ᠴᠠᠭᠠᠨ ᠰᠠᠷ᠎ᠠ ᠶᠢᠨ ᠬᠤᠭᠤᠴᠠᠭᠠᠨ ᠳᠤ ᠥᠪᠥᠷ ᠮᠣᠩᠭᠤᠯ ᠳᠤ ᠨᠡᠶᠢᠲᠡ 521ᠤᠳᠠᠭ᠎ᠠ ᠶᠢᠨ ᠭᠠᠯ ᠤᠨ ᠠᠶᠤᠯ ᠭᠠᠷᠴᠤ  205.7 ᠲᠦᠮᠡᠨ ᠲᠥᠭᠦᠷᠢᠭ ᠤᠨ ᠡᠳ᠋ ᠬᠥᠷᠥᠩᠭᠡ ᠰᠢᠭᠤᠳ ᠬᠤᠬᠢᠷᠠᠪᠠ
ᠨᠡᠶᠢᠲᠡᠯᠡᠭᠰᠡᠨ ᠴᠠᠭ᠄
2016/2/15
      2 ᠳ᠋ᠤᠭᠠᠷ ᠰᠠᠷ᠎ᠠ ᠶᠢᠨ 7᠎ ᠤ ᠡᠳᠦᠷ ᠠᠴᠠ 13᠎ ᠤ ᠡᠳᠦᠷ ᠪᠣᠯᠲᠠᠯ᠎ᠠ ᠥᠪᠥᠷ ᠮᠣᠩᠭᠤᠯ ᠳᠤ ᠨᠡᠶᠢᠲᠡ 521 ᠤᠳᠠᠭ᠎ᠠ ᠶᠢᠨ ᠭᠠᠯ ᠤᠨ ᠠᠶᠤᠯ ᠭᠠᠷᠴᠤ᠂ 205.7 ᠲᠦᠮᠡᠨ ᠲᠥᠭᠦᠷᠢᠭ ᠤᠨ ᠡᠳ᠋ ᠬᠥᠷᠥᠩᠭᠡ ᠰᠢᠭᠤᠳ ᠬᠤᠬᠢᠷᠠᠯ ᠳᠤ ᠤᠴᠠᠷᠠᠪᠠ᠂ ᠰᠢᠷᠬᠠᠲᠤᠵᠤ ᠠᠳᠡᠭᠰᠡᠨ ᠬᠥᠮᠥᠨ ᠦᠭᠡᠢ᠃ ᠳᠡᠭᠡᠷ᠎ᠡ ᠵᠢᠯ ᠲᠠᠢ ᠬᠠᠷᠢᠴᠠᠭᠤᠯᠪᠠᠯ᠂ ᠭᠠᠯ ᠤᠨ ᠠᠶᠤᠯ ᠤᠨ ᠲᠤᠭ᠎ᠠ 33.9%᠎ ᠪᠠᠷ ᠪᠠᠭᠠᠰᠪᠠ᠂ ᠡᠳ᠋ ᠪᠣᠳᠠᠰ ᠤᠨ ᠰᠢᠭᠤᠳ ᠬᠤᠬᠢᠷᠠᠯ 32%᠎ ᠢᠶᠠᠷ ᠪᠠᠭᠠᠰᠪᠠ᠃ ᠭᠠᠯ ᠤᠨ ᠠᠶᠤᠯ ᠤᠨ ᠰᠢᠯᠲᠠᠭᠠᠨ ᠠᠴᠠ ᠦᠵᠡᠪᠡᠯ᠄ 9 ᠬᠤᠪᠢ ᠠᠴᠠ ᠳᠡᠭᠡᠭᠰᠢᠬᠢ ᠭᠠᠯ ᠤᠨ ᠠᠶᠤᠯ ᠨᠢ ᠫᠤᠤᠵᠢᠩ ᠤᠨ ᠳᠡᠯᠪᠡᠷᠡᠯᠲᠡ᠂ ᠠᠮᠢᠳᠤᠷᠠᠯ  ᠳᠤᠮᠳᠠ ᠭᠠᠯ ᠠᠯᠳᠠᠭᠰᠠᠨ᠂ ᠡᠭᠦᠨ ᠳᠤ ᠫᠤᠤᠵᠢᠩ ᠤᠨ ᠳᠡᠯᠪᠡᠷᠡᠯᠲᠡ ᠠᠴᠠ ᠭᠠᠯ ᠠᠯᠳᠠᠭᠰᠠᠨ ᠬᠡᠷᠡᠭ 412 ᠤᠳᠠᠭ᠎ᠠ᠂ ᠪᠦᠬᠦ ᠲᠤᠭ᠎ᠠ ᠶᠢᠨ 79%᠎ ᠶᠢ ᠡᠵᠡᠯᠡᠵᠦ︔ ᠠᠮᠢᠳᠤᠷᠠᠯ ᠳᠤᠮᠳᠠ ᠭᠠᠯ ᠠᠯᠳᠠᠭᠰᠠᠨ ᠬᠡᠷᠡᠭ 44 ᠤᠳᠠᠭ᠎ᠠ᠂ ᠪᠦᠬᠦ ᠲᠤᠭ᠎ᠠ ᠶᠢᠨ 9%᠎ ᠶᠢ ᠡᠵᠡᠯᠡᠵᠦ︔ ᠴᠠᠬᠢᠯᠭᠠᠨ ᠬᠡᠢ ᠶᠢᠨ ᠭᠠᠯ ᠤᠨ ᠠᠶᠤᠯ᠂ ᠭᠠᠯ ᠲᠠᠯᠪᠢᠭᠰᠠᠨ ᠪᠠ ᠰᠢᠯᠲᠠᠭᠠᠨ ᠨᠢ ᠲᠣᠳᠣ ᠪᠣᠰᠤ ᠭᠠᠯ ᠤᠨ ᠠᠶᠤᠯ 65 ᠤᠳᠠᠭ᠎ᠠ᠂ ᠪᠦᠬᠦ ᠲᠤᠭ᠎ᠠ ᠶᠢᠨ 12%᠎ ᠢ ᠡᠵᠡᠯᠡᠨ᠎ᠡ᠃ ᠡᠭᠦᠨ ᠠᠴᠠ ᠭᠠᠳᠠᠨ᠎ᠠ᠂ ᠴᠠᠭᠠᠨ ᠰᠠᠷ᠎ᠠ ᠶᠢᠨ ᠬᠤᠭᠤᠴᠠᠭᠠᠨ ᠎ ᠳᠤ᠂ ᠥᠪᠥᠷ ᠮᠣᠩᠭᠤᠯ ᠤᠨ ᠳᠤᠲᠤᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠰᠠᠯᠠᠭ᠎ᠠ ᠮᠥᠴᠢᠷ ᠪᠠ ᠡᠯ᠎ᠡ ᠰᠠᠯᠠᠭ᠎ᠠ ᠮᠥᠴᠢᠷ ᠬᠠᠮᠲᠤ ᠪᠠᠷ 1710 ᠪᠠᠶᠢᠴᠠᠭᠠᠯᠲᠠ ᠶᠢᠨ ᠳᠤᠭᠤᠶᠢᠯᠠᠩ ᠲᠣᠮᠢᠯᠠᠵᠤ᠂ 5800 ᠨᠢᠭᠡᠴᠡ ᠪᠠ ᠲᠠᠯᠠᠪᠤᠷ ᠢ ᠪᠠᠶᠢᠴᠠᠭᠠᠵᠤ᠂ 3812 ᠭᠠᠯ ᠤᠨ ᠠᠶᠤᠯ ᠪᠦᠬᠦᠢ ᠳᠠᠯᠳᠠ ᠭᠡᠮ ᠢ ᠱᠠᠯᠠᠪᠳᠠᠨ ᠴᠡᠭᠴᠡᠯᠡᠵᠦ᠂ 5 ᠨᠢᠭᠡᠴᠡ ᠶᠢ ᠬᠠᠤᠯᠢ ᠶᠤᠰᠤᠭᠠᠷ ︽ᠭᠤᠷᠪᠠ ᠶᠢ ᠵᠣᠭᠰᠣᠭᠠᠬᠤ︾᠎ ᠪᠠᠷ ᠵᠠᠷᠯᠢᠭᠳᠠᠪᠠ᠃ ᠪᠦᠬᠦ ᠣᠷᠣᠨ ᠳᠤ ᠴᠠᠭᠳᠠᠭ᠎ᠠ ᠭᠠᠷᠲᠠᠭᠰᠠᠨ ᠬᠡᠷᠡᠭ ᠨᠡᠶᠢᠲᠡ 561ᠤᠳᠠᠭ᠎ᠠ ᠭᠠᠷᠴᠤ᠂ 1013 ᠤᠳᠠᠭ᠎ᠠ ᠲᠡᠷᠭᠡ ᠶᠠᠪᠤᠵᠤ᠂ 5492 ᠴᠠᠭᠳᠠᠭ᠎ᠠ ᠬᠥᠳᠡᠯᠵᠦ᠂ 54 ᠭᠠᠴᠢᠭᠳᠠᠭᠰᠠᠨ ᠬᠥᠮᠥᠨ ᠢ ᠠᠪᠤᠷᠠᠭᠰᠠᠨ ᠪᠠ ᠲᠥᠪᠬᠢᠨᠡᠭᠦᠯᠵᠦ᠂ 394.4 ᠲᠦᠮᠡ ᠭᠠᠷᠤᠢ ᠲᠥᠭᠦᠷᠢᠭ ᠤᠨ ᠥᠷᠲᠡᠭ ᠪᠦᠬᠦᠢ ᠡᠳ᠋ ᠪᠣᠳᠠᠰ ᠢ ᠠᠪᠤᠷᠠᠨ ᠠᠪᠤᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号