2 ᠳ᠋ᠤᠭᠠᠷ ᠰᠠᠷ᠎ᠠ ᠶᠢᠨ 7 ᠤ ᠡᠳᠦᠷ ᠠᠴᠠ 2 ᠳ᠋ᠤᠭᠠᠷ ᠰᠠᠷ᠎ᠠ ᠶᠢᠨ 13 ᠤ ᠡᠳᠦᠷ ᠪᠤᠯᠲᠠᠯ᠎ᠠ ᠴᠠᠭᠠᠨ | ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠣᠷᠣᠨ ᠤ ᠵᠠᠰᠠᠮᠠᠯ ᠵᠠᠮ ᠤᠨ ᠡᠵᠡᠩᠨᠡᠯᠲᠡ ᠳᠤ 23606 | ᠠᠶᠠᠨᠴᠢᠳ ᠤᠨ ᠮᠠᠰᠢᠨ ᠲᠡᠷᠭᠡ ᠤᠷᠤᠭᠤᠯᠵᠤ᠂ ᠶᠡᠷᠦᠩᠬᠡᠶ ᠰᠠᠭᠤᠳᠠᠯ ᠤᠨ ᠲᠤᠭ᠎ᠠ ᠨᠢ 91.0678 ᠲᠦᠮᠡ ᠳᠤ | ᠬᠦᠷᠴᠦ᠂ 55.02 ᠲᠦᠮᠡᠨ ᠬᠥᠮᠦᠨ ᠤᠳᠠᠭ᠎ᠠ ᠶᠢᠨ ᠠᠶᠠᠨᠴᠢᠳ ᠢ ᠵᠦᠭᠡᠭᠡᠪᠦᠷᠢᠯᠡᠨ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ26.7% ᠪᠠᠭᠤᠷᠠᠪᠠ᠃ ᠬᠤᠭᠤᠴᠠᠭᠠᠨ ᠳᠤ ᠬᠥᠮᠦᠨ ᠦᠬᠦᠵᠦ ᠰᠢᠷᠬᠠᠳᠤᠭᠰᠠᠨ ᠵᠠᠮ | ᠲᠡᠭᠡᠭᠡᠪᠦᠷᠢ ᠶᠢᠨ ᠮᠠᠰᠢᠨ ᠲᠡᠷᠭᠡᠨ ᠤ ᠠᠳᠡᠯ ᠭᠠᠷᠤᠭᠰᠠᠨ ᠦᠭᠡᠢ᠃ ᠴᠠᠭᠠᠨ ᠰᠠᠷ᠎ᠠ ᠶᠢᠨ ᠠᠮᠠᠷᠠᠯᠲᠠ ᠶᠢᠨ | ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠠᠶᠤᠯᠭᠦᠶ ᠦᠢᠯᠡᠳᠪᠦᠷᠢᠯᠡᠯ ᠢᠶᠠᠷ ᠭᠤᠣᠯᠳᠠᠯᠭ᠎ᠠ ᠪᠣᠯᠭᠠᠨ᠂ ᠴᠠᠭᠠᠨ ᠰᠠᠷ᠎ᠠ ᠶᠢᠨ ᠵᠥᠭᠡᠭᠡᠪᠦᠷᠢ ᠶᠢᠨ | ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ | ᠪᠠᠶᠢᠷᠢ ᠪᠠᠨ ᠪᠠᠲᠤ ᠰᠠᠬᠢᠵᠤ᠂ ᠥᠷᠭᠡᠨ ᠣᠯᠠᠨ ᠠᠶᠠᠨᠴᠢᠳ ᠤᠨ ᠭᠠᠳᠠᠭᠰᠢ ᠭᠠᠷᠬᠤ ᠳᠤ ᠬᠠᠮᠤᠭ ᠤᠨ ᠰᠢᠯᠢᠳᠡᠭ | ᠦᠢᠯᠡᠴᠢᠯᠡᠭᠡ ᠬᠠᠩᠭᠠᠬᠤ ᠪᠠᠷ ᠴᠢᠷᠮᠠᠶᠢᠪᠠ᠃ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠨᠤᠭᠤᠳ | ᠠᠶᠤᠯᠭᠦᠶ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ GPS | ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠭᠦᠢᠴᠡᠳ ᠠᠰᠢᠭᠯᠠᠵᠤ᠂ ᠲᠤᠰ ᠠᠵᠤ ᠠᠬᠤᠶᠢᠯᠠᠯ ᠤᠨ ᠢᠶᠠᠨ ᠲᠡᠷᠭᠡ | ᠬᠥᠰᠬᠡ ᠶᠢ ᠪᠦᠬᠦ ᠲᠠᠯ᠎ᠠ ᠪᠠᠷ ᠬᠢᠨᠠᠨ ᠡᠵᠡᠮᠳᠡᠵᠦ᠂ ᠭᠤᠯᠭᠤᠵᠤ ᠬᠠᠯᠲᠤᠷᠢᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ ᠬᠦᠮᠦᠨ ᠬᠡᠲᠦᠷᠡᠲᠡᠯ᠎ᠡ ᠲᠡᠭᠡᠭᠡᠬᠦ᠂ ᠬᠤᠷᠳᠤᠴᠠ ᠠᠴᠠ ᠬᠡᠲᠦᠷᠡᠬᠦ᠂ ᠲᠤᠭᠲᠠᠭᠰᠠᠨ | ᠵᠠᠮ ᠱᠤᠭᠤᠮ ᠢᠶᠠᠷ ᠶᠠᠪᠤᠬᠤ ᠦᠭᠡᠢ᠂ ᠶᠠᠳᠠᠷᠠᠵᠤ ᠵᠦᠳᠡᠷᠡᠨ ᠲᠡᠷᠭᠡ ᠵᠢᠯᠣᠭᠤᠳᠬᠤ ᠵᠡᠷᠭᠡ ᠬᠠᠤᠯᠢ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠪᠡ᠃ |