2015 ᠤᠨ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠢᠨ ᠤᠳᠤᠷᠢᠳᠬᠤ ᠺᠠᠳ᠋ᠷ ᠳᠤ ᠬᠤᠯᠪᠤᠬᠳᠠᠬᠰᠠᠠ ᠠᠰᠠᠭᠤᠳᠠᠯ ᠤᠨ ᠰᠦᠪᠡᠭᠴᠢ ᠶᠢ 2530 ᠤᠯᠪᠡ
ᠨᠡᠶᠢᠲᠡᠯᠡᠭᠰᠡᠨ ᠴᠠᠭ᠄
2016/2/16
     2 ᠳ᠋ᠤᠭᠠᠷ ᠰᠠᠷ᠎ᠠ ᠶᠢᠨ 14᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠠᠷᠤᠭ᠎ᠠ ᠵᠠᠩ ᠯᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ 2016 ᠤᠨ ᠤ ᠨᠢᠭᠡᠳᠦᠭᠡᠷ᠂ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ 2015 ᠤᠨ ᠤ ᠲᠦᠷᠪᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠰᠠᠠ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠲᠤᠰᠬᠠᠢ ᠰᠡᠳᠦᠪ ᠢᠶᠠᠷ ᠰᠤᠨᠤᠰᠴᠦ᠂ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠠᠯᠪᠠᠨ ᠭᠡᠷ ᠤᠨ ᠲᠤᠰᠬᠠᠢ ᠲᠦᠷᠦᠯ ᠤᠨ ᠪᠠᠶᠢᠴᠠᠭᠠᠯᠳᠠ ᠶᠢᠨ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ ᠠᠵᠢᠯ ᠪᠤᠯᠤᠨ 2016 ᠤᠨ ᠤ ᠲᠤᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠳᠠ ᠶᠢ ᠰᠤᠳᠤᠯᠵᠠᠢ᠃      ᠬᠤᠷᠠᠯ ᠨᠢ ᠲᠤᠭᠤᠷᠢᠨ ᠪᠠᠶᠢᠴᠠᠭᠠᠭᠠᠳ ᠤᠯᠵᠦ ᠮᠡᠳᠡᠭᠰᠡᠡ ᠭᠤᠤᠯᠳᠠᠯᠭ᠎ᠠ ᠲᠠᠢ ᠠᠰᠠᠭᠤᠳᠠᠯ ᠪᠤᠯᠤᠨ ᠰᠦᠪᠡᠭᠴᠢ ᠶᠢ ᠬᠢᠨᠠᠮᠠᠭᠠᠢ ᠰᠤᠳᠤᠯᠵᠦ᠂ ᠠᠩᠬ᠎ᠠ ᠠᠯᠬᠤᠮ ᠤᠨ ᠰᠢᠢᠳᠪᠦᠷᠢᠯᠡᠬᠦ ᠰᠠᠨᠠᠯ ᠢᠶᠠᠨ ᠲᠤᠷᠠᠳᠤᠬᠰᠠᠠ ᠪᠦᠭᠡᠳ ᠶᠡᠷᠦᠩᠭᠡᠶᠢᠯᠡᠭᠰᠡᠡ ᠪᠠᠶᠢᠳᠠᠯ ᠤᠨ ᠬᠠᠷᠢᠭᠤ ᠮᠡᠳᠡᠭᠦᠯᠦᠯᠳᠡ᠂ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠦᠭᠬᠦ᠂ ᠲᠤᠭᠤᠷᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠵᠡᠷᠭᠡ ᠰᠡᠬᠦᠯᠴᠢ ᠶᠢᠨ ᠬᠤᠭᠤᠴᠠᠭᠠᠨ ᠤ ᠠᠵᠢᠯ ᠪᠤᠯᠤᠨ 2016 ᠤᠨ ᠤ ᠨᠢᠭᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠰᠤᠳᠤᠯᠤᠨ ᠪᠠᠶᠢᠷᠢᠯᠠᠭᠤᠯᠤᠯᠳᠠ ᠬᠢᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠡᠳ᠋ ᠲᠠᠷᠤᠭ᠎ᠠ ᠯᠢ ᠫᠧᠩ ᠰᠢᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ᠂ ᠠᠯᠪᠠᠨ ᠭᠡᠷ ᠤᠨ ᠡᠷᠬᠢᠯᠡᠭᠴᠢ ᠯᠢᠦ ᠬᠤᠢ ᠵᠢᠴᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠪᠤᠰᠤᠳ ᠪᠦᠷᠢᠯᠳᠦᠬᠦᠨ ᠬᠤᠷᠠᠯ ᠳᠤ ᠤᠷᠤᠯᠴᠠᠵᠠᠢ᠃      ᠬᠤᠷᠠᠯ ᠠᠴᠠ᠂ 2015 ᠤᠨ ᠤ ᠲᠦᠷᠪᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠶᠠᠪᠤᠴᠠ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠢᠨ ︽ᠲᠤᠮᠳᠠᠳᠦ ᠤᠯᠤᠰ ᠤᠨ ᠡᠪ ᠬᠠᠮᠳᠦ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ︽ᠭᠡᠷᠡᠭᠵᠢᠭᠦᠯᠬᠦ ᠠᠷᠭ᠎ᠠ︾᠎ ᠶᠢ ᠰᠠᠶᠢᠳᠤᠷ ᠲᠤᠤᠱᠯᠠᠭᠤᠯᠵᠦ᠂ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠲᠦᠪᠯᠡᠷᠡᠭᠦᠯᠦᠨ᠂ ᠰᠠᠬᠢᠯᠭ᠎ᠠ ᠪᠠᠳᠦ ᠪᠤᠯᠤᠨ ᠲᠦᠷᠢᠮ ᠲᠤᠬᠳᠠᠭᠠᠯ ᠢ ᠡᠮᠦᠨ᠎ᠠ ᠨᠢ ᠲᠠᠯᠪᠢᠵᠦ᠂ ᠲᠤᠭᠤᠷᠢᠨ ᠪᠠᠶᠢᠴᠠᠭᠠᠵᠦ ᠬᠢᠨᠠᠯᠳᠠ ᠲᠠᠯᠪᠢᠬᠤ ᠠᠵᠢᠯ ᠢ ᠴᠢᠩᠭ᠎ᠠ ᠪᠠᠷ ᠦᠷᠨᠢᠭᠦᠯᠦᠭᠡᠳ ᠬᠦᠬᠡᠬᠤᠳᠠ ᠶᠢᠨ ᠲᠦᠮᠡᠳ ᠵᠡᠬᠦᠨ ᠬᠤᠰᠢᠭᠤ ᠵᠡᠷᠭᠡ 20 ᠬᠤᠰᠢᠭᠤ ᠰᠢᠶᠠᠨ ︵ᠬᠤᠳᠠ᠂ ᠲᠤᠭᠤᠷᠢᠬ︶᠎ ᠤ ᠨᠠᠮ ᠤᠨ ᠬᠤᠷᠢᠶ᠎ᠠ ᠶᠢᠨ ︽ᠵᠢᠷᠭᠤᠭᠠᠨ ᠰᠠᠬᠢᠯᠭ᠎ᠠ ᠪᠠᠳᠦ︾ ᠪᠤᠯᠤᠨ ︽ᠲᠦᠷᠪᠡᠨ ᠬᠦᠴᠦᠯᠡᠴᠡ︾᠎ ᠶᠢ ᠵᠢᠷᠤᠮᠯᠠᠬᠤ ᠲᠠᠯ᠎ᠠ ᠪᠠᠷ ᠤᠷᠤᠰᠢᠵᠦ ᠪᠦᠭᠦᠢ ᠲᠤᠪᠤᠶᠢᠮ᠎ᠠ ᠠᠰᠠᠭᠤᠳᠠᠯ ᠢ 368 ᠢᠯᠡᠷᠡᠭᠦᠯᠵᠦ᠂ ᠤᠳᠤᠷᠢᠳᠬᠤ ᠺᠠᠳ᠋ᠷ ᠳᠤ ᠬᠤᠯᠪᠤᠬᠳᠠᠬᠰᠠᠠ ᠠᠰᠠᠭᠤᠳᠠᠯ ᠤᠨ ᠰᠦᠪᠡᠭᠴᠢ ᠶᠢ 738 ᠢᠯᠡᠷᠡᠭᠦᠯᠵᠦ᠂ ᠬᠢᠨᠠᠯᠳᠠ ᠲᠠᠯᠪᠢᠯᠳᠠ ᠶᠢᠨ ᠲᠠᠯ᠎ᠠ ᠪᠠᠷ ᠮᠡᠳᠡᠭᠳᠡᠮ᠎ᠠ ᠦᠷ᠎ᠠ ᠪᠦᠳᠦᠮᠵᠢ ᠤᠯᠵᠠᠢ ᠭᠡᠵᠦ ᠦᠵᠡᠪᠡ᠃      2015 ᠤᠨ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠨᠡᠶᠢᠳᠡ 38 ᠲᠤᠭᠤᠷᠢᠨ ᠪᠠᠶᠢᠴᠠᠭᠠᠬᠤ ᠲᠤᠭᠤᠢᠢᠯᠠᠩ ᠲᠤᠮᠢᠯᠠᠵᠦ᠂ 81 ᠭᠠᠵᠠᠷ ᠤᠷᠤᠨ ︵ᠨᠢᠭᠡᠴᠡ︶᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠤᠭᠤᠷᠢᠨ ᠪᠠᠶᠢᠴᠠᠭᠠᠯᠳᠠ ᠶᠢ ᠪᠡᠶᠡᠯᠡᠭᠦᠯᠵᠦ᠂ ᠦᠪᠡᠷᠳᠡᠭᠡᠨ ᠵᠠᠰᠠᠬᠤ ᠤᠷᠤᠨ ᠤ ᠪᠤᠢ ᠪᠦᠬᠦᠢ ᠠᠶᠢᠮᠠᠬ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠬ︶᠎ ᠢ ︽ᠪᠦᠷᠢᠨ ᠪᠦᠷᠬᠦᠭᠦᠯᠵᠠᠢ︾᠃ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠢᠨ ᠲᠤᠭᠤᠷᠢᠨ ᠪᠠᠶᠢᠴᠠᠭᠠᠬᠳᠠᠬᠰᠠᠠ ᠭᠠᠵᠠᠷ ᠤᠷᠤᠨ ︵ᠨᠢᠭᠡᠴᠠ︶᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ︽ᠵᠢᠷᠭᠤᠭᠠᠨ ᠰᠠᠬᠢᠯᠭ᠎ᠠ ᠪᠠᠳᠦ︾ ᠪᠤᠯᠤᠨ ︽ᠲᠦᠷᠪᠡᠨ ᠬᠦᠴᠦᠯᠡᠴᠡ︾᠎ ᠶᠢ ᠵᠢᠷᠤᠮᠯᠠᠬᠰᠠᠠ ᠲᠠᠯ᠎ᠠ ᠪᠠᠷ ᠤᠷᠤᠰᠢᠵᠦ ᠪᠦᠬᠦᠢ ᠠᠰᠠᠭᠤᠳᠠᠯ ᠢ 1278 ᠢᠯᠡᠷᠡᠭᠦᠯᠵᠦ︔ ᠤᠳᠤᠷᠢᠳᠬᠤ ᠺᠠᠳ᠋ᠷ ᠳᠤ ᠬᠤᠯᠪᠤᠬᠳᠠᠬᠰᠠᠠ ᠠᠰᠠᠭᠤᠳᠠᠯ ᠤᠨ ᠰᠦᠪᠡᠭᠴᠢ ᠶᠢ 2530 ᠤᠯᠵᠡᠢ᠃ ᠡᠯ᠎ᠠ ᠱᠠᠳᠤᠨ ᠤ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠲᠤᠭᠤᠷᠢᠨ ᠪᠠᠶᠢᠴᠠᠭᠠᠵᠦ ᠰᠢᠯᠵᠢᠭᠦᠯᠦᠨ ᠦᠭᠬᠦᠭᠰᠡᠡ ᠠᠰᠠᠭᠤᠳᠠᠯ ᠤᠨ ᠰᠦᠪᠡᠭᠴᠢ ᠶᠢ ᠦᠨᠳᠦᠰᠦᠯᠡᠨ 10 ᠲᠢᠩᠬᠢᠮ ᠲᠤᠪᠴᠢᠶ᠎ᠠ ᠶᠢᠨ ᠲᠡᠰ ᠤᠨ ᠺᠠᠳ᠋ᠷ᠂ 22 ᠰᠢᠶᠠᠨ ᠭᠠᠵᠠᠷ ᠤᠨ ᠲᠡᠰ ᠤᠨ ᠺᠠᠳ᠋ᠷ᠂ 200 ᠰᠢᠶᠠᠩ ᠰᠠᠯᠠᠭ᠎ᠠ ᠶᠢᠨ ᠲᠡᠰ ᠠᠴᠠ ᠲᠤᠷᠤᠬᠰᠢᠬᠢ ᠺᠠᠳ᠋ᠷ ᠢ ᠪᠠᠶᠢᠴᠠᠭᠠᠨ ᠰᠢᠳᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号