ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠨᠠᠮ ᠤᠨ ᠤᠳᠤᠷᠢᠳᠬᠤ ᠲᠤᠭᠤᠢᠢᠯᠠᠩ ᠤᠨ ᠦᠷᠭᠡᠳᠭᠡᠭᠰᠡᠨ ᠬᠤᠷᠠᠯ ᠬᠢᠪᠡ  ᠷᠧᠨ ᠶᠠ ᠫᠢᠩ ᠬᠤᠷᠠᠯ ᠡᠷᠬᠢᠯᠡᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2016/2/16
     2 ᠳ᠋ᠤᠭᠠᠷ ᠰᠠᠷ᠎ᠠ ᠶᠢᠨ 15᠎ ᠤ ᠦᠲᠡ ᠶᠢᠨ ᠬᠤᠶᠢᠨ᠎ᠠ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠨᠠᠮ ᠤᠨ ᠤᠳᠤᠷᠢᠳᠬᠤ ᠲᠤᠭᠤᠢᠢᠯᠠᠩ ᠤᠨ ᠦᠷᠭᠡᠳᠭᠡᠭᠰᠡᠨ ᠬᠤᠷᠠᠯ ᠬᠢᠵᠦ᠂ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦᠲᠡ ᠬᠤᠷᠠᠯ ᠪᠤᠯᠤᠨ ᠦᠪᠡᠷᠲᠡᠭᠡᠨ ᠵᠠᠰᠬᠠᠤ ᠤᠷᠤᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠲᠤᠯᠤᠳᠤᠭᠠᠷ ᠤᠳᠠᠭ᠎ᠠ ᠶᠢᠨ ᠪᠦᠬᠦᠲᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠰᠠᠨ ᠲᠦᠷᠦᠭᠲᠡᠯ ᠢᠶᠠᠨ ᠰᠤᠯᠢᠯᠴᠠᠵᠦ᠂ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ 2016 ᠣᠨ ᠤ ᠠᠵᠢᠯ ᠤᠨ ᠭᠤᠤᠯᠲᠠᠯᠭ᠎ᠠ ᠪᠠᠨ ᠰᠤᠲᠤᠯᠵᠠᠢ᠃      ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠲᠡᠷᠢᠭᠦᠯᠡᠭᠴᠢ ᠷᠧᠨ ᠶᠠ ᠫᠢᠩ ᠬᠤᠷᠠᠯ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠳ᠋ᠦᠩ ᠾᠧᠩ ᠢᠤᠢ᠂ ᠵᠧᠩ ᠹᠦ᠋ ᠲᠢᠶᠠᠨ᠂ ᠨᠢᠦ ᠭᠤᠸᠠᠩ ᠮᠢᠩ᠂ ᠶᠠᠩ ᠴᠧᠩ ᠸᠠᠩ᠂ ᠴᠧᠨ ᠢᠤᠢ᠂ ᠴᠠᠩ ᠬᠠᠢ᠂ ᠯᠢᠶᠠᠩ ᠲᠢᠶᠧ ᠴᠧᠩ ᠪᠤᠯᠤᠨ ᠨᠠᠷᠢᠨ ᠪᠢᠴᠢᠭ ᠤᠨ ᠲᠠᠷᠤᠭ᠎ᠠ ᠸᠧᠢ ᠵᠢᠶᠦ᠋ᠨ ᠬᠤᠷᠠᠯ ᠳᠤ ᠤᠷᠤᠯᠴᠠᠵᠠᠢ᠃      ᠡᠮᠦᠨᠡᠬᠢ ᠬᠤᠭᠤᠴᠠᠭᠠᠨ ᠤ ᠤᠯᠠᠮᠵᠢᠯᠠᠨ ᠰᠤᠷᠤᠯᠴᠠᠬᠰᠠᠨ ᠰᠠᠭᠤᠷᠢᠨ ᠲᠡᠭᠡᠷ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠲᠦᠭᠦᠨ᠂ ᠡᠪ ᠬᠠᠮᠲᠦ ᠨᠠᠮ ᠤᠨ ᠪᠤᠰᠤ ᠲᠡᠳ᠋ ᠲᠡᠷᠢᠭᠦᠯᠡᠭᠴᠢ ᠲᠤᠰᠪᠤᠷᠢ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦᠲᠡ ᠬᠤᠷᠠᠯ ᠪᠤᠯᠤᠨ ᠦᠪᠡᠷᠲᠡᠭᠡᠨ ᠵᠠᠰᠬᠠᠤ ᠤᠷᠤᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠲᠤᠯᠤᠳᠤᠭᠠᠷ ᠤᠳᠠᠭ᠎ᠠ ᠶᠢᠨ ᠪᠦᠬᠦᠲᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠰᠠᠨ ᠤᠯᠤᠯᠲᠠ ᠲᠦᠷᠦᠭᠲᠡᠯ ᠢᠶᠠᠨ ᠰᠤᠯᠢᠯᠴᠠᠨ ᠶᠠᠷᠢᠯᠴᠠᠵᠠᠢ᠃      ᠷᠧᠨ ᠶᠠ ᠫᠢᠩ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠠᠯ ᠢ ᠡᠰᠡᠷᠬᠦᠴᠡᠬᠦ ᠠᠵᠢᠯ ᠤᠨ ᠬᠦᠷᠢᠶ᠎ᠡ ᠴᠠᠷᠠᠭᠠᠨ ᠳᠤ᠂ ᠪᠢᠲᠡ ᠦᠷᠭᠦᠯᠵᠢ ᠰᠤᠷᠤᠯᠴᠠᠬᠤ᠂ ᠦᠷᠭᠦᠯᠵᠢ ᠡᠷᠬᠢᠴᠡᠭᠦᠯᠦᠨ ᠪᠤᠳᠤᠯᠬᠢᠯᠠᠬᠤ᠂ ᠦᠷᠭᠦᠯᠵᠢ ᠪᠡᠶ᠎ᠡ ᠪᠠᠨ ᠱᠠᠭᠠᠷᠲᠠᠬᠤ ᠶᠢ ᠪᠡᠶᠡᠯᠡᠭᠦᠯᠵᠦ᠂ ᠰᠠᠬᠢᠯᠭ᠎ᠠ ᠪᠠᠲᠦ ᠶᠢ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠬᠠᠷᠢᠭᠤᠴᠠᠯᠭ᠎ᠠ ᠲᠤᠯᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠲᠦᠪ ᠬᠤᠷᠢᠶ᠎ᠠ ᠪᠤᠯᠤᠨ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠲᠠᠯᠭ᠎ᠠ ᠪᠠᠷ᠂ ᠤᠯᠤᠰ ᠲᠦᠷᠦ ᠶᠢᠨ ᠤᠬᠠᠮᠰᠠᠷ᠂ ᠭᠤᠤᠯᠯᠠᠬᠴᠢ ᠤᠬᠠᠮᠰᠠᠷ᠂ ᠨᠢᠭᠡᠲᠦᠯᠲᠡᠢ ᠪᠠᠶᠢᠬᠤ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ ᠬᠡᠵᠦ ᠱᠠᠭᠠᠷᠳᠠᠵᠡᠢ᠃      ᠷᠧᠨ ᠶᠠ ᠫᠢᠩ ᠴᠢᠬᠤᠯᠠᠴᠢᠯᠠᠬᠰᠠᠨ ᠨᠢ᠂ ᠡᠯ᠎ᠡ ᠱᠠᠲᠤᠨ ᠤ ᠤᠯᠤᠰ ᠲᠦᠷᠦ ᠶᠢᠨ ᠵᠦᠪᠯᠡᠯᠭᠡᠨ ᠤ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ᠂ ᠲᠠᠪᠤᠨ ᠶᠡᠭᠡ ᠬᠦᠭᠵᠢᠯᠲᠡ ᠶᠢᠨ ᠤᠢᠢᠯᠠᠭᠠᠬᠲᠠᠬᠤᠨ᠂ ︽ᠲᠠᠪᠤᠨ ᠶᠡᠭᠡ ᠲᠦᠷᠦ ᠶᠢᠨ ᠪᠤᠳᠤᠯᠭ᠎ᠠ ᠶᠢᠨ ᠲᠤᠯᠭᠠᠭᠤᠷᠢ︾᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ︽ᠲᠠᠪᠤᠨ ᠶᠡᠭᠡ ᠡᠭᠦᠷᠭᠡ︾᠎ ᠶᠢ ᠬᠦᠨᠵᠡᠭᠡᠢ ᠰᠤᠷᠤᠯᠴᠠᠨ ᠤᠢᠢᠯᠠᠭᠠᠵᠦ᠂ ᠦᠪᠡᠷᠲᠡᠭᠡᠨ ᠵᠠᠰᠠᠬᠤ ᠤᠷᠤᠨ ᠤ ᠠᠵᠦ ᠦᠢᠯᠡᠰ ᠤᠨ ᠪᠦᠲᠦᠴᠡ ᠶᠢᠨ ᠴᠢᠨᠠᠷᠲᠠᠢ ᠲᠤᠬᠢᠷᠠᠭᠤᠯᠤᠯᠲᠠ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠤᠯᠬᠤ ᠲᠠᠶᠢᠯᠠᠯᠳᠤᠭᠠᠨ᠂ ︽ᠠᠷᠪᠠ ᠶᠢ ᠪᠦᠷᠭᠦᠭᠦᠯᠬᠦ︾ ᠢᠨᠵᠧᠨᠧᠷᠢᠩ ᠤᠨ ᠠᠬᠢᠴᠠ᠂ ᠨᠡᠮᠡᠭᠲᠡᠯ ᠤᠨ ᠰᠢᠨ᠎ᠡ ᠬᠦᠲᠡᠯᠭᠡᠭᠡᠨ ᠤ ᠡᠨᠧᠷᠬᠢ ᠶᠢ ᠬᠦᠮᠦᠵᠢᠭᠦᠯᠬᠦ ᠵᠡᠷᠭᠡ ᠭᠤᠤᠯᠲᠠᠯᠭ᠎ᠠ ᠲᠠᠢ ᠠᠵᠢᠯ ᠪᠤᠯᠤᠨ ᠭᠤᠤᠯ ᠡᠭᠦᠷᠭᠡ ᠶᠢᠨ ᠲᠤᠭᠤᠷᠢᠨ ᠳᠤ᠂ ᠰᠠᠶᠢᠨ ᠰᠠᠶᠢᠬᠠᠨ ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠡᠪᠰᠢᠭᠦᠯᠵᠦ᠂ ᠦᠪᠡᠷᠲᠡᠭᠡᠨ ᠵᠠᠰᠬᠠᠤ ᠤᠷᠤᠨ ᠤ ︽13.5︾᠎ ᠶᠢᠨ ᠲᠦᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠲᠠᠢ ᠪᠤᠯᠬᠤ ᠳᠤ ᠵᠤᠬᠢᠬᠤ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号