ᠥᠪᠥᠷ ᠮᠣᠩᠭᠤᠯ ᠤᠨ 2015 ~ 2016 ᠣᠨ ᠤ ᠤᠢ ᠰᠢᠭᠤᠶ ᠶᠢᠨ ᠳᠠᠭᠠᠳᠬᠠᠯ ᠳᠤ ᠣᠷᠣᠯᠴᠠᠬᠤ | ᠠᠵᠢᠯ ᠢ ᠨᠢᠭᠡᠨᠲᠡ ᠪᠡᠶᠡᠯᠡᠭᠦᠯᠵᠦ᠂ 3.88 ᠳ᠋ᠦᠩᠰᠢᠭᠤᠷ ᠮᠦ ᠣᠢ ᠰᠢᠭᠤᠢ ᠶᠢ ᠳᠠᠭᠠᠳᠬᠠᠯ ᠳᠤ ᠣᠷᠣᠭᠤᠯᠵᠤ᠂ | ᠡᠯ᠎ᠡ ᠱᠠᠲᠤᠨ ᠤ ᠡᠳ᠋ ᠤᠨ ᠵᠠᠰᠠᠭ ᠤᠨ ᠳᠠᠭᠠᠳᠬᠠᠯ ᠤᠨ ᠵᠠᠷᠤᠳᠠᠯ ᠢ 6.64 ᠳ᠋ᠦᠩᠰᠢᠭᠤᠷ ᠲᠥᠭᠦᠷᠢᠭ | ᠨᠥᠬᠦᠪᠦᠷᠢᠯᠡᠵᠦ᠂ ᠦᠷᠭᠦᠯᠵᠢᠯᠡᠨ ᠪᠥᠬᠦ ᠤᠯᠤᠰ ᠲᠤ ᠨᠢᠭᠡᠳᠦᠭᠡᠷ ᠲᠤ ᠣᠷᠣᠪᠠ᠃ ᠣᠶᠢᠯᠠᠭᠠᠭᠰᠠᠨ ᠢᠶᠠᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠣᠶ ᠰᠢᠭᠤᠶ ᠶᠢᠨ | ᠳᠠᠭᠠᠳᠬᠠᠯ ᠤᠨ ᠠᠵᠢᠯ ᠢ 2013 ᠣᠨ ᠠᠴᠠ ᠡᠬᠢᠯᠡᠨ ᠥᠷᠨᠢᠭᠦᠯᠦᠭᠰᠡᠨ ᠠᠴᠠ ᠨᠠᠰᠢ᠂ ᠪᠦᠬᠦ ᠣᠷᠣᠨ ᠤ ᠡᠯ᠎ᠡ | ᠱᠠᠲᠤᠨ ᠤ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠪᠠ ᠳᠡᠮᠵᠢᠯᠭᠡ ᠶᠢ ᠣᠯᠵᠤ᠂ ᠤᠢ | ᠰᠢᠭᠤᠶ᠂ ᠡᠳ᠋ ᠤᠨ ᠵᠠᠰᠠᠭ᠂ ᠳᠠᠭᠠᠳᠬᠠᠯ ᠤᠨ ᠬᠢᠨ᠂ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ | ᠬᠠᠮᠲᠤᠷᠠᠨ ᠠᠵᠢᠯᠯᠠᠵᠤ᠂ ᠤᠢ ᠰᠢᠭᠤᠶ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢ ᠬᠦᠴᠦᠲᠡᠶ | ᠲᠦᠯᠬᠢᠨ ᠠᠬᠢᠭᠤᠯᠪᠠ᠃ ︽ᠳᠣᠣᠷ᠎ᠠ ᠳᠠᠭᠠᠳᠬᠠᠯ ᠤᠨ ᠵᠠᠷᠤᠳᠠᠯ᠂ ᠥᠨᠳᠥᠷ ᠳᠠᠭᠠᠳᠬᠠᠯ ᠤᠨ ᠲᠤᠭ᠎ᠠ᠂ ᠪᠦᠬᠦᠨ ᠢ | ᠪᠦᠷᠬᠦᠭᠦᠯᠬᠦ︾ ᠪᠣᠯ ᠮᠠᠨ ᠤ ᠣᠷᠣᠨ ᠤ ᠤᠢ ᠰᠢᠭᠤᠶ ᠶᠢᠨ ᠳᠠᠭᠠᠳᠬᠠᠯ ᠤᠨ ᠭᠤᠣᠯ ᠣᠨᠴᠠᠯᠢᠭ ᠮᠥᠨ᠃ ᠤᠢ | ᠰᠢᠭᠤᠶ ᠶᠢᠨ ᠳᠠᠭᠠᠳᠬᠠᠯ ᠳᠤ ᠤᠢ ᠰᠢᠭᠤᠶ ᠶᠢᠨ ᠶᠡᠷᠦᠩᠬᠡᠶᠢᠯᠡᠭᠰᠡᠨ ᠳᠠᠭᠠᠳᠬᠠᠯ ᠢ ᠨᠢᠭᠡᠳᠦᠯᠲᠡᠶ ᠠᠪᠴᠤ᠂ | ᠳᠠᠭᠠᠳᠬᠠᠯ ᠤᠨ ᠵᠠᠷᠤᠳᠠᠯ ᠤᠨ ᠨᠤᠷᠮ᠎ᠠ ᠶᠢ 2.5 % ᠪᠣᠯᠭᠠᠨ ᠲᠣᠭᠲᠠᠭᠠᠪᠠ᠃ ᠡᠪᠡᠳᠴᠢᠨ ᠬᠤᠷᠣᠬᠠᠶ ᠶᠢᠨ | ᠬᠦᠨᠦᠭᠡᠯ᠂ ᠬᠤᠯᠤᠭᠠᠨ᠎ᠠ ᠶᠢᠨ ᠬᠦᠨᠦᠭᠡᠯ᠂ ᠭᠠᠩ ᠬᠠᠪᠰᠤᠷᠭᠠᠨ᠂ ᠴᠠᠰᠤ ᠰᠢᠭᠤᠷᠭ᠎ᠠ᠂ ᠦᠶᠡᠷ ᠵᠡᠷᠭᠡ ᠳᠤ ᠴᠥᠮ | ᠭᠠᠮᠰᠢᠭ ᠤᠨ ᠳᠠᠷᠠᠭ᠎ᠠ ᠲᠥᠯᠥᠵᠦ ᠵᠠᠰᠠᠭᠤᠯᠬᠤ ᠪᠠᠷ ᠭᠤᠶᠤᠴᠢᠯᠠᠵᠤ ᠪᠣᠯᠬᠤ ᠪᠣᠯᠭᠠᠪᠠ᠃ ᠮᠠᠨ ᠤ ᠣᠷᠣᠨ ᠤ | ᠬᠠᠷᠢᠶ᠎ᠠ ᠳᠠᠬᠢ 102 ᠬᠤᠰᠢᠭᠤ ᠰᠢᠶᠠᠨ ᠲᠣᠭᠤᠷᠢᠭ ᠵᠢᠴᠢ ᠥᠪᠥᠷ ᠮᠣᠩᠭᠤᠯ ᠤᠨ ᠤᠢ ᠰᠢᠭᠤᠶ ᠶᠢᠨ ᠠᠵᠤ | ᠦᠢᠯᠡᠳᠪᠦᠷᠢ ᠶᠢᠨ ᠪᠦᠯᠦᠭᠯᠡᠯ ᠤᠨ ᠬᠠᠷᠢᠶ᠎ᠠ ᠣᠷᠣᠨ ᠤ ᠤᠢ ᠰᠢᠭᠤᠶ ᠳᠤ ᠴᠦᠮ᠂ ᠤᠢ ᠰᠢᠭᠤᠶ ᠶᠢᠨ ᠳᠠᠭᠠᠳᠬᠠᠯ | ᠤᠨ ᠠᠵᠢᠯ ᠢ ᠥᠷᠨᠢᠭᠦᠯᠪᠡ᠃ ᠡᠭᠦᠨ ᠤ ᠬᠠᠮᠲᠤ᠂ ᠤᠢ ᠰᠢᠭᠤᠶ ᠶᠢᠨ ᠳᠠᠭᠠᠳᠬᠠᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠭᠰᠡᠨ ᠢᠶᠠᠷ᠂ ᠤᠢ ᠰᠢᠭᠤᠶ ᠶᠢᠨ ᠦᠢᠯᠡᠰ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠬᠤᠯᠪᠣᠭᠠᠰᠤ ᠶᠢ ᠢᠳᠡᠪᠬᠢᠵᠢᠭᠦᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠠᠶᠢᠴᠢᠯᠠᠨ ᠤᠯᠠᠨ ᠵᠠᠭᠪᠤᠷ ᠤᠨ | ᠮᠥᠩᠭᠦᠨ ᠭᠦᠢᠯᠭᠡᠭᠡᠨ ᠤ ᠦᠢᠯᠡᠳᠬᠦᠨ ᠭᠠᠷᠭᠠᠵᠤ᠂ ᠨᠡᠩ ᠤᠯᠠᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ | ᠤᠢ ᠰᠢᠭᠤᠶ ᠶᠢᠨ ᠦᠢᠯᠡᠳᠪᠦᠷᠢᠯᠡᠯ ᠤᠨ ᠬᠦᠷᠢᠶᠡᠨ ᠳᠤ ᠣᠷᠣᠭᠤᠯᠪᠠ᠃ ᠪᠦᠷᠢᠨ ᠪᠤᠰᠤ ᠪᠦᠷᠢᠳᠬᠡᠯ ᠢ | ᠦᠨᠳᠦᠰᠦᠯᠡᠪᠡᠯ᠂ ᠮᠠᠨ ᠤ ᠣᠷᠣᠨ ᠤ ᠤᠢ ᠰᠢᠭᠤᠶ ᠶᠢᠨ ᠳᠠᠭᠠᠳᠬᠠᠯ ᠢᠶᠠᠷ ᠵᠠᠶᠢᠯᠠᠰᠢ ᠦᠭᠡᠢ ᠨᠥᠬᠦᠴᠡᠯ ᠪᠣᠯᠭᠠᠭᠰᠠᠨ | ᠤᠢ ᠮᠣᠳᠣᠨ ᠤ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠪᠡᠯᠡ | ᠮᠥᠩᠭᠦ ᠨᠢᠭᠡᠨᠲᠡ 20 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃ |