ᠥᠪᠥᠷ ᠮᠣᠩᠭᠤᠯ ᠨᠢᠭᠡᠨ ᠬᠠᠮᠢᠨ ᠤ ᠰᠣᠶᠣᠯ ᠤᠨ ᠪᠠᠭᠤᠷᠢ ᠶᠢ ᠰᠢᠨ᠎ᠡ ᠪᠠᠷ ᠢᠯᠡᠷᠡᠭᠦᠯᠪᠡ
ᠨᠡᠶᠢᠲᠡᠯᠡᠭᠰᠡᠨ ᠴᠠᠭ᠄
2016/2/14
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠰᠤᠳᠤᠯᠤᠯ ᠤᠨ ᠭᠠᠵᠠᠷ ᠲᠦᠩᠯᠢᠶᠣᠤ ᠬᠤᠲᠠ ᠳᠤ ᠨᠢᠭᠡᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠪᠠᠯᠠᠷ ᠡᠷᠲᠡᠨ ᠤ ᠰᠣᠶᠣᠯ ᠤᠨ ᠪᠠᠭᠤᠷᠢ ᠶᠢ ᠢᠯᠡᠷᠡᠭᠦᠯᠪᠡ᠃ ᠬᠠᠭᠤᠴᠢᠳ ᠤᠨ ᠭᠡᠷ ᠪᠠᠶᠢᠰᠢᠩ ᠤᠨ ᠬᠡᠯᠪᠡᠷᠢ ᠪᠦᠲᠦᠴᠡ᠂ ᠮᠠᠯᠲᠠᠵᠤ ᠭᠠᠷᠭᠠᠭᠰᠠᠨ ᠦᠯᠡᠳᠡᠭᠳᠡᠯ ᠤᠨ ᠣᠨᠴᠠᠯᠢᠭ ᠢ ᠦᠨᠳᠦᠰᠦᠯᠡᠨ ᠮᠠᠭᠠᠳᠯᠠᠪᠠᠯ᠂ ᠡᠨᠡ ᠬᠦ ᠪᠠᠭᠤᠷᠢ ᠨᠢ ᠬᠠᠮᠢᠨ ᠤ ᠰᠣᠶᠣᠯ ᠤᠨ ᠦᠯᠡᠳᠡᠭᠳᠡᠯ ᠪᠣᠯᠣᠨ᠎ᠠ᠃ ᠬᠠᠮᠢᠨ ᠤ ᠰᠣᠶᠣᠯ ᠪᠣᠯ ᠨᠢᠭᠡ ᠵᠦᠢᠯ ᠤᠨ ᠰᠢᠨ᠎ᠡ ᠬᠠᠭᠤᠴᠢᠨ ᠤ ᠰᠤᠳᠤᠯᠤᠯ ᠤᠨ ᠰᠣᠶᠣᠯ ᠪᠠᠶᠢᠵᠤ᠂ ᠣᠳᠣ ᠠᠴᠠ 5000 ᠵᠢᠯ ᠠᠴᠠ 5500 ᠵᠢᠯ ᠠᠴᠠ ᠡᠮᠦᠨ᠎ᠡ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠬᠠᠮᠢᠨ ᠤ ᠪᠠᠯᠠᠷ ᠡᠷᠲᠡᠨ ᠤ ᠰᠠᠭᠤᠷᠢᠰᠢᠯ ᠤᠨ ᠬᠠᠭᠤᠴᠢᠳ ᠤᠨ ᠢᠯᠡᠷᠡᠭᠦᠯᠦᠯᠲᠡ ᠪᠠᠷ ᠨᠡᠷᠡᠯᠡᠭᠳᠡᠪᠡ᠃ ᠡᠶᠢᠮᠦᠷᠬᠦ ᠦᠯᠡᠳᠡᠭᠳᠡᠯ ᠰᠣᠶᠣᠯ ᠤᠨ ᠲᠥᠪ ᠨᠢ ᠶᠡᠭᠡ ᠲᠥᠯᠥᠪ ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠤ  ᠬᠤᠷᠴᠢᠨ ᠤ ᠡᠯᠡᠰᠦᠷᠬᠡᠭ ᠭᠠᠵᠠᠷ ᠣᠷᠣᠨ ᠳᠤ ᠲᠠᠷᠬᠠᠵᠤ᠂ ᠦᠯᠡᠳᠡᠭᠳᠡᠯ ᠰᠣᠶᠣᠯ ᠤᠨ ᠳᠦᠷᠰᠦ ᠪᠠᠶᠢᠳᠠᠯ ᠨᠢ ᠥᠪᠡᠷᠮᠢᠴᠡ᠂ ᠴᠠᠭ ᠦᠶ᠎ᠡ ᠨᠢ ᠤᠯᠠᠭᠠᠨᠬᠠᠳᠠ ᠶᠢᠨ ᠰᠣᠶᠣᠯ ᠤᠨ ᠰᠡᠭᠦᠯᠴᠢ ᠶᠢᠨ ᠦᠶ᠎ᠡ ᠲᠠᠢ ᠠᠳᠠᠯᠢ ᠪᠠᠶᠢᠵᠤ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠨᠢᠭᠡᠨᠲᠡ ᠢᠯᠡᠷᠡᠭᠦᠯᠵᠦ ᠨᠡᠷᠡᠯᠡᠭᠰᠡᠨ ᠰᠢᠨ᠎ᠡ ᠴᠢᠯᠠᠭᠤᠨ ᠵᠡᠪᠰᠡᠭ ᠤᠨ ᠰᠣᠶᠣᠯ ᠲᠠᠢ ᠴᠥᠮ ᠠᠳᠠᠯᠢ ᠦᠭᠡᠢ ᠪᠠᠶᠢᠳᠠᠭ᠃ ᠠᠳᠡᠬᠢ ᠳᠤᠮᠳᠠ ᠪᠣᠷᠣᠲᠤ ᠶᠢᠨ ᠬᠠᠮᠢᠨ ᠤ ᠰᠣᠶᠣᠯ ᠤᠨ ᠬᠠᠭᠤᠴᠢᠳ ᠢᠶᠠᠷ ᠨᠡᠷᠡᠶᠢᠳᠦᠭᠳᠡᠭᠰᠡᠨ ᠪᠠᠯᠠᠷ ᠡᠷᠲᠡᠨ ᠤ ᠰᠣᠶᠣᠯ ᠤᠨ ᠦᠯᠡᠳᠡᠭᠳᠡᠯ ᠤᠨ ᠪᠦᠬᠦ ᠲᠠᠯᠠᠪᠠᠶ ᠨᠢ ᠪᠠᠷᠤᠭ 6000 ᠲᠡᠭᠰᠢ ᠳᠥᠷᠪᠡᠯᠵᠢᠨ ᠮᠧᠲᠷ ᠪᠠᠶᠢᠨ᠎ᠠ᠃ ᠬᠠᠭᠤᠴᠢ ᠰᠤᠳᠤᠯᠤᠭᠴᠢ ᠨᠠᠷ ᠭᠡᠷ ᠤᠨ ᠰᠠᠭᠤᠷᠢ 12᠂ ᠦᠨᠡᠰᠦᠨ ᠬᠤᠨᠭ᠍ᠬᠢᠯ 3᠎ ᠶᠢ ᠵᠠᠪᠳᠤᠨ ᠠᠪᠤᠷᠠᠬᠤ ᠴᠢᠨᠠᠷᠲᠠᠶ ᠨᠡᠭᠡᠭᠡᠨ ᠮᠠᠯᠲᠠᠨ ᠢᠯᠭᠠᠷᠠᠭᠤᠯᠵᠤ᠂ ᠸᠠᠭᠠᠷ᠂ ᠴᠢᠯᠠᠭᠤ᠂ ᠶᠠᠰᠤ᠂ ᠡᠪᠡᠷ᠂ ᠵᠡᠪᠰᠡᠭ ᠵᠡᠷᠭᠡ 50 ᠭᠠᠷᠤᠢl ᠦᠯᠡᠳᠡᠭᠳᠡᠯ ᠢ ᠮᠠᠯᠲᠠᠵᠤ ᠭᠠᠷᠭᠠᠪᠠ᠃ ᠣᠶᠢᠯᠠᠭᠠᠭᠰᠠᠨ ᠢᠶᠠᠷ᠂ ᠬᠠᠮᠢᠨ ᠤ ᠰᠣᠶᠣᠯ ᠤᠨ ᠬᠠᠭᠤᠴᠢᠳ ᠤᠨ ᠢᠯᠡᠷᠡᠭᠦᠯᠦᠯᠲᠡ ᠨᠢ ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠳᠤ ᠪᠠᠯᠠᠷ ᠡᠷᠲᠡᠨ ᠤ ᠬᠥᠮᠦᠨ ᠲᠥᠷᠥᠯᠬᠢᠲᠡᠨ ᠤ ᠣᠷᠣᠰᠢᠨ ᠰᠠᠭᠤᠵᠤ ᠪᠠᠶᠢᠭᠰᠠᠨ ᠣᠷᠴᠢᠨ ᠲᠣᠭᠤᠷᠢᠨ ᠪᠠ ᠣᠷᠣᠰᠢᠨ ᠰᠠᠭᠤᠬᠤ ᠬᠡᠯᠪᠡᠷᠢ ᠮᠠᠶ᠋ᠢᠭ ᠢ ᠵᠥᠪ ᠣᠨᠣᠪᠴᠢᠲᠠᠶ ᠢᠯᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号