ᠣᠷᠴᠢᠮᠬᠠᠨ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠠᠴᠠ ᠡᠭᠦᠳᠦᠨ ᠪᠠᠶᠢᠭᠤᠯᠤᠭᠰᠠᠨ ᠪᠦᠬᠦ | ᠤᠯᠤᠰ ᠤᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠠᠩᠬᠠᠳᠠᠭᠴᠢ ᠪᠦᠯᠦᠭ ᠨᠡᠷᠡᠰ ᠢ | ᠨᠡᠶᠢᠲᠡᠯᠡᠭᠰᠡᠨ ᠪᠠᠶᠢᠨ᠎ᠠ᠂ ᠮᠠᠨ ᠤ ᠣᠷᠣᠨ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ | ᠤᠯᠠᠭᠠᠨᠬᠠᠳᠠ ᠬᠤᠲᠠ ᠶᠢᠨ ᠨᠢᠩᠴᠧᠩ ᠰᠢᠶᠠᠨ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ᠂ ᠤᠷᠳᠤᠰ | ᠬᠤᠳᠠ ᠶᠢᠨ ᠬᠢᠶ᠎ᠠ ᠪᠠᠭᠰᠢ ᠰᠢᠨ᠎ᠡ ᠲᠣᠭᠤᠷᠢᠭ᠂ ᠬᠢᠩᠭᠠᠨ ᠠᠶᠢᠮᠠᠭ ᠤᠨ ᠷᠠᠰᠢᠶᠠᠨ ᠬᠤᠳᠠ ᠵᠡᠷᠭᠡ 5 ᠬᠤᠰᠢᠭᠤ | ᠰᠢᠶᠠᠨ ᠰᠣᠩᠭᠤᠭᠳᠠᠪᠠ᠃ ᠣᠶᠢᠯᠠᠭᠠᠭᠰᠠᠨ ᠢᠶᠠᠷ᠂ ᠠᠩᠬᠠᠳᠠᠭᠴᠢ ᠪᠦᠯᠦᠭ ᠪᠦᠬᠦ ᠤᠯᠤᠰ ᠤᠨ ᠬᠡᠪᠴᠢᠶᠡᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠨᠢ ᠵᠠᠷᠴᠢᠮ ᠳᠡᠭᠡᠷ᠎ᠡ ᠪᠠᠨ | 2 ᠠᠴᠠ 3 ᠵᠢᠯ ᠤᠨ ᠬᠤᠭᠤᠴᠠᠭ᠎ᠠ ᠬᠡᠷᠡᠭᠰᠡᠨ᠎ᠡ᠃ ᠤᠯᠤᠰ ᠤᠨ ᠵᠢᠭᠤᠯᠴᠢᠯᠠᠯ ᠤᠨ ᠲᠣᠪᠴᠢᠶ᠎ᠠ ᠠᠴᠠ ᠪᠦᠬᠦ | ᠤᠯᠤᠰ ᠤᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ | ᠵᠦᠭᠯᠡᠭᠦᠷ ᠢ ᠲᠣᠭᠲᠠᠭᠠᠵᠤ᠂ ᠡᠭᠦᠳᠦᠨ ᠪᠠᠶᠢᠭᠤᠯᠬᠤ ᠠᠵᠢᠯ ᠢ ᠵᠢᠯᠤᠭᠤᠳᠬᠤ ᠡᠷᠴᠢᠮ ᠢᠶᠠᠨ ᠴᠢᠩᠭᠠᠷᠠᠭᠤᠯᠬᠤ ᠪᠠᠷ | ᠪᠠᠶᠢᠨ᠎ᠠ᠃ ᠵᠢᠭᠤᠯᠴᠢᠯᠠᠯ ᠤᠨ ᠦᠢᠯᠡᠰ ᠲᠤᠬᠠᠶ ᠶᠢᠨ ᠭᠠᠵᠠᠷ ᠤᠨ ᠠᠵᠤ ᠠᠬᠤᠶ ᠳᠤ 15% ᠶᠢᠨ ᠬᠤᠪᠢ ᠨᠡᠮᠡᠷᠢ | ᠦᠵᠡᠭᠦᠯᠬᠦ ᠪᠠ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠳᠤ 20% ᠶᠢᠨ ᠬᠤᠪᠢ ᠨᠡᠮᠡᠷᠢ ᠦᠵᠡᠭᠦᠯᠬᠦ ᠶᠢ ᠡᠩ | ᠲᠡᠷᠢᠭᠦᠨ ᠳᠤ ᠪᠡᠶᠡᠯᠡᠭᠦᠯᠦᠭᠰᠡᠨ᠂ ︽1 + 3︾ ᠵᠢᠭᠤᠯᠴᠢᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠪᠣᠯᠣᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠡᠪ ᠵᠠᠭᠪᠤᠷ ᠢ ᠡᠩ ᠲᠡᠷᠢᠭᠦᠨ ᠳᠤ ᠬᠡᠷᠡᠭᠵᠢᠭᠦᠯᠦᠭᠰᠡᠨ᠂ ᠵᠢᠭᠤᠯᠴᠢᠯᠠᠯ ᠤᠨ | ᠵᠣᠷᠯᠣᠩ ᠤᠨ ᠪᠥᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠪᠠᠷᠢᠮᠵᠢᠶ᠎ᠠ ᠳᠤ ᠬᠦᠷᠦᠭᠦᠯᠦᠭᠰᠡᠨ᠂ | ᠵᠢᠭᠤᠯᠴᠢᠯᠠᠯ ᠤᠨ ᠲᠤᠭ᠎ᠠ ᠪᠠᠷᠢᠮᠲᠠ ᠶᠢᠨ ᠲᠥᠪ ᠢ ᠡᠩ ᠲᠡᠷᠢᠭᠦᠨ ᠳᠤ ᠪᠠᠶᠢᠭᠤᠯᠤᠭᠰᠠᠨ ᠨᠢᠭᠡᠴᠡ ᠶᠢ ᠤᠯᠤᠰ ᠤᠨ | ᠵᠢᠭᠤᠯᠴᠢᠯᠠᠯ ᠤᠨ ᠲᠣᠪᠴᠢᠶ᠎ᠠ ᠤᠷᠢᠳ ᠢᠶᠠᠷ ᠰᠢᠯᠭᠠᠨ ᠭᠠᠷᠭᠠᠵᠤ᠂ ᠰᠢᠯᠭᠠᠭᠠᠳ ᠬᠢᠷᠢ ᠲᠡᠩᠴᠡᠭᠰᠡᠨ ᠢ ᠨᠢ ᠪᠦᠬᠦ | ᠤᠯᠤᠰ ᠤᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠨᠡᠷᠡᠰ ᠲᠤ ᠵᠢᠩᠬᠢᠨᠢ ᠪᠠᠷ | ᠵᠢᠭᠰᠠᠭᠠᠵᠠᠢ᠃ ᠪᠦᠬᠦ ᠤᠯᠤᠰ ᠤᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ | ᠪᠠᠶᠢᠭᠤᠯᠬᠤ ᠠᠵᠢᠯ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢᠶᠠᠨ ᠪᠠᠲᠤᠯᠠᠵᠤ ᠴᠢᠳᠠᠬᠤ ᠦᠭᠡᠢ ᠪᠣᠯ ᠴᠠᠭ ᠲᠤᠬᠠᠶ ᠳᠤᠨᠢ ᠪᠤᠴᠠᠭᠠᠵᠤ ᠭᠠᠷᠭᠠᠨ᠎ᠠ᠃ |