ᠥᠪᠥᠷ ᠮᠣᠩᠭᠤᠯ ᠠᠯᠤᠰ ᠬᠤᠯᠠ ᠶᠢ ᠪᠣᠳᠣᠯᠬᠢᠯᠠᠨ ᠪᠦᠲᠦᠴᠡ ᠪᠠᠨ ᠲᠣᠬᠢᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2016/2/17
      ᠣᠶᠢᠷ᠎ᠠ ᠶᠢᠨ ᠵᠢᠯ ᠳᠤ ᠠᠵᠤ ᠠᠬᠤᠶ ᠶᠢᠨ ᠪᠠᠭᠤᠷᠠᠬᠤ ᠳᠠᠷᠤᠯᠲᠠ ᠵᠢᠴᠢ ᠨᠡᠭᠦᠷᠡᠰᠦᠨ ᠤ ᠠᠵᠤ ᠦᠢᠯᠡᠰ ᠤᠨ ᠬᠠᠲᠠᠭᠤ ᠪᠡᠷᠬᠡ ᠪᠠᠶᠢᠳᠠᠯ ᠳᠤ ᠬᠠᠨᠳᠤᠭᠤᠯᠤᠨ᠂ ᠥᠪᠥᠷ ᠮᠣᠩᠭᠤᠯ ᠶᠡᠷᠦ ᠶᠢᠨ ︽ᠨᠡᠭᠦᠷᠡᠰᠦ ᠮᠠᠯᠲᠠᠵᠤ ᠨᠡᠭᠦᠷᠡᠰᠦ ᠎ ᠪᠠᠨ ᠬᠤᠳᠠᠯᠳᠤᠬᠤ᠂ ᠰᠢᠷᠣᠶ ︵ᠬᠤᠪᠣᠷ ᠰᠢᠷᠤᠢ︶ ᠮᠠᠯᠲᠠᠵᠤ ᠰᠢᠷᠣᠶ ᠪᠠᠨ ᠬᠤᠳᠠᠯᠳᠤᠬᠤ︾ ᠤᠯᠠᠮᠵᠢᠯᠠᠯᠲᠤ ᠠᠵᠤ ᠦᠢᠯᠡᠰ ᠤᠨ ᠪᠠᠶᠢᠷᠢᠰᠢᠯ ᠢᠶᠠᠨ ᠬᠦᠴᠦᠯᠡᠨ ᠡᠪᠳᠡᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠬᠢ ᠪᠠᠶᠠᠯᠢᠭ ᠢᠶᠠᠨ ᠬᠤᠪᠢᠷᠠᠭᠤᠯᠬᠤ᠂ ᠦᠷᠲᠡᠭ ᠢᠶᠠᠨ ᠨᠡᠮᠡᠭᠳᠡᠭᠦᠯᠬᠦ᠂ ᠡᠷᠭᠢᠯᠳᠦᠭᠦᠯᠦᠨ ᠬᠦᠭᠵᠢᠭᠦᠯᠬᠦ ᠵᠠᠮ ᠢᠶᠠᠷ ᠵᠠᠮᠨᠠᠭᠤᠯᠵᠤ ᠪᠠᠶᠢᠨ᠎ᠠ᠃      ︽ᠮᠠᠯᠲᠠᠵᠤ ᠭᠠᠷᠭᠠᠭᠰᠠᠨ ᠬᠠᠷ᠎ᠠ ᠨᠡᠭᠦᠷᠡᠰᠦᠨ ᠨᠤᠨᠲᠠᠭ ᠢᠶᠠᠨ ᠪᠣᠯᠪᠠᠰᠤᠷᠠᠭᠤᠯᠵᠤ ᠪᠠᠶᠢᠭᠠᠳ ᠷᠠᠰᠢᠶᠠᠨ ᠮᠡᠲᠦ ᠴᠠᠶᠢᠶ᠋ᠢᠦ ᠲᠣᠰᠣᠨ ᠤ ᠦᠢᠯᠡᠳᠬᠦᠨ ᠢ ᠦᠢᠯᠡᠳᠪᠦᠷᠢᠯᠡᠵᠦ ᠴᠢᠳᠠᠪᠠ᠃︾ ᠭᠡᠵᠦ ᠱᠧᠨ ᠬᠤᠸᠠ ᠨᠡᠭᠦᠷᠡᠰᠦᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠵᠠᠬᠢᠷᠤᠯ ᠱᠤ᠋ ᠭᠧ ᠫᠢᠩ ᠶᠠᠷᠢᠪᠠ᠃ ᠡᠨᠡ ᠪᠣᠯ ᠪᠦᠬᠦ ᠪᠥᠮᠪᠥᠷᠴᠡᠭ ᠤᠨ ᠠᠩᠬᠠᠳᠠᠭᠴᠢ ᠵᠠᠭᠤᠨ ᠲᠦᠮᠡᠨ ᠲᠣᠨ ᠤ ᠳᠡᠰ ᠤᠨ ᠨᠡᠭᠦᠷᠡᠰᠦ ᠶᠢ ᠰᠢᠭᠤᠳ ᠰᠢᠩᠭᠡᠨᠵᠢᠭᠦᠯᠬᠦ ᠦᠢᠯᠡᠳᠪᠦᠷᠢᠯᠡᠯ ᠤᠨ ᠲᠥᠬᠦᠭᠡᠷᠦᠮᠵᠢ ᠮᠦᠨ᠂ 2015 ᠣᠨ ᠳᠤ 70 ᠲᠦᠮᠡᠨ ᠲᠣᠨ ᠪᠣᠯᠪᠠᠰᠤᠷᠠᠭᠤᠯᠤᠭᠰᠠᠨ ᠴᠢᠯᠠᠭᠤᠨ ᠲᠣᠰᠤ ᠦᠢᠯᠡᠳᠪᠦᠷᠢᠯᠡᠪᠡ᠃ ᠵᠢᠱᠢᠵᠦ ᠪᠣᠳᠤᠭᠰᠠᠨ ᠢ ᠦᠨᠳᠦᠰᠦᠯᠡᠪᠡᠯ᠂ ᠥᠪᠥᠷ ᠮᠣᠩᠭᠤᠯ 1 ᠲᠦᠮᠡᠨ ᠲᠥᠭᠦᠷᠢᠭ ᠤᠨ ᠦᠢᠯᠡᠳᠬᠦᠨ ᠤ ᠦᠷᠲᠡᠭ ᠡᠭᠦᠳᠬᠦ ᠪᠦᠷᠢ᠂ ᠬᠡᠷᠪᠡ ᠰᠢᠭᠤᠳ ᠨᠡᠭᠦᠷᠡᠰᠦ ᠮᠠᠯᠲᠠᠨ ᠪᠣᠷᠣᠯᠠᠭᠤᠯᠪᠠᠯ᠂ 90 ᠲᠣᠨ ᠰᠢᠬᠠᠮ ᠨᠡᠭᠦᠷᠡᠰᠦ ᠬᠡᠷᠡᠭᠰᠡᠨ᠎ᠡ︔ ᠴᠠᠬᠢᠯᠭᠠᠨ ᠪᠣᠯᠭᠠᠨ ᠬᠤᠪᠢᠷᠠᠭᠤᠯᠪᠠᠯ᠂ ᠪᠠᠷᠤᠭ 10 ᠲᠣᠨ ᠨᠡᠭᠦᠷᠡᠰᠦ ᠬᠡᠷᠡᠭᠰᠡᠨ᠎ᠡ︔ ᠲᠣᠰᠣ ᠪᠣᠯᠪᠠᠰᠤᠷᠠᠭᠤᠯᠪᠠᠯ᠂ 6 ᠲᠣᠨ ᠨᠡᠭᠦᠷᠡᠰᠦ ᠬᠡᠷᠡᠭᠰᠡᠨ᠎ᠡ᠃ ᠨᠡᠭᠦᠷᠡᠰᠦ ᠪᠠᠷ ᠲᠣᠰᠤ ᠪᠣᠯᠪᠠᠰᠤᠷᠠᠭᠤᠯᠬᠤ᠂ ᠨᠡᠭᠦᠷᠡᠰᠦ ᠪᠠᠷ ᠪᠠᠶᠢᠭᠠᠯᠢ ᠶᠢᠨ ᠰᠢᠲᠠᠮᠠᠬᠠᠶ ᠭᠡᠢ ᠬᠢᠬᠦ᠂ ᠨᠡᠭᠦᠷᠡᠰᠦ ᠪᠠᠷ ᠠᠯᠺᠤᠨ ᠬᠢᠬᠦ ᠵᠡᠷᠭᠡ ᠨᠡᠭᠦᠷᠡᠰᠦ ᠶᠢ ᠭᠦᠨᠵᠡᠭᠡᠶ ᠪᠣᠯᠪᠠᠰᠤᠷᠠᠭᠤᠯᠬᠤ ᠲᠥᠷᠥᠯ ᠵᠦᠢᠯ ᠬᠤᠶᠢᠨ᠎ᠠ ᠬᠤᠶᠢᠨ᠎ᠠ ᠠᠴᠠ ᠪᠠᠨ ᠥᠪᠥᠷ ᠮᠣᠩᠭᠤᠯ ᠳᠤ ᠰᠠᠭᠤᠷᠢᠰᠢᠵᠤ᠂ ᠵᠢᠱᠢᠯᠲᠡ ᠪᠠᠷ ︽13᠂ 5︾᠎ ᠶᠢᠨ ᠲᠥᠯᠦᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠳᠤ᠂ ᠪᠦᠬᠦ ᠣᠷᠣᠨ ᠤ ᠨᠡᠭᠦᠷᠡᠰᠦ ᠶᠢ ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ ᠨᠢ ᠣᠳᠣᠬᠠᠨ ᠤ 30%᠎ ᠠᠴᠠ 50%᠎ ᠳᠤ ᠬᠦᠷᠬᠦ ᠪᠣᠯᠤᠨ᠎ᠠ᠃ ᠡᠭᠦᠨ ᠤ ᠬᠠᠮᠲᠤ᠂ ᠡᠬᠢ ᠪᠠᠶᠠᠯᠢᠭ ᠤᠨ ᠬᠡᠯᠪᠡᠷᠢ ᠪᠥᠬᠦᠢ ᠪᠤᠰᠤᠳ ᠠᠵᠤ ᠦᠢᠯᠡᠰ ᠴᠦ ᠠᠭᠠᠵᠢᠮ ᠢᠶᠠᠷ ᠦᠵᠦᠭᠦᠷᠯᠢᠭ ᠪᠦᠲᠦᠭᠡᠭᠳᠡᠬᠦᠨ ᠲᠡᠰᠢ ᠦᠷᠭᠡᠳᠨ᠎ᠡ᠃ ᠣᠳᠣᠬᠠᠨ ᠳᠤ᠂ ᠥᠪᠥᠷ ᠮᠣᠩᠭᠤᠯ ᠤᠨ ᠦᠢᠯᠡᠳᠪᠦᠷᠢᠯᠡᠭᠰᠡᠨ ᠴᠠᠬᠢᠯᠭᠠᠨ ᠵᠠᠳᠠᠯᠤᠯ ᠤᠨ ᠬᠦᠩᠭᠡᠨ ᠴᠠᠭᠠᠨ᠂ ᠴᠠᠬᠢᠯᠠᠭᠤᠷ ᠴᠢᠯᠠᠭᠤ᠂ ᠮᠧᠲ᠋ᠢᠯ ᠠᠯᠺᠣᠣᠯ᠂ ᠮᠠᠯ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠶᠢ ᠡᠳ᠋ᠰᠢᠭᠦᠯᠵᠦ ᠬᠤᠪᠢᠷᠠᠭᠤᠯᠬᠤ ᠨᠣᠷᠮ᠎ᠠ ᠨᠢ ᠲᠤᠰ ᠲᠤᠰ 70%᠂ 60%᠂ 41%᠂ 58%᠎ ᠳᠤ ᠬᠦᠷᠴᠦ᠂ 2010 ᠣᠨ ᠤ ᠬᠢ ᠲᠠᠢ ᠠᠳᠠᠯᠢᠳᠬᠠᠪᠠᠯ ᠲᠤᠰ ᠲᠤᠰ 5% — 30%᠎ ᠢᠶᠠᠷ ᠳᠡᠭᠡᠭᠰᠢᠯᠡᠪᠡ᠃      ︽ᠪᠦᠲᠦᠴᠡ ᠶᠢᠨ ᠲᠣᠬᠢᠷᠠᠭᠤᠯᠤᠯᠲᠠ ᠳᠤ᠂ ᠡᠷᠬᠡᠪᠰᠢ ᠠᠯᠤᠰ ᠬᠤᠯᠠ ᠶᠢ ᠪᠣᠳᠣᠯᠬᠢᠯᠠᠬᠤ ᠬᠡᠷᠡᠭᠲᠡᠶ᠃︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠬᠡᠯᠡᠪᠡ᠂ ᠣᠶᠢᠷ᠎ᠠ ᠶᠢᠨ ᠵᠢᠯ ᠳᠤ᠂ ᠥᠪᠥᠷ ᠮᠣᠩᠭᠤᠯ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠡᠶᠢᠲᠡᠯᠡᠨ᠂ ᠡᠯᠧᠺᠲᠷᠣᠨ ᠮᠡᠳᠡᠭᠡ ᠵᠠᠩᠭᠢ᠂ ᠰᠢᠨ᠎ᠡ ᠡᠳ᠋ ᠮᠠᠲ᠋ᠧᠷᠢᠶᠠᠯ᠂ ᠰᠢᠨ᠎ᠡ ᠡᠨᠧᠷᠭᠢ᠂ ᠠᠮᠢᠳᠤ ᠪᠣᠳᠠᠰ ᠤᠨ ᠮᠡᠷᠭᠡᠵᠢᠯ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠪᠠ᠃ ᠣᠳᠣᠬᠠᠨ ᠳᠤ᠂ ᠭᠠᠷ ᠤᠲᠠᠰᠤᠨ ᠤ ᠲᠣᠨᠣᠭᠯᠠᠯ᠂ ᠴᠥᠮ᠎ᠡ ᠶᠢᠨ ᠴᠠᠬᠢᠯᠭᠠᠨ ᠤ ᠲᠦᠯᠡᠰᠢ᠂ ᠠᠮᠢᠳᠤ ᠪᠣᠳᠠᠰ ᠤᠨ ᠡᠮ ᠡᠮᠨᠡᠯᠭᠡ᠂ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠵᠡᠷᠭᠡ ᠠᠵᠤ ᠦᠢᠯᠡᠰ ᠨᠢ ᠥᠪᠥᠷ ᠮᠣᠩᠭᠤᠯ ᠤᠨ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠢᠭ᠋ ᠪᠣᠯᠤᠭᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ 2015 ᠣᠨ ᠳᠤ ᠥᠪᠥᠷ ᠮᠣᠩᠭᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠨᠢ ᠠᠳᠠᠯᠢ ᠬᠤᠭᠤᠴᠠᠭᠠᠨ ᠤ ᠬᠢ ᠠᠴᠠ 23.5%᠎ ᠢᠶᠠᠷ ᠨᠡᠮᠡᠭᠳᠡᠵᠦ᠂ ᠰᠢᠨ᠎ᠡ ᠪᠠᠷ ᠬᠦᠭᠵᠢᠭᠰᠡᠨ ᠠᠵᠤ ᠦᠢᠯᠡᠰ ᠨᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠦᠷᠳᠡᠭ ᠤᠨ ᠳᠣᠲᠤᠷᠠᠬᠢ ᠡᠵᠡᠯᠡᠬᠦ ᠬᠤᠪᠢ ᠶᠢᠨ ᠵᠢᠩ ᠨᠢ 10% ᠰᠢᠬᠠᠮ ᠳᠤ ᠬᠦᠷᠴᠦ᠂ ᠵᠢᠱᠢᠯᠲᠡ ᠪᠠᠷ ︽13 · 5︾᠎ ᠶᠢᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠳᠤ 20% ᠣᠷᠴᠢᠮ ᠬᠦᠷᠦᠨ᠎ᠡ᠃ ᠥᠪᠥᠷ ᠮᠣᠩᠭᠤᠯ ᠪᠠᠰᠠ ᠮᠠᠰᠢᠨ ᠲᠡᠷᠭᠡ᠂ ᠲᠣᠮᠣ ᠬᠡᠯᠪᠡᠷᠢ ᠶᠢᠨ ᠠᠴᠢᠶᠠᠨ ᠤ ᠮᠠᠰᠢᠨ ᠲᠡᠷᠭᠡ᠂ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ᠂ ᠳᠠᠷᠤᠯᠲᠠᠲᠤ ᠰᠠᠪᠡ ᠬᠡᠷᠡᠭᠰᠡᠯ ᠵᠡᠷᠭᠡ ᠠᠵᠤ ᠦᠢᠯᠡᠰ ᠢ ᠶᠡᠬᠡᠪᠡᠷ ᠬᠦᠭᠵᠢᠭᠦᠯᠵᠦ᠂ ᠤᠯᠠᠨ ᠡᠰᠢᠵᠢᠭᠰᠡᠨ ᠬᠦᠭᠵᠢᠯᠲᠡ᠂ ᠤᠯᠠᠨ ᠲᠦᠢᠯᠰᠢᠷᠡᠭᠰᠡᠨ ᠲᠦᠰᠢᠭ ᠤᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠥᠷᠭᠡᠪᠴᠢᠯᠡᠨ ᠪᠠᠶᠢᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠨᠡᠭᠦᠷᠡᠰᠦᠨ ᠤ ᠠᠵᠤ ᠦᠢᠯᠡᠰ ᠨᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠦᠷᠳᠡᠭ ᠤᠨ ᠳᠣᠲᠤᠷᠠᠬᠢ ᠡᠵᠡᠯᠡᠬᠦ ᠬᠤᠪᠢ ᠶᠢᠨ ᠵᠢᠩ ᠨᠢ ᠬᠠᠮᠤᠭ ᠤᠨ ᠥᠨᠳᠥᠷ ᠦᠶ᠎ᠡ ᠳᠡᠭᠡᠨ 50% ᠣᠷᠴᠢᠮ ᠳᠤ ᠬᠦᠷᠴᠦ᠂ ᠣᠳᠣᠬᠠᠨ ᠳᠤ ᠨᠢᠭᠡᠨᠲᠡ 23% ᠪᠣᠯᠤᠨ ᠪᠠᠭᠤᠷᠠᠵᠠᠢ᠂ ᠵᠢᠱᠢᠯᠲᠡ ᠪᠠᠷ ︽13᠂ 5︾᠎ ᠶᠢᠨ ᠲᠦᠯᠦᠪᠵᠢᠭᠦᠯᠭᠡ ᠶᠢᠨ ᠰᠡᠭᠦᠯᠴᠢ ᠪᠣᠯᠬᠤ ᠳᠤ ᠤᠯᠠᠮ ᠨᠢᠭᠡ ᠠᠯᠬᠤᠮ ᠪᠠᠭᠤᠷᠠᠭᠠᠳ 15%᠎ ᠠᠴᠠ ᠳᠣᠷᠤᠭᠰᠢ ᠪᠣᠯᠤᠨ᠎ᠠ᠃ ᠪᠦᠲᠦᠴᠡ ᠶᠢ ᠲᠣᠬᠢᠷᠠᠭᠤᠯᠬᠤ ᠠᠯᠢ ᠣᠯᠠᠨ ᠴᠢᠬᠤᠯᠠ ᠶᠡᠭᠡ ᠠᠷᠭ᠎ᠠ ᠬᠡᠮᠵᠢᠶ᠎ᠡ ᠨᠢ ᠥᠪᠥᠷ ᠮᠣᠩᠭᠤᠯ ᠢ ᠣᠳᠣ ᠶᠠᠭ ᠠᠵᠤ ᠦᠢᠯᠡᠰ ᠤᠨ ᠪᠦᠲᠦᠴᠡ ᠶᠢᠨ ︽ᠨᠡᠭᠦᠷᠡᠰᠦ ᠪᠠᠷ ᠭᠤᠣᠯᠯᠠᠭᠰᠠᠨ︾ ᠭᠠᠴᠢᠭᠳᠠᠯ ᠲᠠᠢ ᠪᠠᠶᠢᠳᠠᠯ ᠠᠴᠠ ᠠᠯᠬᠤᠮ ᠠᠯᠬᠤᠮ ᠢᠶᠠᠷ ᠠᠩᠭᠢᠵᠢᠷᠠᠭᠤᠯᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号