ᠦᠩᠭᠡᠷᠡᠭᠰᠡᠨ ᠵᠢᠯ ᠥᠪᠥᠷ ᠮᠣᠩᠭᠤᠯ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠡᠷᠦᠩᠬᠡᠢ ᠦᠷᠳᠡᠭ 800 ᠳ᠋ᠦᠩᠰᠢᠭᠤᠷ ᠲᠥᠭᠦᠷᠢᠭ ᠰᠢᠬᠠᠮ ᠬᠦᠷᠴᠦ  ᠭᠠᠳᠠᠭᠠᠳᠤ ᠠᠷᠠᠯᠵᠢᠶᠠᠨ ᠤ ᠤᠯᠠᠨ ᠡᠰᠢᠵᠢᠭᠰᠡᠨ ᠰᠢᠨᠵᠢ ᠲᠡᠮᠳᠡᠭ ᠲᠣᠳᠣᠷᠠᠵᠤ ᠪᠠᠶᠢᠨ᠎ᠠ
ᠨᠡᠶᠢᠲᠡᠯᠡᠭᠰᠡᠨ ᠴᠠᠭ᠄
2016/2/15
      2015 ᠣᠨ ᠳᠤ᠂ ᠥᠪᠥᠷ ᠮᠣᠩᠭᠤᠯ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠡᠷᠦᠩᠬᠡᠢ ᠥᠷᠲᠡᠭ 790.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.6%᠎ ᠪᠠᠷ ᠪᠠᠭᠤᠷᠠᠪᠠ᠃ ᠡᠭᠦᠨ ᠤ ᠳᠣᠲᠣᠷ᠎ᠠ᠂ ᠭᠠᠳᠠᠭᠠᠳᠤ ᠭᠠᠷᠭᠠᠯᠲᠠ ᠶᠢᠨ ᠦᠷᠳᠡᠭ 350.3 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.8%᠎ ᠪᠠᠷ ᠪᠠᠭᠤᠷᠠᠪᠠ︔ ᠭᠠᠳᠠᠭᠠᠳᠤ ᠠᠴᠠ ᠣᠷᠤᠭᠤᠯᠤᠭᠰᠠᠨ ᠦᠷᠲᠡᠭ 440.1 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.2%᠎ ᠢᠶᠠᠷ ᠪᠠᠭᠤᠷᠠᠪᠠ᠃      ᠵᠠᠳᠠᠯᠤᠯᠲᠠ ᠶᠢᠨ ᠦᠵᠡᠬᠦ ᠪᠠᠷ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠪᠡᠶᠡᠴᠢ ᠴᠣᠭᠴᠠ ᠶᠢᠨ ᠤᠯᠠᠨ ᠡᠰᠢᠵᠢᠭᠰᠡᠨ ᠰᠢᠨᠵᠢ ᠲᠡᠮᠳᠡᠭ ᠠᠭᠠᠵᠢᠮ ᠢᠶᠠᠷ ᠲᠣᠳᠣᠷᠠᠵᠤ ᠪᠠᠶᠢᠨ᠎ᠠ᠃ ᠠᠷᠠᠯᠵᠢᠶᠠᠯᠠᠭᠰᠠᠳ ᠤᠨ ᠬᠤᠪᠢ ᠠᠴᠠ ᠠᠪᠴᠤ ᠦᠵᠡᠪᠡᠯ᠂ ᠮᠣᠩᠭᠤᠯ ᠤᠯᠤᠰ ᠬᠢᠭᠡᠳ ᠣᠷᠣᠰ ᠮᠦᠨᠬᠦ ᠥᠪᠥᠷ ᠮᠣᠩᠭᠤᠯ ᠤᠨ ᠲᠦᠷᠦᠭᠦᠦ ᠬᠤᠶᠠᠷ ᠲᠣᠮᠣ ᠠᠷᠠᠯᠵᠢᠶᠠᠨ ᠤ ᠨᠠᠶᠢᠵᠠ ᠪᠠᠶᠢᠵᠤ᠂ ᠠᠷᠠᠯᠵᠢᠶᠠᠨ ᠤ ᠥᠷᠳᠡᠭ ᠨᠢ ᠲᠤᠰ ᠪᠦᠷᠢ 203.35 ᠳ᠋ᠦᠩᠰᠢᠭᠤᠷ ᠲᠥᠭᠦᠷᠢᠭ ᠪᠠ 166.41ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠯ ᠨᠢ 46.8% ᠪᠠᠶᠢᠵᠤ᠂ ᠠᠳᠠᠯᠢ ᠬᠤᠭᠤᠴᠠᠭᠠᠨ ᠤ 2014 ᠣᠨ ᠤ 49.1%᠎ ᠠᠴᠠ ᠡᠳᠦᠶ ᠲᠡᠳᠦᠶ ᠪᠠᠭᠤᠷᠠᠭᠰᠠᠨ ᠪᠠᠶᠢᠨ᠎ᠠ᠃ ᠠᠳᠠᠯᠢ ᠬᠤᠭᠤᠴᠠᠭᠠᠨ ᠳᠤ᠂ ᠥᠪᠥᠷ ᠮᠣᠩᠭᠤᠯ ᠤᠨ ᠠᠮᠧᠷᠢᠺᠠ ᠂ ᠭᠧᠷᠮᠠᠨ᠂ ᠫᠤᠷᠦ᠋᠂ ᠴᠢᠯᠢ ᠳᠠᠬᠢ ᠠᠷᠠᠯᠵᠢᠶᠠᠨ ᠤ ᠦᠷᠲᠡᠭ ᠎ ᠨᠢ ᠲᠤᠰ ᠲᠤᠰ 0.3%᠂ 25.2%᠂ 35% ᠪᠠ 14.9%᠎ ᠪᠠᠷ ᠨᠡᠮᠡᠭᠳᠡᠪᠡ᠃      ᠲᠤᠭ᠎ᠠ ᠪᠠᠷᠢᠮᠲᠠ ᠠᠴᠠ ᠢᠯᠡᠷᠡᠭᠰᠡᠨ ᠨᠢ᠂ 2015 ᠣᠨ ᠪᠣᠯᠬᠤ ᠳᠤ᠂ ᠥᠪᠥᠷ ᠮᠣᠩᠭᠤᠯ ᠤᠨ ᠪᠦᠭᠦ ᠵᠢᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠤᠭᠤᠯᠬᠤ ᠪᠠ ᠭᠠᠳᠠᠭᠠᠳᠤ ᠳᠤ ᠭᠠᠷᠭᠠᠬᠤ ᠥᠷᠥᠭᠡᠰᠦᠨ ᠰᠠᠷ᠎ᠠ ᠶᠢᠨ ᠭᠠᠳᠠᠭᠠᠳᠤ ᠭᠠᠷᠭᠠᠯᠲᠠ ᠨᠢ ᠳᠠᠪᠠᠯᠭᠠᠨ ᠤ ᠬᠡᠯᠪᠡᠷᠢ ᠲᠠᠢ ᠪᠠᠶᠢᠵᠤ᠂ ᠭᠠᠳᠠᠭᠠᠳᠤ ᠠᠴᠠ ᠣᠷᠤᠭᠤᠯᠬᠤ ᠨᠢ ᠡᠮᠦᠨᠡᠬᠢ ᠨᠢ ᠦᠨᠳᠦᠷ ᠬᠤᠶᠢᠰᠢ ᠪᠠᠨ ᠳᠣᠷᠤᠭᠰᠢᠯᠠᠵᠤ᠂ ᠬᠢᠯᠢ ᠶᠢᠨ ᠠᠷᠠᠯᠵᠢᠶᠠᠨ ᠤ ᠭᠠᠳᠠᠭᠠᠳᠤ ᠭᠠᠷᠭᠠᠯᠲᠠ ᠨᠡᠮᠡᠭᠳᠡᠨ᠂ ᠭᠠᠳᠠᠭᠠᠳᠤ ᠠᠴᠠ ᠣᠷᠣᠭᠤᠯᠬᠤ ᠨᠢ ᠪᠠᠭᠤᠷᠠᠵᠤ᠂ ᠬᠤᠪᠢ ᠶᠢᠨ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠤᠭᠤᠯᠬᠤ ᠪᠠ ᠭᠠᠳᠠᠭᠠᠳᠤ ᠳᠤ ᠭᠠᠷᠭᠠᠬᠤ ᠨᠢ ᠪᠦᠷ ᠪᠠᠭᠤᠷᠠᠭᠰᠠᠨ ᠪᠠᠶᠢᠨ᠎ᠠ᠃ ᠠᠶᠢᠮᠠᠭ ᠬᠤᠳᠠ ᠠᠴᠠ ᠦᠵᠡᠪᠡᠯ᠂ ᠮᠠᠨᠵᠤᠤᠷ ᠬᠤᠳᠠ᠂ ᠪᠠᠶᠠᠨᠨᠠᠭᠤᠷ ᠬᠤᠳᠠ ᠪᠠ ᠬᠥᠬᠡᠬᠤᠲᠠ ᠵᠡᠷᠭᠡ ᠭᠤᠷᠪᠠᠨ ᠬᠤᠳᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠦᠷᠲᠡᠭ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠵᠤ᠂ ᠲᠤᠰᠪᠦᠷᠢ 172.4 ᠳ᠋ᠦᠩᠰᠢᠭᠤᠷ ᠲᠥᠭᠦᠷᠢᠭ᠂ 159.49 ᠳ᠋ᠦᠩᠰᠢᠭᠤᠷ ᠲᠥᠭᠦᠷᠢᠭ ᠪᠠ 128.12 ᠳ᠋ᠦᠩᠰᠢᠭᠤᠷ ᠲᠥᠭᠦᠷᠢᠭ ᠪᠣᠯᠤᠨ᠎ᠠ᠃ ᠠᠳᠠᠯᠢ ᠬᠤᠭᠤᠴᠠᠭᠠᠨ ᠳᠤ᠂ ᠥᠪᠥᠷ ᠮᠣᠩᠭᠤᠯ ᠤᠨ ᠮᠠᠨᠵᠤᠤᠷ᠂ ᠡᠷᠢᠶᠡᠨ ᠬᠤᠳᠠ᠂ ᠭᠠᠭᠴᠠ ᠮᠣᠳᠣ ᠪᠠ ᠴᠡᠭᠡ ᠳᠥᠷᠪᠡᠨ ᠶᠡᠭᠡ ᠪᠣᠭᠤᠮᠲᠠ ᠶᠢᠨ ᠵᠢᠯ ᠤᠨ ᠬᠢᠯᠢ ᠪᠠᠷ ᠣᠷᠣᠭᠤᠯᠵᠤ ᠭᠠᠷᠭᠠᠬᠤ ᠪᠠᠷᠠᠭ᠎ᠠ ᠵᠦᠭᠡᠭᠡᠪᠦᠷᠢᠯᠡᠯᠲᠡ ᠶᠢᠨ ᠬᠡᠮᠵᠢᠶ᠎ᠡ ᠨᠢ ᠴᠥᠮ 1000 ᠲᠦᠮᠡᠨ ᠲᠣᠨ ᠢ ᠳᠠᠪᠠᠵᠤ᠂ ᠮᠠᠨᠵᠤᠤᠷ᠂ ᠡᠷᠢᠶᠡᠨ ᠬᠤᠶᠠᠷ ᠬᠤᠳᠠ ᠶᠢᠨ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠬᠥᠭᠦᠷᠭᠡ ᠶᠢᠨ ᠳᠠᠪᠠᠭᠤᠯᠢᠭ ᠡᠳᠦᠷ ᠢᠷᠡᠬᠦᠶ᠎ᠡ ᠮᠡᠳᠡᠭᠳᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号