠲᠣᠭᠲᠠᠭᠠᠯ ᠶᠤᠰᠤᠭᠠᠷ ᠶᠡᠭᠡ ᠡᠮᠴᠢ ᠶᠢᠨ ᠬᠢᠷᠢ ᠭᠡᠮ ᠤᠨ ᠰᠢᠯᠭᠠᠯᠲᠠ ᠳᠤ ᠣᠷᠤᠯᠴᠠᠵᠤ ᠪᠣᠯᠣᠨ᠎ᠠ᠃ | ᠳᠤᠯᠤᠭ᠎ᠠ᠂ ᠬᠦᠳᠡᠭᠡ ᠲᠤᠰᠬᠤᠨ ᠤ ᠡᠮᠴᠢ ᠶᠢᠨ ᠵᠦᠢ ᠵᠣᠬᠢᠰᠲᠠᠢ ᠣᠷᠣᠯᠭ᠎ᠠ ᠶᠢ ᠪᠠᠲᠤᠯᠠᠬᠤ ᠬᠡᠷᠡᠭᠲᠡᠢ | ︵ᠠᠷᠪᠠᠨ ᠳᠥᠷᠪᠡ︶ ᠬᠦᠳᠡᠭᠡ ᠲᠤᠰᠬᠤᠨ ᠤ ᠡᠮᠴᠢ ᠶᠢ ᠣᠯᠠᠨ ᠠᠷᠭ᠎ᠠ ᠵᠠᠮ ᠢᠶᠠᠷ ᠨᠦᠬᠦᠪᠦᠷᠢᠯᠡᠬᠦ | ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠬᠦᠳᠡᠭᠡ | ᠲᠤᠰᠬᠤᠨ ᠤ ᠡᠮᠴᠢ ᠶᠢᠨ ᠠᠵᠢᠯ ᠤᠨ ᠪᠤᠲᠠᠲᠠᠢ ᠪᠠᠶᠢᠳᠠᠯ᠂ ᠦᠢᠯᠡᠴᠢᠯᠡᠭᠡᠨ ᠤ ᠴᠢᠳᠠᠪᠤᠷᠢ ᠪᠣᠯᠣᠨ ᠦᠢᠯᠡᠴᠢᠯᠡᠭᠡᠨ ᠤ | ᠦᠪᠡᠷ ᠤᠨ ᠥᠷᠲᠡᠭ ᠢ ᠶᠡᠷᠦᠩᠬᠡᠶᠢᠯᠡᠨ ᠪᠤᠳᠤᠯᠬᠢᠯᠠᠵᠤ᠂ ᠵᠠᠰᠠᠭ ᠤᠨ ᠣᠷᠳᠤᠨ ᠠᠴᠠ ᠦᠢᠯᠡᠴᠢᠯᠡᠭᠡ ᠬᠤᠳᠠᠯᠳᠤᠨ | ᠠᠪᠬᠤ ᠠᠷᠭ᠎ᠠ ᠮᠠᠶ᠋ᠢᠭ ᠢᠶᠠᠷ ᠬᠦᠳᠡᠭᠡ ᠲᠤᠰᠬᠤᠨ ᠤ ᠡᠮᠴᠢ ᠶᠢᠨ ᠵᠦᠢ ᠵᠣᠬᠢᠰᠲᠠᠢ ᠣᠷᠣᠯᠭ᠎ᠠ ᠶᠢᠨ ᠬᠢᠷᠢ ᠬᠡᠮᠵᠢᠶ᠎ᠡ ᠶᠢ | ᠪᠠᠲᠤᠯᠠᠬᠤ ᠬᠡᠷᠡᠭᠲᠡᠢ᠃ | ᠬᠦᠳᠡᠭᠡ ᠲᠤᠰᠬᠤᠨ ᠤ ᠡᠮᠴᠢ ᠶᠢᠨ ᠬᠠᠩᠭᠠᠭᠰᠠᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠳᠤ ᠬᠢᠨᠠᠨ ᠲᠣᠭᠲᠠᠭᠠᠭᠰᠠᠨ ᠡᠭᠦᠷᠭᠡ ᠶᠢᠨ ᠬᠡᠮᠵᠢᠶ᠎ᠡ ᠪᠣᠯᠣᠨ ᠰᠢᠯᠭᠠᠨ ᠬᠢᠨᠠᠭᠰᠠᠨ ᠦᠷ᠎ᠡ ᠳ᠋ᠦᠩ ᠢ | ᠦᠨᠳᠦᠰᠦᠯᠡᠨ᠂ ᠵᠣᠬᠢᠬᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠢ | ᠬᠦᠳᠡᠭᠡ ᠲᠤᠰᠬᠤᠨ ᠤ ᠡᠮᠴᠢ ᠳᠤ ᠰᠢᠯᠵᠢᠭᠦᠯᠦᠨ ᠥᠭᠬᠦ ᠬᠡᠷᠡᠭᠲᠡᠢ᠃ 2014 ᠣᠨ ᠪᠠ 2015 ᠣᠨ ᠳᠤ | ᠮᠠᠯᠵᠢᠬᠤ ᠲᠠᠷᠢᠶᠠᠯᠠᠬᠤ ᠣᠷᠣᠨ ᠤ ᠬᠦᠮᠦᠨ ᠨᠢᠭᠡᠪᠦᠷᠢ ᠳᠤ ᠳᠤᠮᠳᠠᠴᠢ ᠪᠠᠷ 5 ᠲᠦᠭᠦᠷᠢᠭ ᠤᠨ ᠰᠢᠨ᠎ᠡ ᠪᠠᠷ | ᠨᠡᠮᠡᠭᠳᠡᠭᠰᠡᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠰᠠᠯᠠᠮᠵᠢ ᠶᠢᠨ ᠪᠡᠯᠡ | ᠮᠦᠩᠭᠦ ᠶᠢ ᠪᠦᠬᠦᠨ ᠢ ᠬᠦᠳᠡᠭᠡ ᠲᠤᠰᠬᠤᠨ ᠤ ᠡᠮᠴᠢ ᠳᠤ ᠬᠡᠷᠡᠭᠯᠡᠭᠰᠡᠨ ᠰᠠᠭᠤᠷᠢᠨ ᠳᠡᠭᠡᠷ᠎ᠡ᠂ ᠢᠷᠡᠭᠡᠳᠦᠢ ᠳᠤ | ᠰᠢᠨ᠎ᠡ ᠪᠠᠷ ᠨᠡᠮᠡᠭᠳᠡᠬᠦ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠰᠠᠯᠠᠮᠵᠢ ᠶᠢᠨ ᠪᠡᠯᠡ ᠮᠦᠩᠭᠦ ᠶᠢ | ᠤᠯᠤᠰ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ ᠭᠤᠣᠯᠳᠠᠯᠭ᠎ᠠ ᠲᠠᠢ ᠪᠠᠷ ᠬᠦᠳᠡᠭᠡ ᠲᠤᠰᠬᠤᠨ ᠤ ᠡᠮᠴᠢ | ᠲᠡᠰᠢ ᠬᠡᠯᠪᠠᠶᠢᠯᠭᠡᠵᠦ᠂ ᠭᠠᠴᠠᠭ᠎ᠠ ᠲᠤᠰᠬᠤᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢᠨ ᠠᠵᠢᠯ ᠢ ᠴᠢᠩᠭᠠᠳᠬᠠᠬᠤ ᠳᠤ ᠬᠡᠷᠡᠭᠯᠡᠬᠦ ᠬᠡᠷᠡᠭᠲᠡᠢ᠃ | ᠬᠦᠳᠡᠭᠡ ᠲᠤᠰᠬᠤᠨ ᠤ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠪᠣᠯᠣᠨ ᠬᠦᠳᠡᠭᠡ ᠲᠤᠰᠬᠤᠨ ᠤ ᠰᠢᠨ᠎ᠡ | ᠬᠡᠯᠪᠡᠷᠢ ᠶᠢᠨ ᠬᠤᠷᠰᠢᠭᠰᠠᠨ ᠡᠮᠴᠢᠯᠡᠭᠡ ᠶᠢᠨ ᠡᠭᠦᠳᠡᠨ ᠡᠮᠨᠡᠯᠭᠡ ᠶᠢᠨ ᠨᠢᠭᠡᠲᠦᠯᠲᠡᠢ ᠲᠦᠯᠦᠪᠯᠡᠭᠡ ᠶᠢ ᠬᠡᠷᠡᠭᠵᠢᠭᠦᠯᠦᠭᠰᠡᠨ | ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠡᠩ ᠤᠨ ᠣᠨᠣᠰᠢᠯᠠᠨ ᠡᠮᠨᠡᠭᠦᠯᠬᠦ ᠰᠦᠢᠳᠭᠡᠯ ᠢ | ᠬᠤᠷᠢᠶᠠᠨ ᠠᠪᠴᠤ ᠪᠣᠯᠣᠨ᠎ᠠ᠂ ᠰᠦᠢᠳᠭᠡᠯ ᠬᠤᠷᠢᠶᠠᠬᠤ ᠪᠠᠷᠢᠮᠵᠢᠶ᠎ᠠ ᠨᠢ ᠬᠦᠮᠦᠨ ᠤᠳᠠᠭ᠎ᠠ ᠨᠢᠭᠡᠪᠦᠷᠢ ᠳᠤ 8 | ᠲᠦᠭᠦᠷᠢᠭ᠂ ᠡᠭᠦᠨ ᠳᠤ 6 ᠲᠦᠭᠦᠷᠢᠭ ᠢ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ | ᠡᠮᠴᠢᠯᠡᠭᠡ ᠶᠢᠨ ᠰᠠᠭᠤᠷᠢ ᠮᠦᠩᠭᠦ ᠠᠴᠠ ᠳᠠᠩᠰᠠᠨ ᠠᠴᠠ ᠲᠠᠶᠢᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ | ᠨᠦᠬᠦᠴᠡᠯ ᠳᠤ ᠨᠡᠶᠢᠴᠡᠬᠦ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠬᠦᠳᠡᠭᠡ ᠲᠤᠰᠬᠤᠨ ᠤ ᠰᠢᠨ᠎ᠡ | ᠬᠡᠯᠪᠡᠷᠢ ᠶᠢᠨ ᠬᠤᠷᠰᠢᠭᠰᠠᠨ ᠡᠮᠴᠢᠯᠡᠭᠡ ᠶᠢᠨ ᠲᠣᠭᠲᠠᠭᠠᠭᠰᠠᠨ ᠴᠢᠬ ᠤᠨ ᠡᠮᠴᠢᠯᠡᠭᠡᠨ ᠤ ᠪᠠᠶᠢᠭᠤᠯᠤᠮᠵᠢ ᠶᠢᠨ | ᠬᠠᠮᠢᠶᠠᠷᠤᠯᠲᠠ ᠳᠤ ᠣᠷᠤᠭᠤᠯᠬᠤ ᠬᠡᠷᠡᠭᠲᠡᠢ᠃ | ᠦᠨᠳᠦᠰᠦᠨ ᠡᠮ ᠤᠨ ᠵᠦᠢᠯᠡᠰ ᠤᠨ ᠳᠦᠷᠢᠮ ᠢ ᠬᠡᠷᠡᠭᠵᠢᠭᠦᠯᠵᠦ ᠪᠦᠬᠦᠢ ᠭᠠᠴᠠᠭ᠎ᠠ ᠲᠤᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠲᠤ᠂ ᠲᠥᠪ ᠤᠨ ᠡᠳ᠋ ᠤᠨ ᠵᠠᠰᠠᠭ ᠤᠨ ᠲᠤᠰᠠᠯᠠᠮᠵᠢ ᠶᠢᠨ ᠰᠠᠭᠤᠷᠢᠨ ᠳᠡᠭᠡᠷ᠎ᠡ᠂ ᠦᠪᠡᠷᠲᠡᠭᠡᠨ | ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠳ ᠮᠠᠯᠵᠢᠬᠤ ᠲᠠᠷᠢᠶᠠᠯᠠᠬᠤ ᠣᠷᠣᠨ ᠤ 1000 | ᠦᠢᠯᠡᠴᠢᠯᠡᠭᠡᠨ ᠤ ᠬᠦᠮᠦᠨ ᠠᠮᠠ ︵ᠴᠤᠯ ᠮᠠᠯ ᠠᠵᠤ ᠠᠬᠤᠢ ᠶᠢᠨ ᠬᠤᠰᠢᠭᠤ ᠰᠢᠶᠠᠨ ᠪᠣᠯ 600 ᠦᠢᠯᠡᠴᠢᠯᠡᠭᠡᠨ ᠤ | ᠬᠦᠮᠦᠨ ᠠᠮᠠ︶ ᠨᠢᠭᠡᠪᠦᠷᠢ ᠳᠤ ᠵᠢᠯ ᠪᠦᠷᠢ 8000 ᠲᠦᠭᠦᠷᠢᠭ ᠲᠤᠰᠠᠯᠠᠬᠤ ᠪᠠᠷᠢᠮᠵᠢᠶ᠎ᠠ ᠶᠤᠰᠤᠭᠠᠷ ᠲᠤᠰᠠᠯᠠᠮᠵᠢ ᠶᠢᠨ | ᠪᠡᠯᠡ ᠮᠦᠩᠭᠦ ᠶᠢ ᠲᠣᠬᠢᠷᠠᠭᠤᠯᠬᠤ ᠬᠡᠷᠡᠭᠲᠡᠢ᠃ ᠳᠡᠭᠡᠷ᠎ᠡ ᠳᠤᠷᠠᠳᠤᠭᠰᠠᠨ ᠲᠤᠰᠠᠯᠠᠮᠵᠢ ᠶᠢᠨ ᠪᠡᠯᠡ ᠮᠦᠩᠭᠦ ᠶᠢ ᠡᠯ᠎ᠡ | ᠬᠤᠰᠢᠭᠤ ᠰᠢᠶᠠᠨ ᠨᠤᠭᠤᠳ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠣᠯᠣᠨ ᠦᠨᠳᠦᠰᠦᠨ | ᠡᠮᠴᠢᠯᠡᠭᠡ ᠶᠢᠨ ᠦᠢᠯᠡᠴᠢᠯᠡᠭᠡᠨ ᠤ ᠪᠠᠶᠢᠳᠠᠯ ᠢ ᠶᠡᠷᠦᠩᠬᠡᠶᠢᠯᠡᠨ ᠪᠣᠳᠤᠯᠬᠢᠯᠠᠵᠤ᠂ ᠪᠣᠲᠠᠲᠠᠢ ᠲᠠᠢ ᠪᠠᠨ ᠤᠶᠠᠯᠳᠤᠭᠤᠯᠤᠨ | ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠲᠣᠭᠲᠠᠭᠠᠭᠰᠠᠨ ᠲᠤᠭ᠎ᠠ ᠪᠠᠷ ᠲᠤᠰᠠᠯᠠᠬᠤ ᠪᠠᠷᠢᠮᠵᠢᠶ᠎ᠠ ᠶᠢ | ᠲᠦᠷᠦᠯ ᠬᠤᠪᠢᠶᠠᠨ ᠲᠣᠭᠲᠠᠭᠠᠬᠤ ᠬᠡᠷᠡᠭᠲᠡᠢ᠃ | ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠬᠦᠳᠡᠭᠡ ᠲᠤᠰᠬᠤᠨ ᠤ ᠡᠮᠴᠢ ᠶᠢᠨ ᠡᠯ᠎ᠡ | ᠵᠦᠢᠯ ᠤᠨ ᠠᠷᠭ᠎ᠠ ᠵᠠᠮ ᠢᠶᠠᠷ ᠲᠤᠰᠠᠯᠠᠬᠤ ᠪᠠᠷᠢᠮᠵᠢᠶ᠎ᠠ ᠶᠢ ᠬᠦᠳᠡᠯᠦᠩᠭᠦᠢ ᠪᠠᠷ ᠲᠣᠬᠢᠷᠠᠭᠤᠯᠵᠤ᠂ ᠬᠦᠳᠡᠭᠡ | ᠲᠤᠰᠬᠤᠨ ᠤ ᠡᠮᠴᠢ ᠶᠢᠨ ᠣᠯᠭᠤᠮᠵᠢ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ | ᠤᠯᠤᠰ ᠪᠠ ᠦᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ | ᠪᠣᠯᠣᠨ ᠲᠦᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠭᠠᠵᠠᠷ ᠣᠷᠣᠨ ᠳᠤ ᠦᠢᠯᠡᠴᠢᠯᠡᠬᠦ ᠬᠦᠳᠡᠭᠡ | ᠲᠤᠰᠬᠤᠨ ᠤ ᠡᠮᠴᠢᠳ ᠲᠤ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠠᠴᠠ ᠲᠤᠰᠠᠯᠠᠮᠵᠢ | ᠣᠯᠭᠤᠬᠤ ᠬᠡᠮᠵᠢᠶ᠎ᠡ ᠶᠢ ᠨᠢ ᠵᠣᠬᠢᠰᠲᠠᠢ ᠪᠠᠷ ᠨᠡᠮᠡᠭᠳᠡᠭᠦᠯᠬᠦ ᠬᠡᠷᠡᠭᠲᠡᠢ᠃ | ︵ᠠᠷᠪᠠᠨ ᠲᠠᠪᠤ︶ ᠵᠠᠷᠤᠳᠠᠯ ᠢ ᠰᠢᠯᠵᠢᠭᠦᠯᠦᠨ ᠥᠭᠬᠦ ᠪᠠ ᠬᠢᠨᠠᠨ ᠬᠠᠮᠢᠶᠠᠷᠬᠤ ᠶᠢ ᠵᠢᠷᠤᠮᠵᠢᠭᠤᠯᠬᠤ ᠬᠡᠷᠡᠭᠲᠡᠢ᠃ | ᠬᠦᠳᠡᠭᠡ ᠲᠤᠰᠬᠤᠨ ᠤ ᠡᠮᠴᠢ ᠶᠢᠨ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠦᠩᠭᠦ ᠵᠢᠴᠢ ᠬᠦᠳᠡᠭᠡ | ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡ ᠶᠢᠨ ᠨᠦᠬᠦᠪᠦᠷᠢ ᠪᠡᠯᠡ ᠮᠦᠩᠭᠦ ᠶᠢ ᠰᠢᠯᠵᠢᠭᠦᠯᠦᠨ | ᠥᠭᠬᠦ ᠪᠠ ᠬᠢᠨᠠᠨ ᠬᠠᠮᠢᠶᠠᠷᠬᠤ ᠶᠢ ᠵᠢᠷᠤᠮᠵᠢᠭᠤᠯᠤᠨ ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠲᠠᠢ ᠬᠠᠮᠵᠢᠯᠴᠠᠨ ᠤᠷᠢᠳᠠᠪᠠᠷ ᠤᠷᠢᠳᠴᠢᠯᠠᠨ ᠣᠯᠭᠤᠭᠰᠠᠨ ᠤ ᠳᠠᠷᠠᠭ᠎ᠠ ᠰᠢᠯᠭᠠᠨ ᠬᠢᠨᠠᠵᠤ ᠳ᠋ᠦᠩᠨᠡᠨ | ᠪᠤᠳᠤᠬᠤ ᠪᠠ ᠨᠡᠶᠢᠭᠡᠮᠴᠢᠯᠡᠨ ᠲᠠᠷᠬᠠᠭᠠᠬᠤ ᠠᠷᠭ᠎ᠠ ᠮᠠᠶ᠋ᠢᠭ ᠢ ᠬᠡᠷᠡᠭᠯᠡᠨ᠂ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ | ᠮᠦᠩᠭᠦ ᠶᠢ ᠰᠢᠭᠤᠳ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠰᠢᠯᠵᠢᠭᠦᠯᠦᠨ ᠥᠭᠴᠦ᠂ | ᠤᠷᠢᠳᠴᠢᠯᠠᠨ ᠥᠭᠬᠦ ᠪᠡᠯᠡ ᠮᠦᠩᠭᠦ ᠶᠢ ᠵᠢᠯ ᠪᠦᠷᠢ ᠶᠢᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠰᠢᠯᠵᠢᠭᠦᠯᠦᠨ ᠥᠭᠬᠦ ᠶᠢ ᠪᠣᠲᠠᠲᠠᠶᠢᠵᠢᠭᠤᠯᠤᠨ᠂ ᠰᠢᠯᠵᠢᠭᠦᠯᠦᠨ ᠥᠭᠬᠦ ᠬᠠᠷᠢᠴᠠᠯ ᠢ 70% ᠠᠴᠠ ᠳᠣᠣᠷ᠎ᠠ | ᠪᠠᠶᠢᠯᠭᠠᠵᠤ ᠪᠣᠯᠬᠤ ᠦᠭᠡᠢ᠂ ᠰᠢᠯᠭᠠᠨ ᠬᠢᠨᠠᠵᠤ ᠳ᠋ᠦᠩᠨᠡᠨ ᠪᠤᠳᠤᠭᠰᠠᠨ ᠪᠡᠯᠡ ᠮᠦᠩᠭᠦ ᠶᠢ ᠵᠢᠯ ᠪᠦᠷᠢ ᠶᠢᠨ ᠵᠢᠯ ᠤᠨ | ᠰᠡᠭᠦᠯᠴᠢ ᠠᠴᠠ ᠡᠮᠦᠨ᠎ᠡ ᠰᠢᠯᠵᠢᠭᠦᠯᠦᠨ ᠥᠭᠬᠦ ᠶᠢ ᠪᠣᠲᠠᠲᠠᠶᠢᠵᠢᠭᠤᠯᠬᠤ ᠬᠡᠷᠡᠭᠲᠡᠢ᠃ ᠬᠦᠳᠡᠭᠡ ᠲᠤᠰᠬᠤᠨ ᠤ ᠰᠢᠨ᠎ᠡ | ᠬᠡᠯᠪᠡᠷᠢ ᠶᠢᠨ ᠬᠤᠷᠰᠢᠭᠰᠠᠨ ᠡᠮᠴᠢᠯᠡᠭᠡ ᠶᠢᠨ ᠪᠠᠶᠢᠭᠤᠯᠤᠮᠵᠢ ᠨᠤᠭᠤᠳ ︽ᠶᠡᠷᠦᠩᠬᠡᠢ ᠲᠤᠭ᠎ᠠ ᠶᠢ ᠲᠦᠰᠦᠪᠯᠡᠬᠦ᠂ | ᠵᠢᠯ ᠢᠶᠠᠷ ᠳᠠᠭᠠᠭᠠᠴᠢᠯᠠᠭᠤᠯᠬᠤ︾ ᠠᠷᠭ᠎ᠠ ᠮᠠᠶ᠋ᠢᠭ ᠢ ᠬᠡᠷᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠦᠳᠡᠭᠡ | ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡ ᠶᠢᠨ ᠨᠦᠬᠦᠪᠦᠷᠢ ᠪᠡᠯᠡ ᠮᠦᠩᠭᠦ ᠶᠢ ᠭᠠᠴᠠᠭ᠎ᠠ | ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠰᠢᠯᠵᠢᠭᠦᠯᠦᠨ ᠥᠭᠴᠦ᠂ ᠵᠢᠯ ᠤᠨ ᠰᠡᠭᠦᠯᠴᠢ ᠪᠠᠷ ᠳ᠋ᠦᠩᠨᠡᠨ | ᠪᠤᠳᠤᠬᠤ ᠬᠡᠷᠡᠭᠲᠡᠢ᠃ ᠬᠦᠳᠡᠭᠡ ᠲᠤᠰᠬᠤᠨ ᠤ ᠡᠮᠴᠢ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠰᠢᠯᠭᠠᠨ ᠬᠢᠨᠠᠭᠰᠠᠨ ᠦᠷ᠎ᠡ ᠳ᠋ᠦᠩ ᠢ ᠬᠦᠳᠡᠭᠡ ᠲᠤᠰᠬᠤᠨ ᠤ ᠡᠮᠴᠢ ᠶᠢᠨ ᠡᠳ᠋ ᠤᠨ ᠵᠠᠰᠠᠭ ᠤᠨ ᠲᠤᠰᠠᠯᠠᠮᠵᠢ ᠶᠢᠨ | ᠪᠡᠯᠡ ᠮᠦᠩᠭᠦ ᠯᠦᠭᠡ ᠬᠤᠯᠪᠣᠬᠤ ᠬᠡᠷᠡᠭᠲᠡᠢ᠃ | ᠨᠠᠢᠮᠠ᠂ ᠬᠦᠳᠡᠭᠡ ᠲᠤᠰᠬᠤᠨ ᠤ ᠡᠮᠴᠢ ᠶᠢᠨ ᠨᠠᠰᠤᠵᠢᠯ ᠪᠠ ᠠᠵᠢᠯ ᠠᠴᠠ ᠪᠠᠨ ᠪᠠᠭᠤᠬᠤ ᠲᠥᠷᠥ ᠶᠢᠨ | ᠪᠣᠳᠣᠯᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ | ︵ᠠᠷᠪᠠᠨ ᠵᠢᠷᠭᠤᠭ᠎ᠠ︶ ᠬᠦᠳᠡᠭᠡ ᠲᠤᠰᠬᠤᠨ ᠤ ᠡᠮᠴᠢ ᠶᠢᠨ ᠨᠠᠰᠤᠵᠢᠯ ᠤᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠤᠯᠴᠠᠬᠤ ᠳᠤ ᠨᠡᠶᠢᠴᠡᠬᠦ ᠬᠦᠳᠡᠭᠡ ᠲᠤᠰᠬᠤᠨ ᠤ ᠡᠮᠴᠢ ᠨᠢ ᠲᠣᠭᠲᠠᠭᠠᠯ ᠶᠤᠰᠤᠭᠠᠷ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠣᠷᠤᠯᠴᠠᠵᠤ ᠪᠣᠯᠣᠨ᠎ᠠ︔ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠣᠷᠤᠯᠴᠠᠬᠤ ᠨᠦᠬᠦᠴᠡᠯ ᠳᠤ ᠦᠯᠦ | ᠨᠡᠶᠢᠴᠡᠬᠦ ᠨᠢ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠳᠤ ᠣᠷᠤᠯᠴᠠᠵᠤ ᠪᠣᠯᠣᠨ᠎ᠠ᠃ ᠡᠷᠡᠭᠲᠡᠢ ᠪᠦᠬᠦᠯᠢ 60 ᠨᠠᠰᠤ ᠬᠦᠷᠦᠭᠰᠡᠨ᠂ ᠡᠮᠡᠭᠲᠡᠢ | ᠪᠦᠬᠦᠯᠢ 55 ᠨᠠᠰᠤ ᠬᠦᠷᠦᠭᠰᠡᠨ᠂ 10 ᠵᠢᠯ ᠠᠴᠠ ᠳᠡᠭᠡᠭᠰᠢ ︵10 ᠵᠢᠯ ᠢ ᠪᠠᠭᠲᠠᠭᠠᠨ᠎ᠠ︶ ᠠᠵᠢᠯ ᠡᠷᠬᠢᠯᠡᠬᠦ ᠶᠢᠨ | ᠬᠠᠮᠲᠤ᠂ ᠨᠢᠭᠡᠨᠲᠡ ᠠᠵᠢᠯ ᠤᠨ ᠪᠠᠶᠢᠷᠢ ᠠᠴᠠ ᠪᠠᠨ ᠪᠠᠭᠤᠭᠰᠠᠨ ᠬᠦᠳᠡᠭᠡ ᠲᠤᠰᠬᠤᠨ ᠤ ᠡᠮᠴᠢ ᠳᠤ ᠡᠯ᠎ᠡ ᠭᠠᠵᠠᠷ | ᠣᠷᠣᠨ ᠨᠤᠭᠤᠳ ᠪᠤᠲᠠᠲᠠᠢ ᠲᠠᠢ ᠪᠠᠨ ᠤᠶᠠᠯᠳᠤᠭᠤᠯᠤᠨ᠂ ᠬᠦᠳᠡᠭᠡ ᠲᠤᠰᠬᠤᠨ ᠤ ᠡᠮᠴᠢ ᠶᠢᠨ ᠨᠠᠰᠤᠵᠢᠯ ᠤᠨ | ᠤᠯᠭᠤᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠷ᠎ᠠ ᠪᠦᠷᠢ ᠵᠣᠬᠢᠬᠤ ᠪᠠᠷᠢᠮᠵᠢᠶ᠎ᠠ ᠶᠤᠰᠤᠭᠠᠷ | ᠠᠮᠢᠳᠤᠷᠠᠯ ᠤᠨ ᠲᠤᠰᠠᠯᠠᠮᠵᠢ ᠣᠯᠭᠤᠵᠣ᠂ ᠬᠡᠷᠡᠭᠴᠡᠭᠡ ᠪᠦᠬᠦᠢ ᠪᠡᠯᠡ ᠮᠦᠩᠭᠦ ᠶᠢ ᠠᠶᠢᠮᠠᠭ ᠬᠤᠲᠠ᠂ ᠬᠤᠰᠢᠭᠤ | ᠰᠢᠶᠠᠨ ᠤ ᠱᠠᠲᠤᠨ ᠤ ᠡᠳ᠋ ᠤᠨ ᠵᠠᠰᠠᠭ ᠠᠴᠠ ᠰᠢᠢᠳᠪᠦᠷᠢᠯᠡᠬᠦ ᠬᠡᠷᠡᠭᠲᠡᠢ᠃ | ︵ᠠᠷᠪᠠᠨ ᠳᠣᠯᠤᠭ᠎ᠠ︶ ᠬᠦᠳᠡᠭᠡ ᠲᠤᠰᠬᠤᠨ ᠤ ᠡᠮᠴᠢ ᠶᠢᠨ ᠠᠵᠢᠯ ᠠᠴᠠ ᠪᠠᠨ ᠪᠠᠭᠤᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ | ᠠᠵᠢᠯ ᠤᠨ ᠪᠠᠶᠢᠷᠢ ᠳᠤ ᠪᠠᠶᠢᠬᠤ ᠬᠦᠳᠡᠭᠡ ᠲᠤᠰᠬᠤᠨ ᠤ ᠡᠮᠴᠢ ᠶᠢᠨ ᠨᠠᠰᠤᠨ ᠳᠤ ᠬᠦᠷᠪᠡᠯ ᠠᠵᠢᠯ ᠠᠴᠠ ᠪᠠᠨ | ᠪᠠᠭᠤᠬᠤ ᠳᠦᠷᠢᠮ ᠢ ᠪᠠᠶᠢᠭᠤᠯᠬᠤ ᠬᠡᠷᠡᠭᠲᠡᠢ᠃ ᠡᠷᠡᠭᠲᠡᠢ ᠪᠦᠬᠦᠯᠢ 60 ᠨᠠᠰᠤ ᠬᠦᠷᠦᠭᠰᠡᠨ᠂ ᠡᠮᠡᠭᠲᠡᠢ ᠪᠦᠬᠦᠯᠢ 55 | ᠨᠠᠰᠤ ᠬᠦᠷᠦᠭᠰᠡᠨ ᠬᠠᠤᠯᠢ ᠶᠤᠰᠤᠭᠠᠷ ᠳᠠᠩᠰᠠᠯᠠᠭᠤᠯᠤᠭᠰᠠᠨ ᠠᠵᠢᠯ ᠤᠨ ᠪᠠᠶᠢᠷᠢᠨ ᠳᠤ ᠪᠠᠶᠢᠬᠤ ᠬᠦᠳᠡᠭᠡ ᠲᠤᠰᠬᠤᠨ ᠤ | ᠡᠮᠴᠢ ᠨᠢ ᠬᠦᠳᠡᠭᠡ ᠲᠤᠰᠬᠤᠨ ᠤ ᠠᠵᠢᠯ ᠤᠨ ᠪᠠᠶᠢᠷᠢ ᠠᠴᠠ ᠪᠠᠨ ᠪᠠᠭᠤᠵᠤ᠂ ᠬᠦᠳᠡᠭᠡ ᠲᠤᠰᠬᠤᠨ ᠤ ᠡᠮᠴᠢ ᠶᠢᠨ | ᠠᠵᠢᠯ ᠢ ᠡᠷᠬᠢᠯᠡᠬᠦ ᠪᠠᠨ ᠪᠠᠶᠢᠬᠤ ᠬᠡᠷᠡᠭᠲᠡᠢ᠃ ᠦᠨᠡᠨᠬᠦ ᠬᠡᠷᠡᠭᠴᠡᠭᠡ ᠲᠠᠢ ᠪᠠᠶᠢᠪᠠᠯ᠂ ᠰᠤᠮᠤ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠲᠡᠳᠡᠨ ᠢ ᠳᠠᠬᠢᠨ ᠤᠷᠢᠵᠤ ᠦᠷᠭᠦᠯᠵᠢᠯᠡᠨ ᠠᠵᠢᠯ ᠡᠷᠬᠢᠯᠡᠭᠦᠯᠵᠦ | ᠪᠣᠯᠣᠨ᠎ᠠ᠃ | ᠳᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠦᠷᠢᠴᠡᠭᠰᠡᠨ ᠬᠦᠳᠡᠭᠡ ᠲᠤᠰᠬᠤᠨ ᠤ ᠡᠮᠴᠢ ᠶᠢ | ᠠᠵᠢᠯ ᠠᠴᠠ ᠨᠢ ᠪᠠᠶᠢᠯᠭᠠᠬᠤ ᠳᠦᠷᠢᠮ ᠢ ᠪᠠᠶᠢᠭᠤᠯᠬᠤ ᠬᠡᠷᠡᠭᠲᠡᠢ᠃ ᠬᠦᠳᠡᠭᠡ ᠲᠤᠰᠬᠤᠨ ᠤ ᠡᠮᠴᠢ ᠶᠢᠨ ᠠᠵᠢᠯ | ᠡᠷᠬᠢᠯᠡᠵᠦ ᠪᠦᠬᠦᠢ ᠬᠤᠭᠤᠴᠠᠭᠠᠨ ᠳᠠᠭᠠᠨ ᠬᠤᠪᠢ ᠬᠦᠮᠦᠨ ᠤ ᠰᠢᠯᠲᠠᠭᠠᠨ ᠠᠴᠠ ᠪᠣᠯᠵᠤ ᠬᠦᠳᠡᠭᠡ ᠲᠤᠰᠬᠤᠨ ᠤ | ᠡᠮᠴᠢ ᠶᠢᠨ ᠠᠵᠢᠯ ᠢ ᠦᠯᠦ ᠭᠦᠢᠴᠡᠳᠭᠡᠵᠦ ᠳᠡᠶᠢᠯᠬᠦ᠂ ᠬᠦᠳᠡᠭᠡ ᠲᠤᠰᠬᠤᠨ ᠤ ᠡᠮᠴᠢ ᠶᠢᠨ ᠠᠵᠢᠯ ᠤᠨ | ᠪᠠᠶᠢᠷᠢ ᠠᠴᠠ ᠪᠠᠨ ᠬᠠᠭᠠᠰ ᠵᠢᠯ ᠠᠴᠠ ᠳᠡᠭᠡᠭᠰᠢ ᠰᠠᠨᠠᠭᠠᠴᠢᠯᠠᠭ᠎ᠠ ᠠᠴᠠ ᠪᠠᠨ ᠰᠠᠯᠤᠭᠰᠠᠨ ᠪᠣᠶᠣ ᠠᠵᠢᠯ ᠤᠨ | ᠪᠠᠶᠢᠷᠢ ᠠᠴᠠ ᠪᠠᠨ ᠨᠢᠭᠡ ᠵᠢᠯ ᠰᠠᠯᠵᠤ᠂ ᠦᠷᠭᠦᠯᠵᠢᠯᠡᠨ 2 ᠵᠢᠯ ᠤᠨ ᠰᠢᠯᠭᠠᠨ ᠬᠢᠨᠠᠯᠲᠠ ᠳᠤ ᠬᠢᠷᠢ ᠦᠯᠦ | ᠲᠡᠩᠴᠡᠭᠰᠡᠨ᠂ ᠲᠣᠭᠲᠠᠭᠠᠯ ᠠᠴᠠ ᠵᠦᠷᠢᠴᠡᠨ ᠡᠯ᠎ᠡ ᠲᠦᠷᠦᠯ ᠤᠨ ᠲᠤᠰᠬᠠᠢ ᠵᠦᠢᠯ ᠤᠨ ᠪᠡᠯᠡ ᠮᠦᠩᠭᠦ ᠶᠢ ᠮᠡᠬᠡᠯᠡᠨ | ᠠᠪᠬᠤ᠂ ᠡᠮᠴᠢᠯᠡᠭᠡ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠴᠢᠬᠤᠯᠠ | ᠶᠡᠭᠡ ᠬᠠᠷᠢᠭᠤᠴᠠᠯᠭ᠎ᠠ ᠶᠢᠨ ᠠᠳᠡᠯ ᠵᠡᠷᠭᠡ ᠳᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢᠨ ᠨᠢᠭᠡ ᠨᠢ ᠭᠠᠷᠤᠭᠰᠠᠨ ᠪᠠᠶᠢᠪᠠᠯ᠂ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠵᠢᠯ ᠡᠷᠬᠢᠯᠡᠬᠦ ᠶᠡᠭᠡ ᠡᠮᠴᠢ ᠶᠢᠨ ᠬᠠᠤᠯᠢ︾᠂ ︽ᠬᠦᠳᠡᠭᠡ ᠲᠤᠰᠬᠤᠨ ᠤ ᠡᠮᠴᠢ ᠶᠢᠨ ᠠᠵᠢᠯ | ᠡᠷᠬᠢᠯᠡᠬᠦ ᠬᠠᠮᠢᠶᠠᠷᠤᠯᠲᠠ ᠶᠢᠨ ᠳᠦᠷᠢᠮ︾ ᠤᠨ ᠲᠤᠭᠲᠠᠭᠠᠯ ᠢ ᠦᠨᠳᠦᠰᠦᠯᠡᠨ ᠰᠢᠢᠳᠪᠦᠷᠢᠯᠡᠵᠦ᠂ ᠲᠡᠭᠦᠨ ᠤ ︽ | ᠬᠦᠳᠡᠭᠡ ᠲᠤᠰᠬᠤᠨ ᠤ ᠡᠮᠴᠢ ᠶᠢᠨ ᠠᠵᠢᠯ ᠡᠷᠬᠢᠯᠡᠬᠦ ᠦᠨᠡᠮᠯᠡᠯ︾ ᠢ ᠬᠤᠷᠢᠶᠠᠨ ᠠᠪᠴᠤ ᠬᠦᠴᠦᠨ ᠦᠭᠡᠢ ᠪᠣᠯᠭᠠᠬᠤ | ᠬᠡᠷᠡᠭᠲᠡᠢ᠃ | ᠶᠢᠰᠦ᠂ ᠬᠦᠳᠡᠭᠡ ᠲᠤᠰᠬᠤᠨ ᠤ ᠡᠮᠴᠢ ᠶᠢᠨ ᠠᠵᠢᠯᠯᠠᠬᠤ ᠨᠦᠬᠦᠴᠡᠯ ᠪᠣᠯᠣᠨ ᠠᠵᠢᠯ ᠡᠷᠬᠢᠯᠡᠬᠦ ᠣᠷᠴᠢᠨ | ᠲᠣᠭᠤᠷᠢᠨ ᠢ ᠰᠠᠶᠢᠵᠢᠷᠠᠭᠤᠯᠬᠤ ᠬᠡᠷᠡᠭᠲᠡᠢ | ︵ᠠᠷᠪᠠᠨ ᠨᠠᠢᠮᠠ︶ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ︽ᠠᠷᠪᠠ ᠪᠠᠷ ᠪᠦᠬᠦᠨ ᠢ | ᠪᠦᠷᠬᠦᠭᠦᠯᠬᠦ︾ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠷᠢᠮᠵᠢᠶᠠᠵᠢᠭᠤᠯᠬᠤ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠳᠤ ᠲᠦᠰᠢᠭᠯᠡᠨ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ | ᠭᠡᠷ ᠪᠠᠶᠢᠰᠢᠩ ᠪᠦᠲᠦᠭᠡᠨ ᠪᠠᠶᠢᠭᠤᠯᠬᠤ ᠪᠠ ᠲᠥᠭᠦᠭᠡᠷᠦᠮᠵᠢ ᠬᠤᠳᠠᠯᠳᠤᠨ ᠠᠪᠬᠤ ᠶᠢ ᠤᠯᠠᠮ ᠨᠢᠭᠡ ᠠᠯᠬᠤᠮ | ᠳᠡᠮᠵᠢᠵᠦ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠮᠡᠳᠡᠭᠡ ᠵᠠᠩᠬᠢᠵᠢᠭᠤᠯᠬᠤ | ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠪᠣᠯᠣᠨ ᠦᠨᠳᠦᠰᠦᠨ ᠤᠨᠤᠰᠢᠯᠠᠨ ᠡᠮᠨᠡᠭᠦᠯᠬᠦ ᠪᠠᠷ | ᠭᠤᠣᠯ ᠪᠣᠯᠭᠠᠭᠰᠠᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ | ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠷᠦ᠋ᠢᠬᠠᠨ ᠲᠠᠰᠤᠯᠤᠨ ᠪᠤᠳᠤᠬᠤ ᠬᠠᠮᠢᠶᠠᠷᠤᠯᠲᠠ᠂ ᠡᠷᠡᠭᠦᠯ ᠮᠡᠨᠳᠦ ᠶᠢᠨ | ᠳᠠᠩᠰᠠ ᠡᠪᠬᠡᠮᠡᠯ ᠪᠣᠯᠣᠨ ᠦᠨᠳᠦᠰᠦᠨ ᠤᠨᠤᠰᠢᠯᠠᠨ ᠡᠮᠨᠡᠬᠦ ᠮᠡᠳᠡᠭᠡ ᠵᠠᠩᠭᠢ ᠶᠢᠨ ᠬᠤᠯᠪᠤᠭᠠᠯᠠᠨ ᠦᠢᠯᠡᠳᠦᠯᠴᠡᠬᠦ᠂ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠢᠴᠢ ᠠᠯᠤᠰ ᠠᠴᠠ ᠪᠤᠯᠪᠠᠰᠤᠷᠠᠭᠤᠯᠬᠤ᠂ ᠠᠯᠤᠰ | ᠡᠵᠡᠮᠰᠢᠯᠲᠦ ᠡᠮᠴᠢᠯᠡᠭᠡᠨ ᠵᠡᠷᠭᠡ ᠲᠤᠬᠠᠶᠢᠯᠠᠭᠰᠠᠨ ᠠᠵᠢᠯ ᠢ ᠳᠡᠮᠵᠢᠬᠦ ᠬᠡᠷᠡᠭᠲᠡᠢ᠃ | ︵ᠠᠷᠪᠠ ᠶᠢᠰᠦ︶ ᠬᠦᠳᠡᠭᠡ ᠲᠤᠰᠬᠤᠨ ᠤ ᠡᠮᠴᠢ ᠶᠢᠨ ᠠᠵᠢᠯ ᠡᠷᠬᠢᠯᠡᠬᠦ ᠲᠥᠭᠰᠢᠭᠦᠷᠢ ᠶᠢ ᠠᠷᠢᠯᠭᠠᠬᠤ | ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠪᠦᠬᠦᠯᠢ ᠴᠣᠭᠴᠠ ᠪᠠᠷ ᠢᠶᠠᠨ | ᠣᠷᠤᠯᠴᠠᠬᠤ ᠵᠡᠷᠭᠡ ᠠᠷᠭ᠎ᠠ ᠮᠠᠶ᠋ᠢᠭ ᠢ ᠰᠦᠪᠡᠭᠴᠢᠯᠡᠨ ᠬᠡᠷᠡᠭᠯᠡᠵᠦ᠂ ᠬᠦᠳᠡᠭᠡ ᠲᠤᠰᠬᠤᠨ ᠤ ᠡᠮᠴᠢ ᠶᠢᠨ ᠠᠵᠢᠯ | ᠡᠷᠬᠢᠯᠡᠬᠦ ᠲᠥᠭᠰᠢᠭᠦᠷᠢ ᠶᠢ ᠢᠳᠡᠪᠬᠢᠲᠡᠢ ᠠᠷᠢᠯᠭᠠᠨ᠂ ᠬᠦᠳᠡᠭᠡ ᠲᠤᠰᠬᠤᠨ ᠤ ᠡᠮᠴᠢ ᠶᠢᠨ ᠣᠨᠴᠠᠯᠢᠭ ᠲᠤ | ᠲᠣᠬᠢᠷᠠᠭᠰᠠᠨ ᠡᠮᠴᠢᠯᠡᠭᠡᠨ ᠤ ᠲᠥᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠬᠦᠳᠡᠭᠡ | ᠲᠤᠰᠬᠤᠨ ᠤ ᠡᠮᠴᠢ ᠶᠢᠨ ᠠᠵᠢᠯ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠬᠤ | ᠬᠡᠷᠡᠭᠲᠡᠢ᠃ | ᠠᠷᠪᠠ᠂ ᠪᠠᠲᠤᠯᠠᠬᠤ ᠠᠷᠭ᠎ᠠ ᠬᠡᠮᠵᠢᠶ᠎ᠡ | ︵ᠬᠤᠷᠢ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ | ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠦᠳᠡᠭᠡ ᠲᠤᠰᠬᠤᠨ ᠤ ᠡᠮᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯᠲᠠᠨ ᠤ ᠬᠡᠪ | ᠪᠣᠯᠪᠠᠰᠤᠷᠠᠯ ᠢ ᠳᠡᠭᠡᠭᠰᠢᠯᠡᠭᠦᠯᠬᠦ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠲᠡᠭᠦᠨ ᠢ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢᠭᠡᠨ ᠴᠢᠬᠤᠯᠠ | ᠡᠭᠦᠷᠭᠡ ᠪᠣᠯᠭᠠᠨ᠂ ᠵᠠᠰᠠᠭ ᠤᠨ ᠣᠷᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠮᠢᠶᠠᠷᠤᠯᠲᠠ ᠶᠢᠨ ᠬᠠᠷᠠᠯᠲᠠ ᠪᠣᠯᠣᠨ ᠬᠠᠷᠢᠭᠤᠴᠠᠯᠭ᠎ᠠ ᠶᠢ ᠰᠢᠯᠭᠠᠨ ᠬᠢᠨᠠᠬᠤ | ᠭᠦᠢᠴᠡᠳᠭᠡᠯ ᠲᠤᠭ᠎ᠠ ᠳᠤ ᠣᠷᠤᠭᠤᠯᠵᠤ᠂ ᠤᠳᠤᠷᠢᠳᠤᠯᠭ᠎ᠠ ᠪᠠᠨ ᠴᠢᠩᠭᠠᠳᠬᠠᠨ᠂ ᠨᠢᠮᠪᠠᠢ ᠵᠣᠬᠢᠶᠠᠨ ᠪᠠᠶᠢᠭᠤᠯᠵᠤ᠂ | ᠯᠠᠪᠳᠠᠭᠤᠨ ᠪᠠᠲᠤᠲᠠᠢ ᠪᠠᠷ ᠠᠬᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ 2015 ᠣᠨ ᠤ 12 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠤᠲᠠᠲᠠᠢ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ᠂ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠭᠦᠨ ᠤ ᠬᠠᠮᠲᠤ ᠦᠪᠡᠷᠲᠡᠭᠡᠨ ᠵᠠᠰᠬᠠᠤ ᠣᠷᠣᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ | ᠭᠡᠷ᠂ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠳᠤ ᠮᠡᠳᠡᠭᠦᠯᠵᠦ | ᠪᠦᠷᠢᠳᠭᠡᠨ ᠳᠠᠩᠰᠠᠯᠠᠭᠤᠯᠬᠤ ᠬᠡᠷᠡᠭᠲᠡᠢ᠃ | ︵ᠬᠤᠷᠢᠨ ᠨᠢᠭᠡ︶ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠤᠨ ᠨᠢ ᠬᠦᠳᠡᠭᠡ ᠲᠤᠰᠬᠤᠨ ᠤ ᠡᠮᠴᠢ ᠶᠢᠨ | ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠣᠷᠤᠭᠤᠯᠬᠤ | ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠠᠶᠢᠮᠠᠭ ᠬᠤᠲᠠ ᠶᠢᠨ ᠡᠳ᠋ ᠤᠨ ᠵᠠᠰᠠᠭ ᠨᠢ | ᠬᠦᠳᠡᠭᠡ ᠲᠤᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠵᠠᠷᠤᠳᠠᠯ ᠤᠨ ᠲᠤᠰᠠᠯᠠᠬᠤ | ᠲᠣᠭᠲᠠᠴᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠡᠳ᠋ ᠤᠨ ᠵᠠᠰᠠᠭ | ᠬᠠᠷᠢᠴᠠᠩᠭᠤᠢ ᠬᠦᠴᠢᠷᠳᠡᠯᠲᠡᠢ ᠪᠠ ᠦᠢᠯᠡᠴᠢᠯᠡᠭᠡ ᠶᠢᠨ ᠦᠪᠡᠷ ᠤᠨ ᠥᠷᠳᠡᠭ ᠨᠡᠯᠢᠶᠡᠳ ᠦᠨᠳᠦᠷ ᠭᠠᠵᠠᠷ ᠣᠷᠣᠨ | ᠲᠡᠰᠢ ᠬᠡᠯᠪᠠᠶᠢᠯᠭᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠨᠢ ᠬᠦᠳᠡᠭᠡ | ᠲᠤᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠵᠠᠷᠤᠳᠠᠯ ᠢ ᠴᠠᠭ ᠲᠣᠬᠠᠢ ᠳᠤᠨᠢ ᠲᠤᠭ᠎ᠠ | ᠶᠤᠰᠤᠭᠠᠷ ᠭᠦᠢᠴᠡᠳ ᠪᠠᠭᠤᠯᠭᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠨ᠂ | ᠳᠤᠮᠳᠠ ᠠᠴᠠ ᠨᠢ ᠲᠠᠰᠤᠳᠠᠨ ᠦᠯᠡᠳᠡᠭᠡᠬᠦ᠂ ᠰᠢᠬᠠᠨ ᠡᠵᠡᠯᠡᠬᠦ᠂ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃ | ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠦᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠶᠢ ᠦᠨᠡᠨᠬᠦ ᠴᠢᠩᠭᠠᠳᠬᠠᠨ᠂ ᠪᠡᠯᠡ ᠮᠦᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ︵ᠬᠤᠷᠢᠨ ᠬᠤᠶᠠᠷ︶ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠦᠷᠨᠢᠭᠦᠯᠬᠦ ᠬᠡᠷᠡᠭᠲᠡᠢ᠃ ᠡᠯ᠎ᠡ ᠭᠠᠵᠠᠷ | ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠰᠢᠮᠳᠠᠭᠤᠯᠤᠨ ᠪᠠᠶᠢᠴᠠᠭᠠᠬᠤ ᠪᠠ ᠮᠡᠳᠡᠭᠡᠯᠡᠬᠦ | ᠲᠣᠭᠲᠠᠴᠠ ᠶᠢ ᠪᠠᠶᠢᠭᠤᠯᠵᠤ᠂ ᠡᠳᠦᠷ ᠲᠤᠳᠤᠮ ᠤᠨ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠦᠳᠡᠭᠡ | ᠲᠤᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠲᠦᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ᠂ ᠪᠣᠳᠠᠳᠤ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠬᠤ ᠬᠡᠷᠡᠭᠲᠡᠢ᠃ ᠡᠯ᠎ᠡ ᠲᠦᠷᠦᠯ ᠤᠨ ᠲᠣᠭᠲᠠᠭᠠᠯ ᠠᠴᠠ ᠵᠦᠷᠢᠴᠡᠭᠰᠡᠨ ᠰᠦᠢᠳᠭᠡᠯ ᠬᠤᠷᠢᠶᠠᠬᠤ ᠦᠢᠯᠡ | ᠠᠵᠢᠯᠯᠠᠭ᠎ᠠ᠂ ᠵᠢᠴᠢ ᠶᠠᠮᠠᠷᠪᠠ ᠨᠡᠷ᠎ᠡ ᠪᠠᠷ ᠬᠦᠳᠡᠭᠡ ᠲᠤᠰᠬᠤᠨ ᠤ ᠡᠮᠴᠢ ᠠᠴᠠ ᠤᠯᠤᠰ ᠤᠨ ᠲᠣᠭᠲᠠᠭᠠᠯ ᠠᠴᠠ | ᠪᠤᠰᠤᠳ ᠰᠦᠢᠳᠭᠡᠯ ᠬᠤᠷᠢᠶᠠᠬᠤ ᠪᠠ ᠲᠡᠰᠭᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠬᠦᠳᠡᠭᠡ ᠲᠤᠰᠬᠤᠨ ᠤ ᠡᠮᠴᠢ ᠶᠢᠨ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ | ᠤᠬᠠᠭᠤᠯᠵᠤ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠬᠦᠳᠡᠭᠡ ᠲᠤᠰᠬᠤᠨ ᠤ ᠡᠮᠴᠢ ᠶᠢᠨ ᠣᠯᠠᠨ | ᠲᠦᠮᠡᠨ ᠳᠤ ᠦᠢᠯᠡᠴᠢᠯᠡᠨ᠂ ᠡᠷᠡᠭᠦᠯ ᠮᠡᠨᠳᠦ ᠶᠢ ᠬᠠᠮᠠᠭᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠣᠯᠣᠨ | ᠲᠡᠷᠢᠭᠦᠨ ᠤ ᠠᠵᠢᠯᠯᠠᠭ᠎ᠠ ᠶᠢ ᠶᠡᠬᠡᠪᠡᠷ ᠤᠬᠠᠭᠤᠯᠬᠤ ᠬᠡᠷᠡᠭᠲᠡᠢ᠃ ᠰᠡᠷᠭᠡᠶᠢᠯᠡᠵᠦ ᠡᠷᠡᠭᠦᠯᠵᠢᠭᠦᠯᠬᠦ᠂ ᠡᠮᠴᠢᠯᠡᠭᠡᠨ ᠤ | ᠦᠢᠯᠡᠴᠢᠯᠡᠭᠡ ᠪᠣᠯᠣᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠰᠢᠢᠳᠪᠦᠷᠢᠯᠡᠬᠦ ᠠᠵᠢᠯ ᠤᠨ ᠳᠤᠮᠳᠠ ᠠᠮᠵᠢᠯᠲᠠ | ᠪᠦᠲᠦᠮᠵᠢ ᠳᠤᠪᠤᠶᠢᠮ᠎ᠠ ᠬᠦᠳᠡᠭᠡ ᠲᠤᠰᠬᠤᠨ ᠤ ᠡᠮᠴᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ | ᠰᠠᠶᠢᠰᠢᠶᠠᠨ ᠬᠦᠬᠢᠭᠦᠯᠬᠦ ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |