ᠥᠪᠥᠷ ᠮᠣᠩᠭᠤᠯ ᠤᠨ ᠮᠠᠯ ᠤᠨ ᠲᠤᠭ᠎ᠠ ᠲᠣᠯᠣᠭᠠᠶ 11 ᠵᠢᠯ ᠳᠠᠷᠠᠭᠠᠯᠠᠨ 1 ᠳ᠋ᠦᠡᠭᠰᠢᠭᠤᠷ ᠢ ᠳᠠᠪᠠᠪᠠ
ᠨᠡᠶᠢᠲᠡᠯᠡᠭᠰᠡᠨ ᠴᠠᠭ᠄
2016/2/17
     2015 ᠣᠨ ᠤ ᠮᠠᠯ ᠠᠵᠤ ᠠᠬᠤᠶ ᠶᠢᠨ ᠣᠨ ᠳᠤ᠂ ᠮᠠᠨ ᠤ ᠣᠷᠣᠨ ᠤ ᠮᠠᠯ ᠤᠨ ᠲᠤᠭ᠎ᠠ ᠲᠤᠯᠤᠭᠠᠢ 1.36 ᠳ᠋ᠦᠡᠭᠰᠢᠭᠤᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 700 ᠲᠦᠮᠡᠨ ᠲᠤᠯᠤᠭᠠᠢ ᠦᠰᠴᠦ᠂ 5.4%᠎ ᠪᠠᠷ ᠨᠡᠮᠡᠭᠳᠡᠭᠰᠡᠨ ᠪᠠᠶᠢᠨ᠎ᠠ︔ 2010 ᠣᠨ ᠤ ᠬᠢ ᠲᠠᠢ ᠬᠠᠷᠢᠴᠠᠭᠤᠯᠪᠠᠯ᠂ 2787 ᠲᠦᠮᠡᠨ ᠲᠤᠯᠤᠭᠠᠢ ᠦᠰᠴᠦ᠂ 25.8%᠎ ᠪᠠᠷ ᠨᠡᠮᠡᠭᠳᠡᠭᠰᠡᠨ ᠪᠠᠶᠢᠨ᠎ᠠ᠃ ︽12·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠤ ᠳᠤᠮᠳᠠᠴᠢ ᠨᠡᠮᠡᠭᠳᠡᠯ ᠤᠨ ᠬᠤᠷᠳᠤᠴᠠ ᠨᠢ 4.7% ᠪᠠᠶᠢᠵᠤ᠂ ᠮᠠᠯ ᠤᠨ ᠲᠤᠭ᠎ᠠ ᠲᠣᠯᠣᠭᠠᠶ 11 ᠵᠢᠯ ᠳᠠᠷᠠᠭᠠᠯᠠᠨ 1 ᠳ᠋ᠦᠡᠭᠰᠢᠭᠤᠷ ᠢ  ᠳᠠᠪᠠᠭᠰᠠᠨ ᠪᠠᠶᠢᠨ᠎ᠠ᠃      ︽12·5︾᠎ ᠶᠢᠨ ᠲᠦᠯᠦᠪᠵᠢᠬᠦᠯᠭᠡ ᠠᠴᠠ ᠨᠠᠰᠢ᠂ ᠮᠠᠨ ᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠮᠠᠭᠲᠠ ᠮᠠᠯ ᠤᠨ ᠲᠤᠭ᠎ᠠ ᠶᠢ ᠲᠣᠭᠲᠠᠭᠤᠨ ᠢᠶᠠᠷ ᠨᠡᠮᠡᠭᠳᠡᠬᠦᠯᠬᠦ ᠶᠠᠪᠤᠳᠠᠯ ᠢᠶᠠᠷ ᠮᠠᠯ ᠠᠵᠤ ᠠᠬᠤᠶ ᠶᠢᠨ ᠠᠵᠢᠯ ᠤᠨ ᠭᠤᠣᠯ ᠡᠭᠦᠷᠭᠡ ᠪᠠᠨ ᠪᠣᠯᠭᠠᠵᠤ᠂ ᠮᠠᠯ ᠤᠨ ᠡᠭᠦᠯᠳᠡᠷ ᠰᠠᠶᠢᠵᠢᠷᠠᠭᠤᠯᠬᠤ ᠠᠵᠢᠯ ᠤᠨ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠲᠥᠯ ᠲᠤᠰᠬᠤ ᠪᠤᠶᠢᠵᠢᠭᠤᠯᠬᠤ ᠵᠢᠯᠤᠭᠤᠳᠤᠯᠭ᠎ᠠ ᠪᠤᠯᠤᠨ ᠦᠢᠯᠡᠴᠢᠯᠡᠭᠡ ᠪᠠᠨ ᠴᠢᠩᠭᠠᠳᠬᠠᠵᠤ᠂ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠲᠡᠵᠢᠭᠡᠨ ᠦᠷᠡᠵᠢᠭᠦᠯᠬᠦ ᠡᠷᠥᠭᠡ ᠶᠢ ᠬᠦᠢᠴᠡᠳ ᠳᠠᠶᠢᠴᠢᠯᠠᠨ ᠳᠤᠯᠠᠭᠠᠨ ᠫᠧᠩ ᠪᠤᠯᠤᠨ ᠢᠬᠢᠷᠡᠬᠦᠯᠬᠦ ᠮᠡᠷᠭᠡᠵᠢᠯ ᠢ ᠭᠡᠷᠡᠭᠯᠡᠵᠤ᠂ ᠮᠠᠨ ᠤ ᠣᠷᠣᠨ ᠤ ᠮᠠᠯ ᠤᠨ ᠲᠤᠭ᠎ᠠ ᠶᠢ ︽11·5︾᠎ ᠶᠢᠨ ᠲᠦᠯᠦᠪᠵᠢᠬᠦᠯᠭᠡ ᠶᠢᠨ ᠨᠡᠯᠢᠶᠡᠳ ᠥᠨᠳᠥᠷ ᠡᠬᠢᠯᠡᠯᠲᠡ ᠶᠢᠨ ᠴᠢᠭ᠋ ᠳᠡᠭᠡᠷ᠎ᠡ ᠠᠴᠠ ᠦᠷᠭᠦᠯᠵᠢᠯᠡᠨ 1 ᠳ᠋ᠦᠩᠰᠢᠭᠤᠷ ᠲᠣᠯᠣᠭᠠᠶ ᠠᠴᠠ ᠳᠡᠭᠡᠭᠰᠢ ᠳᠤ ᠬᠦᠷᠦᠬᠦᠯᠬᠦ ᠶᠢ ᠲᠤᠭᠲᠠᠪᠤᠷᠢᠵᠢᠭᠤᠯᠪᠠ᠃ ︽12·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠤ ᠮᠠᠯ ᠠᠵᠤ ᠠᠬᠤᠶ ᠶᠢᠨ ᠦᠢᠯᠡᠳᠬᠦᠨ ᠤ ᠦᠷᠲᠡᠭ ᠨᠢ ᠨᠢᠭᠡᠳᠦᠭᠡᠷ ᠠᠵᠤ ᠦᠢᠯᠡᠰ ᠲᠤ ᠡᠵᠡᠯᠡᠬᠦ ᠬᠤᠪᠢ ᠶᠢᠨ ᠵᠢᠩ ᠨᠢ 45%᠎ ᠶᠢ ᠡᠵᠡᠯᠡᠵᠤ᠂ ᠶᠡᠷᠦᠩᠬᠡᠶᠢᠯᠡᠭᠰᠡᠨ  ᠦᠢᠯᠡᠳᠪᠦᠷᠢᠯᠡᠯ ᠤᠨ ᠴᠢᠳᠠᠪᠤᠷᠢ ᠨᠢ ᠪᠦᠬᠦ ᠤᠯᠤᠰ ᠤᠨ ᠲᠠᠪᠤᠨ ᠶᠡᠭᠡ ᠮᠠᠯᠵᠢᠬᠤ ᠣᠷᠣᠨ ᠤ ᠲᠡᠷᠢᠬᠦᠨ ᠳᠤ ᠤᠷᠤᠪᠠ᠃ ᠦᠨᠢᠶᠡᠨ ᠰᠦ᠂ ᠬᠤᠨᠢᠨ ᠮᠢᠬ᠎ᠠ᠂ ᠨᠣᠣᠰᠣ ᠨᠣᠯᠤᠤᠷ ᠤᠨ ᠭᠠᠷᠤᠯᠲᠠ ᠨᠢ ᠦᠷᠭᠦᠯᠵᠢᠯᠡᠨ ᠪᠦᠬᠦ ᠤᠯᠤᠰ ᠲᠤ ᠨᠢᠭᠡᠳᠦᠭᠡᠷ ᠲᠤ ᠪᠠᠶᠢᠷᠢᠯᠠᠵᠤ᠂ ᠦᠬᠡᠷ ᠤᠨ ᠮᠢᠬᠠᠨ ᠤ ᠭᠠᠷᠤᠯᠲᠠ ᠨᠢ ᠪᠦᠬᠦ ᠤᠯᠤᠰ ᠲᠤ ᠳᠦᠷᠪᠡᠳᠦᠭᠡᠷ ᠲᠤ ᠣᠷᠣᠪᠠ᠃      ᠮᠠᠯ ᠤᠨ ᠲᠤᠭ᠎ᠠ ᠲᠤᠯᠤᠭᠠᠢ ᠵᠢᠯ ᠳᠠᠷᠠᠭᠠᠯᠠᠨ ᠨᠡᠮᠡᠭᠳᠡᠭᠰᠡᠨ ᠨᠢ᠂ ᠮᠠᠨ ᠤ ᠣᠷᠣᠨ ᠤ ᠭᠤᠣᠯ ᠪᠣᠯᠬᠤ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠬᠠᠨᠭ᠍ᠭᠠᠯᠭ᠎ᠠ ᠶᠢ ᠪᠠᠲᠤᠯᠠᠬᠤ ᠠᠮᠤᠷ ᠲᠦᠪᠰᠢᠨ ᠢ ᠪᠠᠲᠤᠯᠠᠬᠤ ᠪᠠᠶᠢᠷᠢ ᠰᠠᠭᠤᠷᠢ ᠶᠢ ᠲᠤᠪᠤᠶᠢᠯᠭᠠᠪᠠ᠃ ᠨᠢᠳᠤᠨᠤᠨ᠂ ᠪᠦᠬᠦ ᠣᠷᠣᠨ ᠤ ᠮᠢᠬᠠᠨ ᠤ ᠭᠠᠷᠤᠯᠲᠠ ᠨᠢ 270 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3%᠎ ᠪᠠᠷ ᠨᠡᠮᠡᠭᠳᠡᠪᠡ᠃ ᠡᠭᠦᠨ ᠳᠤ᠂ ᠦᠬᠡᠷ ᠤᠨ ᠮᠢᠬᠠᠨ ᠤ ᠭᠠᠷᠤᠯᠲᠠ ᠨᠢ 59.6 ᠲᠦᠮᠡᠨ ᠲᠣᠨ ᠪᠤᠯᠵᠤ᠂ ᠠᠳᠠᠯᠢ ᠬᠤᠭᠤᠴᠠᠭᠠᠨ ᠤ ᠬᠢ ᠠᠴᠠ 4.6%᠎ ᠪᠠᠷ ᠨᠡᠮᠡᠭᠳᠡᠪᠡ︔ ᠬᠤᠨᠢᠨ ᠮᠢᠬ᠎ᠠ ᠶᠢᠨ ᠭᠠᠷᠤᠯᠲᠠ ᠨᠢ 96.3 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8%᠎ ᠪᠠᠷ ᠨᠡᠮᠡᠭᠳᠡᠪᠡ᠃ ᠣᠶᠢᠯᠠᠭᠠᠭᠰᠠᠨ ᠢᠶᠠᠷ᠂ 2020 ᠣᠨ ᠪᠣᠯᠬᠤ ᠳᠤ᠂ ᠮᠠᠨ ᠤ ᠣᠷᠣᠨ ᠤ ᠮᠠᠯ ᠤᠨ ᠲᠤᠭ᠎ᠠ ᠲᠣᠯᠣᠭᠠᠶ 1.5 ᠳ᠋ᠦᠩᠰᠢᠭᠤᠷ ᠢ ᠳᠠᠪᠠᠵᠤ᠂ ᠮᠢᠬᠠᠨ ᠤ ᠭᠠᠷᠤᠯᠲᠠ ᠎ ᠨᠢ 300 ᠲᠦᠮᠡᠨ ᠲᠣᠨ ᠢ ᠳᠠᠪᠠᠵᠤ᠂ ᠮᠠᠯ ᠠᠵᠤ ᠠᠬᠤᠶ ᠶᠢᠨ ᠤᠢᠢᠯᠡᠳᠭᠡᠭᠦᠨ ᠤ ᠦᠷᠳᠡᠭ ᠨᠢ ᠬᠥᠳᠡᠭᠡ ᠠᠵᠤ ᠠᠬᠤᠶ ᠶᠢᠨ ᠤᠢᠢᠯᠡᠳᠭᠡᠭᠦᠨ ᠤ ᠦᠷᠳᠡᠭ ᠲᠤ ᠡᠵᠡᠯᠡᠬᠦ ᠬᠤᠪᠢ ᠶᠢᠨ ᠵᠢᠩ ᠨᠢ 50%᠎ ᠠᠴᠠ ᠳᠡᠭᠡᠭᠰᠢ ᠳᠤ ᠬᠦᠷᠴᠦ᠂ ᠥᠪᠥᠷ ᠮᠣᠩᠭᠤᠯ ᠤᠨ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠬᠦᠴᠦᠨ ᠢ ᠰᠢᠨ᠎ᠡ ᠨᠢᠭᠡ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠬᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号