ᠪᠣᠳᠠᠲᠠᠶ ᠭᠠᠵᠠᠷ ᠲᠤᠨᠢ ᠬᠢᠨᠠᠨ ᠬᠡᠮᠵᠢᠭᠰᠡᠨ ᠮᠡᠳᠡᠭᠡ ᠵᠠᠩᠭᠢ ᠲᠠᠢ ᠤᠶᠠᠯᠳᠤᠭᠤᠯᠤᠨ᠂ ᠥᠪᠥᠷ ᠮᠣᠩᠭᠤᠯ ᠤᠨ | ᠪᠦᠬᠦ ᠣᠷᠣᠨ ᠤ 2016 ᠤᠨ ᠤ 2 ᠳ᠋ᠤᠭᠠᠷ ᠰᠠᠷ᠎ᠠ ᠶᠢᠨ ᠡᠬᠢᠨ ᠤ ᠴᠠᠰᠤ ᠪᠦᠷᠬᠦᠭᠰᠡᠨ ᠲᠠᠷᠬᠠᠯᠲᠠ ᠶᠢᠨ ᠪᠠᠶᠢᠳᠠᠯ ᠢ | ᠬᠢᠨᠠᠨ ᠬᠡᠮᠵᠢᠵᠦ ᠵᠠᠳᠠᠯᠤᠯᠲᠠ ᠬᠢᠪᠡ᠃ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠂ ᠣᠳᠣᠬᠠᠨ ᠳᠤ ᠮᠠᠨ ᠤ | ᠣᠷᠣᠨ ᠤ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ ᠶᠢᠨ | ᠪᠠᠷᠠᠭᠤᠨ ᠬᠤᠶᠢᠲᠤ ᠪᠡᠶ᠎ᠡ ᠶᠢᠨ ᠬᠡᠰᠡᠭ ᠭᠠᠵᠠᠷ ᠣᠷᠣᠨ᠂ ᠲᠦᠩᠯᠢᠶᠣᠤ ᠶᠢᠨ ᠬᠤᠶᠢᠲᠤ ᠪᠡᠶ᠎ᠡ ᠶᠢᠨ ᠬᠡᠰᠡᠭ ᠭᠠᠵᠠᠷ | ᠣᠷᠣᠨ᠂ ᠤᠯᠠᠭᠠᠨᠴᠠᠪ ᠬᠤᠲᠠ ᠶᠢᠨ ᠬᠡᠰᠡᠭ ᠭᠠᠵᠠᠷ ᠣᠷᠣᠨ᠂ ᠬᠥᠬᠡᠬᠤᠲᠠ ᠶᠢᠨ ᠬᠡᠰᠡᠭ ᠭᠠᠵᠠᠷ ᠣᠷᠣᠨ᠂ ᠪᠤᠭᠤᠲᠤ | ᠬᠤᠳᠠ ᠶᠢᠨ ᠵᠡᠭᠦᠨ ᠪᠡᠶ᠎ᠡ ᠶᠢᠨ ᠬᠡᠰᠡᠭ ᠭᠠᠵᠠᠷ ᠤᠷᠤᠨ ᠳᠤ ᠴᠠᠰᠤ ᠬᠤᠷᠠᠨ ᠪᠦᠷᠬᠦᠵᠦ᠂ ᠲᠠᠯᠠᠪᠠᠶ ᠨᠢ ᠪᠠᠷᠤᠭ 36. | 23 ᠲᠦᠮᠡᠨ km2 ᠲᠤ ᠬᠦᠷᠴᠦ᠂ ᠪᠥᠬᠦ ᠣᠷᠣᠨ ᠤ ᠨᠤᠲᠤᠭ ᠳᠡᠪᠢᠰᠬᠡᠷ ᠤᠨ 30.7% ᠤᠷᠴᠢᠮ ᠢ ᠡᠵᠡᠯᠡᠵᠤ᠂ | ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠦᠪᠡᠭᠡᠲᠦ ᠴᠠᠭᠠᠨ ᠬᠤᠰᠢᠭᠤ ᠶᠢᠨ ᠬᠢᠯᠢ ᠶᠢᠨ ᠳᠤᠲᠤᠷᠠᠬᠢ ᠴᠠᠰᠤ | ᠬᠤᠷᠠᠭᠰᠠᠨ ᠬᠡᠮᠵᠢᠶ᠎ᠡ ᠨᠢ 38cm ᠬᠦᠷᠴᠠᠢ᠃ |