ᠮᠠᠨ ᠤ ᠣᠷᠣᠨ ᠤ 5 ᠠᠶᠢᠮᠠᠭ ᠬᠤᠲᠠ ᠤᠯᠤᠰ ᠤᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠨᠥᠬᠦᠪᠥᠷᠢ ᠥᠭᠬᠦ ᠲᠤᠷᠰᠢᠯᠲᠠ ᠶᠢᠨ ᠴᠢᠭ᠋ ᠪᠣᠯᠪᠠ
ᠨᠡᠶᠢᠲᠡᠯᠡᠭᠰᠡᠨ ᠴᠠᠭ᠄
2016/2/14
      ᠮᠠᠨ ᠤ ᠣᠷᠣᠨ ᠤ ᠲᠦᠩᠯᠢᠶᠣᠤ ᠬᠤᠲᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ ᠵᠡᠷᠭᠡ 5 ᠠᠶᠢᠮᠠᠭ ᠬᠤᠲᠠ 2016 ᠣᠨ ᠤ ᠤᠯᠤᠰ ᠤᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠨᠥᠬᠦᠪᠥᠷᠢ ᠥᠭᠬᠦ ᠲᠤᠷᠰᠢᠯᠲᠠ ᠶᠢᠨ ᠴᠢᠭ᠋ ᠢᠶᠠᠷ ᠡᠯᠰᠡᠭᠳᠡᠵᠦ᠂ 27555 ᠲᠦᠮᠡᠨ ᠲᠥᠭᠦᠷᠢᠭ ᠤᠨ ᠤᠯᠤᠰ ᠤᠨ ᠲᠤᠰᠠᠯᠠᠮᠵᠢ ᠶᠢᠨ ᠪᠡᠯᠡ ᠮᠥᠩᠭᠦ ᠣᠯᠪᠠ᠃ ᠲᠣᠰ ᠤᠳᠠᠭ᠎ᠠ ᠶᠢᠨ ᠬᠡᠷᠡᠭᠵᠢᠭᠦᠯᠦᠭᠰᠡᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠨᠥᠬᠦᠪᠥᠷᠢ ᠥᠭᠬᠦ ᠲᠣᠭᠲᠠᠴᠠ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠰᠦᠯᠵᠢᠶᠡᠨ ᠤ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ︾ ᠵᠡᠷᠭᠡ ᠴᠢᠬᠤᠯᠠ ᠵᠢᠭᠠᠪᠤᠷᠢ ᠪᠣᠯᠤᠨ ᠲᠦ᠋ᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ︽ᠬᠥᠳᠡᠭᠡ ᠲᠣᠰᠬᠤᠨ ᠪᠠ ᠪᠤᠶᠢᠳᠠ ᠪᠥᠭᠯᠡᠭᠦᠦ ᠭᠠᠵᠠᠷ ᠣᠷᠣᠨ ᠤ ᠥᠷᠭᠡᠨ ᠪᠦᠰᠡ ᠶᠢᠨ ᠬᠥᠭᠵᠢᠯᠲᠡ ᠶᠢ ᠳᠡᠮᠵᠢᠬᠦ︾ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠠᠭᠤᠯᠵᠤ ᠪᠠᠶᠢᠨ᠎ᠠ᠃ ᠣᠶᠢᠯᠠᠭᠠᠭᠰᠠᠨ ᠢᠶᠠᠷ᠂ ᠬᠥᠳᠡᠭᠡ ᠲᠣᠰᠬᠤᠨ ᠪᠠ ᠪᠤᠶᠢᠳᠠ ᠪᠥᠭᠯᠡᠭᠦᠦ ᠭᠠᠵᠠᠷ ᠣᠷᠣᠨ ᠤ ᠥᠷᠭᠡᠨ ᠪᠦᠰᠡ ᠶᠢᠨ ᠰᠦᠯᠵᠢᠶᠡᠨ ᠤ ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠯᠲᠠ ᠶᠢ ᠭᠤᠣᠯᠳᠠᠯᠭ᠎ᠠ ᠲᠠᠢ ᠳᠡᠮᠵᠢᠬᠦ ᠪᠠᠷ ᠳᠠᠮᠵᠢᠵᠤ᠂ 2020 ᠣᠨ ᠪᠣᠯᠬᠤ ᠳᠤ᠂ ᠪᠦᠬᠦ ᠤᠯᠤᠰ ᠤᠨ ᠥᠷᠭᠡᠨ ᠪᠦᠰᠡ ᠦᠭᠡᠢ 5 ᠲᠦᠮᠡᠨ ᠵᠠᠰᠠᠭ ᠵᠠᠬᠢᠷᠭᠠᠨ ᠤ ᠭᠠᠴᠠᠭ᠎ᠠ ᠳᠤ ᠥᠷᠭᠡᠨ ᠪᠦᠰᠡ ᠨᠡᠪᠲᠡᠷᠡᠬᠦ ᠶᠢ ᠪᠡᠶᠡᠯᠡᠭᠦᠯᠵᠦ᠂15 ᠲᠦᠮᠡᠨ ᠥᠷᠭᠡᠨ ᠪᠦᠰᠡᠲᠦ ᠵᠠᠰᠠᠭ ᠵᠠᠬᠢᠷᠭᠠᠨ ᠤ ᠭᠠᠴᠠᠭ᠎ᠠ ᠳᠤ ᠥᠷᠭᠡᠨ ᠪᠦᠰᠡ ᠶᠢᠨ ᠵᠠᠯᠭᠠᠬᠤ ᠴᠢᠳᠠᠪᠤᠷᠢ ᠶᠢ ᠪᠡᠶᠡᠯᠡᠭᠦᠯᠵᠦ᠂ 3000 ᠲᠦᠮᠡᠨ ᠬᠥᠳᠡᠭᠡ ᠲᠣᠰᠬᠤᠨ ᠤ ᠭᠡᠷ ᠪᠦᠯᠢ ᠳᠤ ᠥᠷᠭᠡᠨ ᠪᠦᠰᠡ ᠶᠢ ᠬᠠᠮᠤᠷᠤᠭᠤᠯᠬᠤ ᠪᠠ ᠲᠡᠰ ᠳᠡᠪᠰᠢᠭᠦᠯᠬᠦ ᠦᠢᠯᠡᠴᠢᠯᠡᠭᠡ ᠬᠠᠩᠭᠠᠵᠤ᠂ ᠮᠡᠳᠡᠭᠡ ᠵᠠᠩᠭᠢ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠪᠠ ᠪᠤᠶᠢᠳᠠ ᠪᠥᠭᠯᠡᠭᠦᠦ ᠶᠠᠳᠠᠭᠤ ᠬᠦᠴᠢᠷᠳᠡᠯᠲᠡᠶ ᠭᠠᠵᠠᠷ ᠣᠷᠣᠨ ᠢ ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠠᠬᠢᠭᠤᠯᠬᠤ ᠪᠠᠷ ᠪᠣᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号