ᠥᠪᠥᠷ ᠵᠠᠰᠠᠭ ᠠᠯᠪᠠᠨ ᠲᠠᠷᠬᠠᠭᠠᠭᠰᠠᠨ ﹇2015﹈ 60 ᠳ᠋ᠦ᠋ᠭᠠᠷ ᠲᠤᠭᠠᠳᠤ | 2014 ᠣᠨ ᠤ 12 ᠳ᠋ᠤᠭᠠᠷ ᠰᠠᠷ᠎ᠠ ᠶᠢᠨ 8 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠭᠡᠬᠦ ᠲᠣᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2014﹈ 63 | ᠳ᠋ᠤᠭᠠᠷ ᠲᠣᠭᠠᠲᠤ︶ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ | ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ | ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠭᠡᠬᠦ | ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ | ︵ᠲᠥᠷᠥ ᠠᠯᠪᠠᠨ ᠲᠠᠷᠬᠠᠭᠠᠭᠰᠠᠨ ﹇2014﹈ 63 ᠳ᠋ᠤᠭᠠᠷ ᠲᠣᠭᠠᠲᠤ︶ | ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠤᠨ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠦᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄ | ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠪᠣᠯ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠪᠠᠴᠢᠮ | ᠪᠠᠶᠢᠳᠠᠯ ᠢ ᠠᠷᠭᠠᠴᠠᠬᠤ ᠳᠤ ᠪᠡᠯᠡᠳᠬᠡᠬᠦ᠂ ᠬᠢᠨᠠᠨ ᠰᠢᠨᠵᠢᠬᠦ ᠪᠠ ᠰᠡᠷᠡᠮᠵᠢᠯᠡᠭᠦᠯᠬᠦ᠂ ᠰᠢᠢᠳᠪᠦᠷᠢᠯᠡᠬᠦ ᠪᠠ ᠠᠪᠤᠷᠠᠨ | ᠲᠤᠰᠠᠯᠠᠬᠤ ᠳᠤ ᠲᠤᠰᠬᠠᠢ ᠬᠡᠷᠡᠭᠯᠡᠬᠦ ᠦᠢᠯᠡᠳᠭᠦᠨ ᠪᠠ ᠦᠢᠯᠡᠴᠢᠯᠡᠭᠡ ᠬᠠᠩᠭᠠᠬᠤ ᠠᠵᠤ ᠦᠢᠯᠡᠰ ᠪᠣᠯᠣᠨ᠎ᠠ᠃ | ᠣᠶᠢᠷ᠎ᠠ ᠶᠢᠨ ᠵᠢᠯ ᠤᠨ ᠲᠣᠷᠰᠢ᠂ ᠮᠠᠨ ᠤ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠥᠳᠲᠡᠷ | ᠲᠥᠷᠭᠡᠨ ᠪᠣᠢ ᠪᠣᠯᠬᠤ ᠶᠢᠨ ᠬᠠᠮᠲᠤ ᠲᠠᠰᠤᠷᠠᠯᠲᠠ ᠦᠭᠡᠢ ᠬᠥᠭᠵᠢᠵᠦ᠂ ᠭᠡᠨᠡᠳᠲᠡ ᠶᠢᠨ ᠬᠡᠷᠡᠭ ᠢ ᠠᠷᠭᠠᠴᠠᠬᠤ | ᠳᠤᠮᠳᠠ ᠴᠢᠬᠤᠯᠠ ᠦᠢᠯᠡᠳᠦᠯ ᠦᠵᠡᠭᠦᠯᠪᠡ᠂ ᠭᠡᠪᠡᠴᠦ ᠪᠠᠰᠠ ᠠᠵᠤ ᠦᠢᠯᠡᠰ ᠤᠨ ᠰᠢᠰᠲ᠋ᠧᠮᠵᠢ ᠲᠡᠭᠦᠯᠳᠡᠷ ᠪᠤᠰᠤ᠂ | ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠪᠤᠶᠢᠵᠢᠭᠤᠯᠤᠯᠲᠠ ᠭᠦᠢᠴᠡᠳ ᠦᠭᠡᠢ᠂ ᠵᠠᠩᠭᠢᠯᠠᠭ᠎ᠠ ᠶᠢᠨ | ᠮᠡᠷᠭᠡᠵᠢᠯ ᠤᠨ ᠲᠤᠨᠤᠭ ᠲᠥᠭᠦᠭᠡᠷᠦᠮᠵᠢ ᠶᠢᠨ ᠬᠥᠭᠵᠢᠯᠲᠡ ᠤᠳᠠᠭᠠᠨ ᠪᠠᠶᠢᠬᠤ ᠵᠡᠷᠭᠡ ᠠᠰᠠᠭᠤᠳᠠᠯ ᠣᠷᠣᠰᠢᠵᠤ ᠪᠣᠢ᠃ | ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠢ ᠬᠥᠭᠵᠢᠭᠦᠯᠬᠦ ᠨᠢ ᠨᠢᠭᠡ ᠯᠡ ᠵᠦᠢᠯ ᠢᠶᠠᠷ ᠣᠯᠠᠨ ᠶᠠᠪᠤᠳᠠᠯ ᠢ | ᠪᠦᠲᠦᠭᠡᠵᠦ ᠪᠤᠯᠬᠤ ᠠᠵᠢᠯ ᠪᠣᠯᠣᠨ᠎ᠠ᠃ ᠮᠠᠨ ᠤ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ | ᠬᠥᠭᠵᠢᠯᠲᠡ ᠶᠢ ᠲᠦᠷᠭᠡᠳᠭᠡᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ | ᠡᠳᠦᠭᠡ ᠳᠣᠣᠷᠠᠬᠢ ᠰᠠᠨᠠᠯ ᠢ ᠳᠤᠷᠠᠳᠪᠠ᠄ | ᠨᠢᠭᠡ᠂ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠢ ᠬᠥᠭᠵᠢᠭᠦᠯᠬᠦ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ | ︵ᠨᠢᠭᠡ︶ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠢ ᠬᠥᠭᠵᠢᠭᠦᠯᠬᠦ ᠨᠢ ᠣᠯᠠᠨ ᠨᠡᠶᠢᠲᠡ ᠶᠢᠨ ᠠᠮᠦᠷ | ᠲᠥᠪᠰᠢᠨ ᠤ ᠰᠠᠭᠤᠷᠢ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠯᠭᠠᠮ᠎ᠠ ᠱᠠᠭᠠᠷᠳᠠᠯᠭ᠎ᠠ ᠪᠣᠯᠣᠨ᠎ᠠ᠃ | ᠤᠳᠤᠬᠠᠨ ᠳᠤ ᠮᠠᠨ ᠤ ᠤᠯᠤᠰ ᠤᠨ ᠣᠯᠠᠨ ᠨᠡᠶᠢᠲᠡ ᠶᠢᠨ ᠠᠮᠦᠷ ᠲᠥᠪᠰᠢᠨ ᠤ ᠪᠠᠶᠢᠳᠠᠯ ᠬᠦᠨᠳᠦ ᠨᠣᠴᠢᠲᠠᠢ ᠪᠦᠭᠡᠳ | ᠨᠠᠷᠢᠨ ᠪᠤᠳᠤᠯᠢᠶᠠᠨ ᠲᠠᠢ ᠪᠠᠶᠢᠵᠤ᠂ ᠭᠡᠨᠡᠳᠲᠡ ᠶᠢᠨ ᠬᠡᠷᠡᠭ ᠠᠮᠠᠷᠬᠠᠨ ᠡᠭᠦᠰᠬᠦ ᠪᠠ ᠳᠠᠬᠢᠨ ᠳᠠᠪᠲᠠᠨ ᠡᠭᠦᠰᠴᠦ᠂ | ᠰᠡᠷᠭᠡᠶᠢᠯᠡᠨ ᠡᠵᠡᠮᠳᠡᠬᠦ ᠪᠡᠷᠬᠡᠴᠡ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠬᠤ ᠠᠵᠤ | ᠦᠢᠯᠡᠰ ᠢ ᠬᠥᠭᠵᠢᠭᠦᠯᠬᠦ ᠨᠢ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠬᠤ ᠳᠤ ᠪᠤᠳᠠᠰ ᠤᠨ ᠪᠠᠲᠤᠯᠠᠭ᠎ᠠ᠂ | ᠮᠡᠷᠭᠡᠵᠢᠯ ᠤᠨ ᠲᠤᠯᠭᠠᠭᠤᠷᠢᠯᠠᠯ ᠪᠣᠯᠣᠨ ᠲᠤᠰᠬᠠᠢ ᠦᠢᠯᠡᠴᠢᠯᠡᠭᠡ ᠬᠠᠩᠭ᠋ᠠᠵᠤ᠂ ᠰᠠᠭᠤᠷᠢ ᠪᠡᠯᠡᠳᠭᠡᠮᠵᠢ ᠪᠣᠯᠣᠨ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠮᠦᠨ ᠴᠢᠨᠠᠷ ᠤᠨ ᠠᠮᠦᠷ ᠲᠥᠪᠰᠢᠨ ᠤ ᠬᠢᠷᠢ ᠬᠡᠮᠵᠢᠶ᠎ᠠ ᠶᠢ | ᠳᠡᠭᠡᠭᠰᠢᠯᠡᠭᠦᠯᠦᠨ᠂ ᠭᠡᠨᠡᠳᠲᠡ ᠶᠢᠨ ᠬᠡᠷᠡᠭ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠪᠦᠬᠦ ᠨᠡᠶᠢᠭᠡᠮ ᠤᠨ ᠲᠥᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ | ᠡᠳ᠋ ᠬᠦᠷᠦᠩᠭᠡ ᠶᠢᠨ ᠠᠮᠦᠷ ᠲᠥᠪᠰᠢᠨ ᠢ ᠪᠠᠲᠤᠯᠠᠬᠤ ᠪᠠ ᠤᠯᠤᠰ ᠤᠨ ᠣᠯᠠᠨ ᠨᠡᠶᠢᠲᠡ ᠶᠢᠨ ᠠᠮᠦᠷ ᠲᠥᠪᠰᠢᠨ ᠢ | ᠬᠠᠮᠠᠭᠠᠯᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ | ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠢ ᠬᠥᠭᠵᠢᠭᠦᠯᠬᠦ ᠨᠢ ᠠᠵᠤ ᠠᠬᠤᠢ ᠶᠢᠨ ᠰᠢᠨ᠎ᠡ | ᠨᠡᠮᠡᠭᠳᠡᠯ ᠤᠨ ᠴᠡᠭ ᠢ ᠪᠤᠶᠢᠵᠢᠭᠤᠯᠬᠤ ᠶᠢᠨ ᠴᠢᠬᠤᠯᠠ ᠠᠭᠤᠯᠭ᠎ᠠ ᠪᠣᠯᠣᠨ᠎ᠠ᠃ ᠮᠠᠨ ᠤ ᠤᠯᠤᠰ ᠤᠨ ᠠᠵᠤ ᠠᠬᠤᠢ ᠶᠢᠨ | ᠬᠥᠭᠵᠢᠯᠲᠡ᠂ ᠨᠡᠶᠢᠭᠡᠮ ᠤᠨ ᠳᠠᠪᠰᠢᠯᠲᠠ ᠪᠣᠯᠣᠨ ᠣᠯᠠᠨ ᠨᠡᠶᠢᠲᠡ ᠶᠢᠨ ᠠᠮᠦᠷ ᠲᠥᠪᠰᠢᠨ ᠤ ᠦᠵᠡᠯ ᠤᠬᠠᠮᠰᠠᠷ ᠤᠨ | ᠳᠡᠭᠡᠭᠰᠢᠯᠡᠯᠲᠡ ᠶᠢ ᠳᠠᠭᠠᠯᠳᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠠᠴᠢᠮ ᠪᠠᠶᠢᠳᠠᠯ ᠢ ᠠᠷᠭᠠᠴᠠᠬᠤ | ᠦᠢᠯᠡᠳᠭᠦᠨ ᠪᠠ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠲᠠᠰᠤᠷᠠᠯᠲᠠ ᠦᠭᠡᠢ ᠨᠡᠮᠡᠭᠳᠡᠵᠦ ᠪᠣᠢ᠃ ᠪᠠᠴᠢᠮ | ᠪᠠᠶᠢᠳᠠᠯ ᠢ ᠠᠷᠭᠠᠴᠠᠬᠤ ᠠᠵᠤ ᠦᠢᠯᠡᠰ ᠨᠢ ᠬᠠᠮᠤᠷᠬᠤ ᠬᠡᠪᠴᠢᠶ᠎ᠡ ᠪᠠᠷ ᠥᠷᠭᠡᠨ᠂ ᠠᠵᠤ ᠦᠢᠯᠡᠰ ᠤᠨ | ᠬᠡᠯᠬᠢᠶᠡᠵᠢᠯ ᠢᠶᠠᠷ ᠤᠷᠲᠤ ᠪᠠᠶᠢᠳᠠᠭ᠂ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠢ ᠲᠦᠷᠭᠡᠳᠭᠡᠨ | ᠬᠥᠭᠵᠢᠭᠦᠯᠬᠦ ᠨᠢ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ ᠤᠨ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠢ ᠪᠣᠯᠭᠠᠨ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠢ | ᠪᠣᠯᠭᠠᠬᠤ ᠳᠤ ᠠᠰᠢᠭᠲᠠᠢ︔ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ ᠠᠵᠤ | ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠨᠡᠶᠢᠭᠡᠮ ᠤᠨ ᠠᠵᠢᠯ ᠣᠯᠭᠤᠯᠲᠠ ᠶᠢ ᠥᠷᠭᠡᠳᠭᠡᠬᠦ ᠳᠤ | ᠠᠰᠢᠭᠲᠠᠢ ᠶᠤᠮ᠃ | ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠢ ᠬᠥᠭᠵᠢᠭᠦᠯᠬᠦ ᠨᠢ ᠪᠠᠴᠢᠮ ᠪᠠᠶᠢᠳᠠᠯ ᠢ | ᠠᠷᠭᠠᠴᠠᠬᠤ ᠮᠡᠷᠭᠡᠵᠢᠯ ᠤᠨ ᠲᠤᠨᠤᠭ ᠲᠥᠭᠦᠭᠡᠷᠦᠮᠵᠢ ᠶᠢᠨ ᠭᠤᠣᠯᠯᠠᠬᠤ ᠦᠷᠢᠰᠦᠯᠳᠦᠬᠦ ᠬᠦᠴᠦᠨ ᠢ | ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠵᠠᠮ ᠪᠣᠯᠣᠨ᠎ᠠ᠃ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠣᠬᠠᠢ ᠶᠢᠨ | ᠲᠠᠯᠠᠪᠤᠷ ᠤᠨ ᠪᠠᠶᠢᠳᠠᠯ ᠨᠠᠷᠢᠨ ᠪᠣᠳᠣᠯᠢᠶᠠᠨ ᠲᠠᠢ ᠠᠴᠠ ᠪᠣᠯᠵᠤ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ | ᠲᠤᠨᠤᠭ ᠲᠥᠭᠦᠭᠡᠷᠦᠮᠵᠢ ᠶᠢᠨ ᠵᠣᠬᠢᠴᠠᠯᠲᠤ ᠴᠢᠨᠠᠷ᠂ ᠨᠠᠶᠢᠳᠠᠪᠤᠷᠢᠳᠦ ᠴᠢᠨᠠᠷ᠂ ᠠᠶᠤᠯ ᠦᠭᠡᠢ ᠴᠢᠨᠠᠷ ᠤᠨ | ᠲᠠᠯ᠎ᠠ ᠪᠠᠷ ᠬᠢ ᠱᠠᠭᠠᠷᠳᠠᠯᠭ᠎ᠠ ᠨᠢ ᠨᠡᠩ ᠴᠢᠩᠭ᠎ᠠ ᠪᠠᠶᠢᠳᠠᠭ᠃ ᠮᠠᠨ ᠤ ᠤᠯᠤᠰ ᠤᠨ ᠪᠠᠴᠢᠮ ᠪᠠᠶᠢᠳᠠᠯ ᠢ ᠠᠷᠭᠠᠴᠠᠬᠤ | ᠠᠵᠤ ᠦᠢᠯᠡᠰ ᠤᠨ ᠡᠬᠢᠯᠡᠭᠰᠡᠨ ᠴᠠᠭ ᠨᠢ ᠣᠷᠣᠢ᠂ ᠦᠢᠯᠡᠳᠭᠦᠨ ᠤ ᠮᠡᠷᠭᠡᠵᠢᠯ ᠤᠨ ᠠᠭᠤᠯᠤᠭᠳᠠᠬᠤᠨ ᠨᠢ ᠦᠨᠳᠦᠷ | ᠪᠤᠰᠤ᠂ ᠬᠡᠰᠡᠭ ᠵᠠᠩᠬᠢᠯᠠᠭ᠎ᠠ ᠶᠢᠨ ᠮᠡᠷᠭᠡᠵᠢᠯ ᠤᠨ ᠦᠢᠯᠡᠳᠭᠦᠨ ᠨᠢ ᠭᠠᠳᠠᠭᠠᠲᠤ ᠠᠴᠠ ᠣᠷᠣᠭᠤᠯᠬᠤ ᠳᠤ ᠲᠦᠰᠢᠭᠯᠡᠵᠦ | ᠪᠣᠢ᠃ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠢ ᠲᠦᠷᠭᠡᠳᠭᠡᠨ ᠬᠥᠭᠵᠢᠭᠦᠯᠬᠦ ᠨᠢ ᠬᠠᠮᠢᠶ᠎ᠠ ᠪᠦᠬᠦᠢ ᠠᠵᠢᠯ | ᠲᠦᠷᠦᠯ ᠤᠨ ᠬᠦᠷᠢᠶᠡᠨ ᠳᠠᠬᠢ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠪᠠ ᠮᠡᠷᠭᠡᠵᠢᠯ ᠤᠨ ᠳᠠᠪᠰᠢᠯᠲᠠ ᠶᠢ | ᠳᠠᠶᠢᠴᠢᠯᠠᠵᠤ᠂ ᠳᠡᠯᠡᠬᠡᠢ ᠶᠢᠨ ᠲᠡᠷᠢᠭᠦᠨ ᠤ ᠮᠡᠷᠭᠡᠵᠢᠯ ᠪᠣᠯᠣᠨ ᠣᠨᠣᠯᠵᠢᠬᠤᠨ ᠢ ᠣᠷᠤᠭᠤᠯᠤᠨ ᠠᠪᠴᠢᠷᠠᠵᠤ | ᠰᠢᠩᠭᠡᠨ ᠠᠪᠴᠤ ᠳᠠᠬᠢᠵᠤ ᠰᠢᠨ᠎ᠡ ᠶᠢ ᠡᠭᠦᠳᠬᠦ ᠶᠢ ᠠᠬᠢᠭᠤᠯᠤᠨ᠂ ᠣᠯᠠᠨ ᠤᠯᠤᠰ ᠤᠨ ᠵᠠᠬ᠎ᠠ ᠳᠡᠯᠭᠡᠭᠦᠷ ᠲᠠᠬᠢ | ᠮᠠᠨ ᠤ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ ᠲᠤᠨᠤᠭ ᠲᠥᠭᠦᠭᠡᠷᠦᠮᠵᠢ ᠶᠢᠨ ᠭᠤᠣᠯᠯᠠᠬᠤ | ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠲᠦᠯᠬᠢᠨ ᠠᠬᠢᠭᠤᠯᠤᠨ᠎ᠠ᠃ | ᠬᠤᠶᠠᠷ᠂ ᠶᠡᠷᠦᠩᠬᠡᠢ ᠱᠠᠭᠠᠷᠳᠠᠯᠭ᠎ᠠ | ︵ᠳᠥᠷᠪᠡ︶ ᠵᠢᠯᠤᠭᠤᠳᠬᠤ ᠦᠵᠡᠯ ᠰᠠᠨᠠᠭ᠎ᠠ᠃ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ | ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ | ᠵᠢᠯᠤᠭᠤᠳᠤᠯᠭ᠎ᠠ ᠪᠣᠯᠭ᠋ᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠬ ᠰᠠᠨᠠᠭ᠎ᠠ ᠪᠠ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭ᠋ᠠᠵᠤ᠂ ᠵᠠᠬ᠎ᠠ | ᠳᠡᠯᠭᠡᠭᠦᠷ ᠢᠶᠠᠷ ᠤᠳᠤᠷᠢᠳᠤᠮᠵᠢ ᠪᠣᠯᠭᠠᠨ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠳᠠᠪᠰᠢᠯᠲᠠ ᠪᠠᠷ ᠬᠦᠳᠡᠯᠭᠡᠭᠴᠢ ᠬᠦᠴᠦᠨ ᠪᠣᠯᠭ᠋ᠠᠵᠤ᠂ ᠲᠥᠷᠥ ᠶᠢᠨ ᠪᠣᠳᠣᠯᠭ᠎ᠠ ᠪᠠᠷ ᠬᠦᠲᠦᠯᠦᠨ | ᠳᠠᠭᠠᠭᠤᠯᠬᠤ ᠶᠢ ᠴᠢᠩᠭᠠᠳᠬᠠᠨ᠂ ᠰᠢᠨ᠎ᠡ ᠶᠢ ᠡᠭᠦᠳᠬᠦ ᠡᠯ᠎ᠡ ᠲᠦᠷᠦᠯ ᠤᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠢ ᠬᠥᠭᠵᠢᠭᠡᠵᠦ᠂ ᠵᠠᠩᠭᠢᠯᠠᠭ᠎ᠠ ᠶᠢᠨ ᠮᠡᠷᠭᠡᠵᠢᠯ ᠢ ᠲᠦᠷᠭᠡᠳᠭᠡᠨ ᠰᠢᠪᠲᠤᠯᠵᠤ᠂ ᠪᠠᠴᠢᠮ ᠪᠠᠶᠢᠳᠠᠯ ᠢ | ᠠᠷᠭᠠᠴᠠᠬᠤ ᠠᠵᠤ ᠦᠢᠯᠡᠰ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠪᠣᠯᠣᠨ ᠭᠤᠣᠯᠯᠠᠬᠤ ᠦᠷᠢᠰᠦᠯᠳᠦᠬᠦ | ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠭᠡᠨᠡᠳᠲᠡ ᠶᠢᠨ ᠬᠡᠷᠡᠭ ᠢ ᠰᠡᠷᠭᠡᠶᠢᠯᠡᠨ ᠰᠢᠢᠳᠪᠦᠷᠢᠯᠡᠬᠦ ᠠᠵᠤ | ᠦᠢᠯᠡᠰ ᠤᠨ ᠲᠤᠯᠭᠠᠭᠤᠷᠢᠯᠠᠬᠤ ᠬᠦᠴᠦᠨ ᠢ ᠨᠡᠮᠡᠭᠳᠡᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ | ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ | ᠲᠥᠭᠰᠢᠭᠦᠷᠢ ᠶᠢ ᠰᠡᠷᠭᠡᠶᠢᠯᠡᠬᠦ ᠳᠤ ᠬᠤᠪᠢ ᠨᠡᠮᠡᠷᠢ ᠦᠵᠡᠭᠦᠯᠦᠨ᠎ᠡ᠃ | ︵ᠲᠠᠪᠤ︶ ᠦᠨᠳᠦᠰᠦᠨ ᠵᠠᠷᠴᠢᠮ᠃ | ᠵᠠᠬ᠎ᠠ ᠳᠡᠯᠭᠡᠭᠦᠷ ᠢᠶᠠᠷ ᠭᠤᠣᠯᠯᠠᠭᠤᠯᠵᠤ᠂ ᠵᠠᠰᠠᠭ ᠤᠨ ᠣᠷᠳᠤᠨ ᠬᠦᠲᠦᠯᠦᠨ ᠵᠢᠯᠤᠭᠤᠳᠤᠨ᠎ᠠ᠃ ᠡᠬᠢ | ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ | ᠪᠠᠳᠠᠷᠠᠭᠤᠯᠵᠤ᠂ ᠵᠠᠰᠠᠭ ᠤᠨ ᠣᠷᠳᠤᠨ ᠤ ᠬᠤᠷᠸ᠎ᠠ ᠲᠠᠯ᠎ᠠ ᠠᠴᠠ ᠬᠦᠲᠦᠯᠦᠨ ᠵᠢᠯᠤᠭᠤᠳᠬᠤ ᠪᠠ ᠲᠥᠷᠥ ᠶᠢᠨ | ᠪᠣᠳᠣᠯᠭ᠎ᠠ ᠪᠠᠷ ᠵᠣᠷᠢᠬᠵᠢᠭᠤᠯᠬᠤ ᠶᠢ ᠲᠡᠭᠦᠯᠳᠡᠷᠵᠢᠭᠦᠯᠦᠨ᠂ ᠵᠠᠰᠠᠭ ᠢ ᠴᠤᠮᠬᠠᠳᠬᠠᠵᠤ ᠡᠷᠬᠡ ᠶᠢ ᠳᠣᠷᠤᠭᠰᠢ | ᠪᠠᠭᠤᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ | ᠪᠣᠢ ᠪᠣᠯᠭ᠋ᠠᠵᠤ᠂ ᠦᠭᠡᠷᠡᠴᠢᠯᠡᠯᠲᠡ ᠶᠢᠨ ᠠᠷᠭ᠎ᠠ ᠶᠢ ᠬᠡᠷᠡᠭᠯᠡᠵᠦ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠠᠵᠤ | ᠦᠢᠯᠡᠰ ᠢ ᠬᠥᠭᠵᠢᠭᠦᠯᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠳᠡᠪᠬᠢ ᠴᠢᠨᠠᠷ ᠢ ᠳᠠᠶᠢᠴᠢᠯᠠᠬᠤ ᠬᠡᠷᠡᠭᠲᠡᠢ᠃ | ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭ᠋ᠠᠵᠤ᠂ ᠬᠡᠷᠡᠭᠴᠡᠭᠡ ᠱᠠᠭᠠᠷᠳᠠᠯᠭ᠎ᠠ ᠪᠠᠷ ᠬᠦᠲᠦᠯᠦᠨ | ᠳᠠᠭᠠᠭᠤᠯᠤᠨ᠎ᠠ᠃ ᠠᠩᠬᠠᠨ ᠤ ᠰᠢᠨ᠎ᠡ ᠶᠢ ᠡᠭᠦᠳᠬᠦ᠂ ᠬᠤᠷᠠᠮᠠᠯ ᠢᠶᠠᠷ ᠰᠢᠨ᠎ᠡ ᠶᠢ ᠡᠭᠦᠳᠬᠦ ᠪᠠ ᠣᠷᠤᠭᠤᠯᠤᠨ | ᠠᠪᠴᠢᠷᠠᠵᠤ ᠰᠢᠩᠭᠡᠨ ᠠᠪᠴᠤ ᠳᠠᠬᠢᠵᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠨᠡᠶᠢᠲᠡᠯᠢᠭ ᠴᠢᠨᠠᠷᠲᠠᠢ | ᠮᠡᠷᠭᠡᠵᠢᠯ ᠢ ᠡᠵᠡᠮᠰᠢᠨ᠂ ᠵᠠᠩᠬᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠬᠢᠵᠦ᠂ ᠳᠡᠯᠡᠬᠡᠢ ᠶᠢᠨ | ᠲᠡᠷᠢᠭᠦᠨ ᠤ ᠮᠡᠷᠭᠡᠵᠢᠯ ᠤᠨ ᠬᠢᠷᠢ ᠬᠡᠵᠢᠶ᠎ᠡ ᠯᠦᠭᠡ ᠶᠢᠨ ᠵᠦᠷᠢᠶ᠎ᠡ ᠶᠢ ᠲᠦᠷᠭᠡᠬᠡᠨ ᠪᠠᠭᠠᠰᠬᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠦᠢᠯᠡᠳᠭᠦᠨᠵᠢᠯᠲᠡ᠂ ᠠᠵᠤ ᠦᠢᠯᠡᠰᠵᠢᠯᠲᠡ ᠶᠢ ᠠᠬᠢᠭᠤᠯᠬᠤ ᠬᠡᠷᠡᠭᠲᠡᠢ︔ | ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠪᠤᠶᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠠᠴᠢᠮ | ᠪᠠᠶᠢᠳᠠᠯ ᠢ ᠠᠷᠭᠠᠴᠠᠬᠤ ᠦᠢᠯᠡᠳᠭᠦᠨ ᠤ ᠬᠡᠷᠡᠭᠯᠡᠯᠲᠡ ᠶᠢ ᠲᠦᠯᠬᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠠᠵᠤ ᠦᠢᠯᠡᠰ ᠢ ᠬᠥᠭᠵᠢᠭᠦᠯᠬᠦ ᠬᠦᠴᠦᠲᠦ ᠳᠠᠶᠢᠴᠢᠯᠠᠯᠲᠠ ᠶᠢ ᠪᠣᠢ ᠪᠣᠯᠭᠠᠬᠤ ᠬᠡᠷᠡᠭᠲᠡᠢ᠃ | ᠨᠢᠭᠡᠲᠦᠯᠲᠡᠢ ᠲᠦᠯᠦᠪᠯᠡᠨ ᠠᠬᠢᠭᠤᠯᠵᠤ᠂ ᠬᠠᠮᠵᠢᠯᠴᠠᠨ ᠬᠥᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ | ᠠᠵᠤ ᠦᠢᠯᠡᠰ ᠢ ᠬᠥᠭᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠮᠠᠨ ᠤ ᠤᠯᠤᠰ ᠤᠨ ᠣᠯᠠᠨ ᠨᠡᠶᠢᠲᠡ ᠶᠢᠨ ᠠᠮᠦᠷ | ᠲᠥᠪᠰᠢᠨ ᠤ ᠬᠡᠷᠡᠭᠴᠡᠭᠡ ᠳᠤ ᠵᠣᠬᠢᠴᠠᠭᠰᠠᠨ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠤ ᠰᠢᠰᠲ᠋ᠧᠮᠵᠢ ᠶᠢ | ᠲᠦᠷᠭᠡᠳᠭᠡᠨ ᠪᠣᠢ ᠪᠣᠯᠭ᠋ᠠᠵᠤ᠂ ᠪᠠᠴᠢᠮ ᠪᠠᠶᠢᠳᠠᠯ ᠢ ᠠᠷᠭᠠᠴᠠᠬᠤ ᠲᠤᠰᠠᠯᠠᠮᠵᠢ᠂ ᠪᠠᠴᠢᠮ ᠪᠠᠶᠢᠳᠠᠯ ᠢ ᠠᠷᠭᠠᠴᠠᠬᠤ | ᠶᠡᠷᠦᠩᠬᠡᠶᠢᠯᠡᠭᠰᠡᠨ ᠦᠢᠯᠡᠴᠢᠯᠡᠭᠡ ᠵᠡᠷᠭᠡ ᠪᠠᠴᠢᠮ ᠪᠠᠶᠢᠳᠠᠯ ᠢ ᠠᠷᠭᠠᠴᠠᠬᠤ ᠵᠠᠬ᠎ᠠ ᠳᠡᠯᠭᠡᠭᠦᠷᠴᠢᠯᠡᠭᠰᠡᠨ ᠰᠢᠨ᠎ᠡ | ᠬᠡᠯᠪᠡᠷᠢ ᠶᠢᠨ ᠦᠢᠯᠡᠴᠢᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠡᠷᠡᠭᠵᠢᠭᠦᠯᠦᠨ᠂ ᠭᠡᠨᠡᠳᠲᠡ ᠶᠢᠨ ᠬᠡᠷᠡᠭ ᠢ | ᠠᠷᠭᠠᠴᠠᠬᠤ ᠳᠤᠮᠳᠠᠬᠢ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠨᠡᠶᠢᠭᠡᠮ ᠪᠠ ᠠᠵᠤ ᠠᠬᠤᠢ ᠳᠤ ᠦᠢᠯᠡᠴᠢᠯᠡᠨ᠎ᠡ᠃ ᠨᠡᠶᠢᠭᠡᠮ ᠤᠨ ᠦᠷ᠎ᠡ ᠠᠰᠢᠭ ᠢ ᠨᠡᠩ ᠴᠢᠬᠤᠯᠠ | ᠪᠠᠶᠢᠷᠢᠨ ᠳᠤ ᠲᠠᠯᠪᠢᠵᠤ᠂ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠨᠡᠶᠢᠭᠡᠮ ᠤᠨ | ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠢ ᠰᠤᠳᠤᠯᠤᠨ ᠬᠥᠭᠵᠢᠭᠦᠯᠵᠦ᠂ | ᠦᠢᠯᠡᠳᠪᠦᠷᠢᠯᠡᠬᠦ ᠴᠢᠳᠠᠪᠤᠷᠢ ᠶᠢ ᠨᠦᠬᠡᠴᠡᠯᠡᠨ᠂ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠶᠢ | ᠲᠡᠭᠦᠯᠳᠡᠷᠵᠢᠭᠦᠯᠵᠦ᠂ ᠠᠵᠤ ᠠᠬᠤᠢ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠤᠨ ᠬᠠᠷᠢᠯᠴᠠᠨ | ᠨᠢᠭᠡᠳᠬᠦ ᠶᠢ ᠪᠡᠶᠡᠯᠡᠭᠦᠯᠬᠦ ᠬᠡᠷᠡᠭᠲᠡᠢ᠃ | ︵ᠵᠢᠷᠭᠤᠭ᠎ᠠ︶ ᠬᠥᠭᠵᠢᠭᠦᠯᠬᠦ ᠬᠠᠷᠠᠯᠲᠠ᠃ 2020 ᠣᠨ ᠪᠣᠯᠲᠠᠯ᠎ᠠ ᠪᠠᠴᠢᠮ ᠪᠠᠶᠢᠳᠠᠯ ᠢ ᠠᠷᠭᠠᠴᠠᠬᠤ ᠠᠵᠤ | ᠦᠢᠯᠡᠰ ᠤᠨ ᠬᠡᠪᠴᠢᠶᠡᠵᠢᠯ ᠢ ᠮᠡᠳᠡᠭᠳᠡᠬᠦ᠋ᠢᠴᠡ ᠦᠷᠭᠡᠳᠭᠡᠵᠦ᠂ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ | ᠰᠢᠰᠲ᠋ᠧᠮᠵᠢ ᠶᠢ ᠦᠨᠳᠦᠰᠦᠨ ᠳᠡᠭᠡᠨ ᠪᠣᠢ ᠪᠣᠯᠭᠠᠨ᠎ᠠ︔ ᠪᠡᠶ᠎ᠡ ᠪᠠᠨ ᠳᠠᠭᠠᠭ᠋ᠠᠵᠤ ᠰᠢᠨ᠎ᠡ ᠶᠢ ᠡᠭᠦᠳᠬᠦ ᠴᠢᠳᠠᠪᠤᠷᠢ ᠶᠢ | ᠤᠯᠠᠮ ᠨᠢᠭᠡ ᠠᠯᠬᠤᠮ ᠨᠡᠮᠡᠭᠳᠡᠭᠦᠯᠵᠦ᠂ ᠨᠢᠭᠡ ᠪᠦᠯᠦᠭ ᠵᠠᠩᠬᠢᠯᠠᠭ᠎ᠠ ᠶᠢᠨ ᠮᠡᠷᠭᠡᠵᠢᠯ ᠪᠣᠯᠣᠨ ᠲᠤᠨᠤᠭ | ᠲᠥᠭᠦᠭᠡᠷᠦᠮᠵᠢ ᠶᠢᠨ ᠰᠤᠳᠤᠯᠤᠨ ᠬᠥᠭᠵᠢᠭᠦᠯᠵᠦ ᠦᠢᠯᠡᠳᠬᠦ ᠴᠢᠳᠠᠪᠤᠷᠢ ᠶᠢ ᠳᠡᠯᠡᠬᠡᠢ ᠶᠢᠨ ᠲᠡᠷᠢᠭᠦᠨ ᠤ ᠬᠢᠷᠢ | ᠬᠡᠮᠵᠢᠶ᠎ᠡ ᠳᠤ ᠬᠦᠷᠦᠭᠦᠯᠦᠨ᠂ ᠪᠡᠶ᠎ᠡ ᠪᠠᠨ ᠳᠠᠭᠠᠭ᠋ᠠᠵᠤ ᠰᠤᠳᠤᠯᠤᠨ ᠬᠥᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠬᠤ | ᠨᠢᠭᠡ ᠪᠦᠯᠦᠭ ᠴᠢᠬᠤᠯᠠ ᠶᠡᠭᠡ ᠲᠣᠨᠤᠭ ᠲᠥᠭᠦᠭᠡᠷᠦᠮᠵᠢ ᠶᠢ ᠠᠰᠢᠭᠯᠠᠯᠲᠠ ᠳᠤ ᠣᠷᠤᠭᠤᠯᠤᠨ᠎ᠠ︔ ᠳᠡᠯᠡᠬᠡᠢ ᠶᠢᠨ | ᠦᠷᠢᠰᠦᠯᠳᠦᠬᠦ ᠬᠦᠴᠦᠨ ᠲᠠᠢ ᠲᠣᠮᠣ ᠬᠡᠯᠪᠡᠷᠢ ᠶᠢᠨ ᠠᠵᠤ ᠠᠬᠤᠶᠢᠯᠠᠯ ᠤᠳ ᠢ ᠪᠣᠢ ᠪᠣᠯᠭ᠋ᠠᠵᠤ᠂ ᠪᠠᠴᠢᠮ ᠪᠠᠶᠢᠳᠠᠯ ᠢ | ᠠᠷᠭᠠᠴᠠᠬᠤ ᠣᠨᠴᠠᠯᠢᠭ ᠢᠶᠠᠷ ᠢᠯᠡᠳᠲᠡ ᠨᠢᠭᠡ ᠪᠦᠯᠦᠭ ᠳᠤᠮᠳᠠ ᠵᠢᠵᠢᠭ ᠪᠢᠴᠢᠯ ᠠᠵᠤ ᠠᠬᠤᠶᠢᠯᠠᠯ ᠢ | ᠬᠥᠭᠵᠢᠭᠦᠯᠦᠨ᠎ᠡ︔ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ | ᠦᠢᠯᠡᠰ ᠤᠨ ᠬᠥᠭᠵᠢᠯᠲᠡ ᠳᠤ ᠠᠰᠢᠭᠲᠠᠢ ᠰᠢᠨ᠎ᠡ ᠶᠢ ᠡᠭᠦᠳᠬᠦ ᠲᠣᠭᠲᠠᠴᠠ ᠶᠢ ᠪᠣᠢ ᠪᠣᠯᠭ᠋ᠠᠵᠤ᠂ ᠭᠡᠨᠡᠳᠲᠡ ᠶᠢᠨ | ᠬᠡᠷᠡᠭ ᠢ ᠰᠡᠷᠭᠡᠶᠢᠯᠡᠨ ᠰᠢᠢᠳᠪᠦᠷᠢᠯᠡᠬᠦ ᠳᠤ ᠬᠦᠴᠦᠲᠦ ᠲᠤᠯᠭᠠᠭᠤᠷᠢᠯᠠᠯ ᠬᠠᠩᠭᠠᠬᠤ ᠶᠢᠨ ᠬᠠᠮᠲᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠬᠦᠳᠡᠯᠭᠡᠭᠴᠢ ᠬᠦᠴᠦᠨ ᠪᠣᠯᠭᠠᠬᠤ ᠬᠡᠷᠡᠭᠲᠡᠢ᠃ | ᠭᠤᠷᠪᠠ᠂ ᠭᠤᠣᠯᠳᠠᠯᠭᠠᠲᠤ ᠴᠢᠭᠯᠡᠯ | ︵ᠳᠤᠯᠤᠭ᠎ᠠ︶ ᠬᠢᠨᠠᠨ ᠰᠢᠨᠵᠢᠵᠦ ᠰᠡᠷᠡᠮᠵᠢᠯᠡᠭᠦᠯᠬᠦ᠃ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠬᠢᠨᠠᠨ | ᠰᠢᠨᠵᠢᠵᠦ ᠰᠡᠷᠡᠮᠵᠢᠯᠡᠭᠦᠯᠬᠦ ᠴᠠᠭ ᠲᠣᠬᠠᠶᠢᠲᠤ ᠴᠢᠨᠠᠷ ᠪᠣᠯᠣᠨ ᠣᠨᠣᠪᠴᠢᠲᠦ ᠴᠢᠨᠠᠷ ᠢ ᠳᠡᠭᠡᠭᠰᠢᠯᠡᠭᠦᠯᠬᠦ ᠶᠢᠨ | ᠲᠣᠭᠤᠷᠢᠨ ᠳᠤ ᠬᠢᠨᠠᠨ ᠰᠢᠨᠵᠢᠵᠦ ᠰᠡᠷᠡᠮᠵᠢᠯᠡᠭᠦᠯᠬᠦ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠢ | ᠭᠤᠣᠯᠳᠠᠯᠭ᠎ᠠ ᠲᠠᠢ ᠬᠥᠭᠵᠢᠭᠦᠯᠬᠦ ᠬᠡᠷᠡᠭᠲᠡᠢ᠃ ᠪᠠᠶᠢᠭᠠᠯᠢ ᠶᠢᠨ ᠭᠠᠢ ᠭᠠᠮᠰᠢᠭ ᠤᠨ ᠲᠠᠯ᠎ᠠ ᠪᠠᠷ᠂ ᠭᠠᠵᠠᠷ ᠬᠦᠳᠡᠯᠦᠯᠳᠡ | ᠂ ᠴᠠᠭ ᠠᠭᠤᠷ ᠤᠨ ᠭᠠᠮᠰᠢᠭ᠂ ᠭᠠᠵᠠᠷ ᠬᠦᠷᠦᠰᠦᠨ ᠤ ᠭᠠᠮᠰᠢᠭ᠂ ᠦᠶᠡᠷ ᠭᠠᠩ ᠤᠨ ᠭᠠᠮᠰᠢᠭ᠂ ᠡᠪᠡᠳᠴᠢᠨ | ᠬᠤᠷᠤᠬᠠᠢ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠦᠨᠦᠭᠡᠯ᠂ ᠳᠠᠯᠠᠢ ᠶᠢᠨ ᠭᠠᠮᠰᠢᠭ᠂ ᠣᠢ ᠰᠢᠭᠤᠢ ᠨᠤᠲᠤᠭ | ᠪᠡᠯᠴᠢᠭᠡᠷ ᠤᠨ ᠭᠠᠯ ᠤᠨ ᠭᠠᠮᠰᠢᠭ ᠵᠡᠷᠭᠡ ᠶᠢᠨ ᠬᠢᠨᠠᠨ ᠰᠢᠨᠵᠢᠵᠦ ᠰᠡᠷᠡᠮᠵᠢᠯᠡᠭᠦᠯᠬᠦ ᠲᠥᠭᠦᠭᠡᠷᠦᠮᠵᠢ ᠶᠢ ᠬᠥᠭᠵᠢᠭᠦᠯᠦᠨ᠎ᠡ | ︔ ᠠᠳᠡᠯ ᠭᠠᠮᠰᠢᠭ ᠤᠨ ᠲᠠᠯ᠎ᠠ ᠪᠠᠷ᠂ ᠠᠭᠤᠷᠬᠠᠢ ᠶᠢᠨ ᠠᠮᠦᠷ ᠲᠥᠪᠰᠢᠨ᠂ ᠠᠶᠤᠯᠲᠠᠢ ᠬᠢᠮᠢ ᠶᠢᠨ ᠵᠦᠢᠯᠡᠰ ᠤᠨ ᠠᠮᠦᠷ | ᠲᠥᠪᠰᠢᠨ᠂ ᠣᠨᠴᠤᠭᠤᠢ ᠵᠦᠢᠯ ᠤᠨ ᠲᠥᠭᠦᠭᠡᠷᠦᠮᠵᠢ ᠶᠢᠨ ᠠᠮᠦᠷ ᠲᠥᠪᠰᠢᠨ᠂ ᠵᠠᠮ ᠬᠠᠷᠢᠯᠴᠠᠭ᠎ᠠ ᠶᠢᠨ ᠠᠮᠦᠷ | ᠲᠥᠪᠰᠢᠨ᠂ ᠳᠠᠯᠠᠢ ᠶᠢᠨ ᠣᠷᠴᠢᠨ ᠲᠣᠭᠤᠷᠢᠨ ᠤ ᠪᠣᠬᠢᠷᠳᠤᠯ᠂ ᠬᠦᠨᠳᠦ ᠪᠣᠬᠢᠷᠳᠤᠯ ᠲᠠᠢ ᠴᠠᠭ ᠠᠭᠠᠷ᠂ ᠬᠤᠣᠷ | ᠬᠦᠨᠦᠭᠡᠯ ᠲᠠᠢ ᠬᠡᠢ ᠪᠡᠶᠡᠲᠦ ᠶᠢᠨ ᠯᠡᠪᠡᠷᠡᠯᠲᠠ ᠵᠡᠷᠭᠡ ᠶᠢᠨ ᠬᠢᠨᠠᠨ ᠰᠢᠨᠵᠢᠵᠦ ᠰᠡᠷᠡᠮᠵᠢᠯᠡᠭᠦᠯᠬᠦ ᠲᠥᠭᠦᠭᠡᠷᠦᠮᠵᠢ ᠶᠢ | ᠬᠥᠭᠵᠢᠭᠦᠯᠦᠨ᠎ᠡ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯ᠎ᠠ ᠪᠠᠷ᠂ ᠲᠠᠷᠢᠶᠠᠯᠠᠩ ᠤᠨ ᠪᠦᠲᠦᠭᠡᠭᠳᠡᠭᠦᠨ ᠤ | ᠶᠠᠰᠤ ᠴᠢᠨᠠᠷ ᠤᠨ ᠠᠮᠤᠷ ᠲᠥᠪᠰᠢᠨ᠂ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ᠂ ᠦᠢᠯᠡᠳᠪᠦᠷᠢᠯᠡᠯ | ᠠᠮᠢᠳᠤᠷᠠᠯ ᠳᠤ ᠬᠡᠷᠡᠭᠯᠡᠬᠦ ᠤᠰᠤᠨ ᠤ ᠠᠮᠤᠷ ᠲᠥᠪᠰᠢᠨ ᠵᠡᠷᠭᠡ ᠶᠢᠨ ᠪᠠᠴᠢᠮ ᠪᠠᠶᠢᠳᠠᠯ ᠢ ᠠᠷᠭᠠᠴᠠᠵᠤ ᠬᠢᠨᠠᠨ ᠰᠢᠨᠵᠢᠬᠦ | ᠲᠤᠨᠤᠭ ᠲᠥᠭᠦᠭᠡᠷᠦᠮᠵᠢ᠂ ᠲᠠᠬᠤᠯ ᠡᠪᠡᠳᠴᠢᠨ ᠢ ᠬᠢᠨᠠᠨ ᠰᠢᠨᠵᠢᠬᠦ᠂ ᠣᠨᠣᠰᠢᠯᠠᠵᠤ ᠲᠤᠷᠰᠢᠬᠤ ᠡᠮ ᠪᠣᠯᠣᠨ ᠲᠣᠨᠤᠭ | ᠲᠥᠭᠦᠭᠡᠷᠦᠮᠵᠢ ᠶᠢ ᠬᠥᠭᠵᠢᠭᠦᠯᠦᠨ᠎ᠡ︔ ᠨᠡᠶᠢᠭᠡᠮ ᠤᠨ ᠠᠮᠦᠷ ᠲᠥᠪᠰᠢᠨ ᠤ ᠲᠠᠯ᠎ᠠ ᠪᠠᠷ᠂ ᠬᠤᠲᠠ ᠶᠢᠨ ᠠᠮᠦᠷ | ᠲᠥᠪᠰᠢᠨ᠂ ᠰᠦᠯᠵᠢᠶ᠎ᠡ ᠪᠣᠯᠣᠨ ᠮᠡᠳᠡᠭᠡ ᠵᠠᠩᠭᠢ ᠶᠢᠨ ᠰᠢᠰᠲ᠋ᠧᠮ ᠤᠨ ᠠᠮᠦᠷ ᠲᠥᠪᠰᠢᠨ ᠵᠡᠷᠭᠡ ᠶᠢᠨ ᠬᠢᠨᠠᠨ | ᠰᠢᠨᠵᠢᠵᠦ ᠰᠡᠷᠡᠮᠵᠢᠯᠡᠭᠦᠯᠬᠦ ᠦᠢᠯᠡᠳᠭᠦᠨ ᠢ ᠬᠥᠭᠵᠢᠭᠦᠯᠦᠨ᠎ᠡ᠃ ᠡᠭᠦᠨ ᠤ ᠬᠠᠮᠲᠤ᠂ ᠭᠡᠨᠡᠳᠲᠡ ᠶᠢᠨ ᠬᠡᠷᠡᠭ ᠢ | ᠰᠡᠷᠡᠮᠵᠢᠯᠡᠭᠦᠯᠦᠨ ᠨᠡᠶᠢᠲᠡᠯᠡᠬᠦ ᠰᠢᠰᠲ᠋ᠧᠮ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ | ᠵᠢᠴᠢ ᠲᠥᠭᠦᠭᠡᠷᠦᠮᠵᠢ ᠵᠡᠷᠭᠡ ᠶᠢ ᠬᠥᠭᠵᠢᠭᠦᠯᠦᠨ᠎ᠡ᠃ | ︵ᠨᠠᠢᠮᠠ︶ ᠰᠡᠷᠭᠡᠶᠢᠯᠡᠨ ᠬᠠᠮᠠᠭᠠᠯᠠᠬᠤ᠃ ᠪᠤᠳᠠᠭᠠᠯᠢ ᠪᠡᠶ᠎ᠡ ᠪᠠ ᠴᠢᠬᠤᠯᠠ ᠪᠡᠯᠡᠳᠭᠡᠮᠵᠢ ᠶᠢᠨ ᠬᠠᠮᠠᠭᠠᠯᠠᠬᠤ | ᠠᠶᠤᠯ ᠦᠭᠡᠢ ᠴᠢᠨᠠᠷ ᠪᠣᠯᠣᠨ ᠨᠠᠶᠢᠳᠠᠪᠤᠷᠢᠲᠦ ᠴᠢᠨᠠᠷ ᠢ ᠳᠡᠭᠡᠭᠰᠢᠯᠡᠭᠦᠯᠬᠦ ᠶᠢᠨ ᠲᠤᠭᠤᠷᠢᠨ ᠳᠤ ᠰᠡᠷᠭᠡᠶᠢᠯᠡᠨ | ᠬᠠᠮᠠᠭᠠᠯᠠᠬᠤ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠢ ᠭᠤᠣᠯᠳᠠᠯᠭ᠎ᠠ ᠲᠠᠢ ᠬᠥᠭᠵᠢᠭᠦᠯᠦᠨ᠎ᠡ᠃ | ᠪᠤᠳᠠᠭᠠᠯᠢ ᠪᠡᠶ᠎ᠡ ᠶᠢᠨ ᠬᠠᠮᠠᠭᠠᠯᠠᠯᠲᠠ ᠶᠢᠨ ᠲᠠᠯ᠎ᠠ ᠪᠠᠷ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠠᠵᠢᠯᠲᠠᠨ ᠢ ᠬᠠᠮᠠᠭᠠᠯᠠᠬᠤ᠂ ᠠᠭᠤᠷᠬᠠᠢ ᠪᠣᠯᠣᠨ ᠠᠶᠤᠯᠲᠠᠢ ᠬᠢᠮᠢ ᠶᠢᠨ ᠵᠦᠢᠯᠡᠰ ᠤᠨ ᠠᠶᠤᠯ ᠠᠴᠠ ᠠᠮᠦᠷ | ᠲᠥᠪᠰᠢᠨ ᠢᠶᠠᠷ ᠵᠠᠶᠢᠯᠠᠬᠤ᠂ ᠣᠨᠴᠤᠭᠤᠢ ᠠᠵᠢᠯ ᠤᠨ ᠲᠦᠷᠦᠯ ᠢ ᠰᠡᠷᠭᠡᠶᠢᠯᠡᠨ ᠬᠠᠮᠠᠭᠠᠯᠠᠬᠤ᠂ ᠭᠡᠷ ᠤᠨ ᠬᠡᠷᠡᠭᠰᠡᠯ ᠤᠨ | ᠪᠠᠴᠢᠮ ᠪᠠᠶᠢᠳᠠᠯ ᠢ ᠠᠷᠭᠠᠴᠠᠵᠤ ᠬᠠᠮᠠᠭᠠᠯᠠᠬᠤ ᠵᠡᠷᠭᠡ ᠦᠢᠯᠡᠳᠭᠦᠨ ᠢ ᠬᠥᠭᠵᠢᠭᠦᠯᠦᠨ᠎ᠡ︔ ᠲᠥᠭᠦᠭᠡᠷᠦᠮᠵᠢ | ᠪᠡᠯᠡᠳᠭᠡᠮᠵᠢ ᠶᠢᠨ ᠬᠠᠮᠠᠭᠠᠯᠠᠯᠲᠠ ᠶᠢᠨ ᠲᠠᠯ᠎ᠠ ᠪᠠᠷ᠂ ᠨᠡᠶᠢᠭᠡᠮ ᠤᠨ ᠣᠯᠠᠨ ᠨᠡᠶᠢᠲᠡ ᠶᠢᠨ ᠠᠮᠦᠷ ᠲᠥᠪᠰᠢᠨ ᠢ | ᠬᠠᠮᠠᠭᠠᠯᠠᠬᠤ᠂ ᠴᠢᠬᠤᠯᠠ ᠰᠠᠭᠤᠷᠢ ᠪᠡᠯᠡᠳᠭᠡᠮᠵᠢ ᠶᠢᠨ ᠠᠮᠦᠷ ᠲᠥᠪᠰᠢᠨ ᠢ ᠬᠠᠮᠠᠭᠠᠯᠠᠬᠤ᠂ ᠴᠢᠬᠤᠯᠠ ᠠᠮᠢ ᠠᠬᠤᠢ ᠶᠢᠨ | ᠣᠷᠴᠢᠨ ᠲᠣᠭᠤᠷᠢᠨ ᠤ ᠠᠮᠦᠷ ᠲᠥᠪᠰᠢᠨ ᠢ ᠬᠠᠮᠠᠭᠠᠯᠠᠬᠤ ᠵᠡᠷᠭᠡ ᠲᠥᠭᠦᠭᠡᠷᠦᠮᠵᠢ ᠶᠢ ᠬᠥᠭᠵᠢᠭᠦᠯᠦᠨ᠎ᠡ᠃ | ︵ᠶᠢᠰᠦ︶ ᠰᠢᠢᠳᠪᠦᠷᠢᠯᠡᠵᠦ ᠠᠪᠤᠷᠠᠨ ᠲᠤᠰᠠᠯᠠᠬᠠᠤ᠃ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠦᠨᠳᠦᠷ | ᠪᠦᠲᠦᠮᠵᠢᠲᠦ ᠴᠢᠨᠠᠷ ᠪᠣᠯᠣᠨ ᠲᠤᠰᠬᠠᠢ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ ᠰᠢᠢᠳᠪᠦᠷᠢᠯᠡᠵᠦ ᠠᠪᠤᠷᠠᠨ | ᠲᠤᠰᠠᠯᠠᠬᠤ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠢ ᠭᠤᠣᠯᠳᠠᠯᠭ᠎ᠠ ᠲᠠᠢ ᠬᠥᠭᠵᠢᠭᠦᠯᠦᠨ᠎ᠡ᠃ | ᠲᠣᠬᠠᠢ ᠶᠢᠨ ᠲᠠᠯᠠᠪᠣᠷ ᠤᠨ ᠪᠠᠲᠤᠯᠠᠭ᠎ᠠ ᠶᠢᠨ ᠲᠠᠯ᠎ᠠ ᠪᠠᠷ᠂ ᠭᠡᠨᠡᠳᠲᠡ ᠶᠢᠨ ᠬᠡᠷᠡᠭ ᠤᠨ ᠲᠣᠬᠠᠢ ᠶᠢᠨ ᠲᠠᠯᠠᠪᠤᠷ ᠤᠨ | ᠮᠡᠳᠡᠭᠡ ᠵᠠᠩᠭᠢ ᠶᠢ ᠥᠳᠲᠡᠷ ᠲᠥᠷᠭᠡᠨ ᠡᠵᠡᠮᠰᠢᠬᠦ᠂ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠤᠭ᠎ᠠ᠂ ᠪᠠᠴᠢᠮ | ᠪᠠᠶᠢᠳᠠᠯ ᠢ ᠠᠷᠭᠠᠴᠠᠬᠤ ᠵᠢᠯᠤᠭᠤᠳᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠤ ᠢᠷᠡᠯᠲᠡ᠂ ᠪᠠᠴᠢᠮ | ᠪᠠᠶᠢᠳᠠᠯ ᠢ ᠠᠷᠭᠠᠴᠠᠬᠤ ᠠᠷᠤ ᠲᠠᠯ᠎ᠠ ᠶᠢᠨ ᠠᠵᠢᠯ ᠢ ᠪᠠᠲᠤᠯᠠᠬᠤ ᠵᠡᠷᠭᠡ ᠦᠢᠯᠡᠳᠭᠦᠨ ᠢ ᠬᠥᠭᠵᠢᠭᠦᠯᠦᠨ᠎ᠡ︔ ᠠᠮᠢ | ᠨᠠᠰᠤᠨ ᠤ ᠠᠪᠤᠷᠠᠯᠲᠠ ᠶᠢᠨ ᠲᠠᠯ᠎ᠠ ᠪᠠᠷ᠂ ᠠᠮᠢ ᠨᠠᠰᠤᠨ ᠤ ᠪᠠᠶᠢᠳᠠᠯ ᠢ ᠬᠠᠶᠢᠬᠤ ᠪᠠ ᠠᠪᠤᠷᠠᠬᠤ᠂ ᠡᠮᠴᠢᠯᠡᠭᠡᠨ ᠤ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠵᠤ | ᠪᠠᠲᠤᠯᠠᠬᠤ ᠵᠡᠷᠭᠡ ᠦᠢᠯᠡᠳᠭᠦᠨ ᠢ ᠬᠥᠭᠵᠢᠭᠦᠯᠦᠨ᠎ᠡ︔ ᠠᠶᠤᠯ ᠠᠴᠠ ᠠᠪᠤᠷᠠᠨ ᠲᠤᠰᠠᠯᠠᠬᠤ ᠲᠠᠯ᠎ᠠ ᠪᠠᠷ᠂ ᠭᠠᠯ | ᠤᠨᠲᠠᠷᠠᠭᠠᠬᠤ᠂ ᠪᠠᠷᠢᠯᠭ᠎ᠠ ᠶᠢᠨ ᠲᠣᠪᠷᠠᠭ ᠠᠴᠠ ᠠᠪᠤᠷᠠᠨ ᠲᠤᠰᠠᠯᠠᠬᠤ᠂ ᠠᠭᠤᠷᠬᠠᠢ ᠶᠢᠨ ᠠᠳᠡᠯ ᠠᠴᠠ ᠠᠪᠤᠷᠠᠨ | ᠲᠤᠰᠠᠯᠠᠬᠤ᠂ ᠠᠶᠤᠯᠲᠠᠢ ᠬᠢᠮᠢ ᠶᠢᠨ ᠵᠦᠢᠯᠡᠰ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ᠂ ᠪᠠᠷᠢᠯᠭ᠎ᠠ ᠶᠢᠨ | ᠠᠳᠡᠯ ᠠᠴᠠ ᠠᠪᠤᠷᠠᠬᠤ᠂ ᠳᠠᠯᠠᠢ ᠳᠡᠭᠡᠷ᠎ᠡ ᠲᠤᠰᠤ ᠭᠤᠭᠤᠵᠢᠭᠰᠠᠨ ᠪᠠᠴᠢᠮ ᠪᠠᠶᠢᠳᠠᠯ ᠢ ᠠᠷᠭᠠᠴᠠᠬᠤ᠂ ᠵᠠᠮ | ᠬᠠᠷᠢᠯᠴᠠᠭ᠎ᠠ ᠶᠢᠨ ᠪᠠᠴᠢᠮ ᠪᠠᠶᠢᠳᠠᠯ ᠢ ᠠᠷᠭᠠᠴᠠᠵᠤ ᠲᠥᠷᠭᠡᠨ ᠨᠡᠪᠲᠡᠷᠡᠭᠦᠯᠬᠦ᠂ ᠠᠭᠠᠷ ᠠᠶᠠᠯᠠᠯ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠤᠰᠤᠨ ᠳᠡᠭᠡᠷᠡᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ᠂ ᠴᠦᠮ᠎ᠡ ᠶᠢᠨ ᠠᠳᠡᠯ ᠢ ᠰᠢᠢᠳᠪᠦᠷᠢᠯᠡᠬᠦ᠂ ᠣᠨᠴᠤᠭᠤᠢ ᠵᠦᠢᠯ ᠤᠨ ᠲᠥᠭᠦᠭᠡᠷᠦᠮᠵᠢ ᠶᠢᠨ ᠠᠳᠡᠯ ᠠᠴᠠ | ᠠᠪᠤᠷᠠᠨ ᠲᠤᠰᠠᠯᠠᠬᠤ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ᠂ ᠬᠢᠵᠢᠭ ᠤᠨ ᠪᠠᠶᠢᠳᠠᠯ ᠬᠢᠵᠢᠭ ᠡᠪᠡᠳᠴᠢᠨ ᠢ ᠪᠠᠶᠢᠴᠠᠭᠠᠨ ᠰᠢᠢᠳᠪᠦᠷᠢᠯᠡᠬᠦ᠂ ᠰᠦᠷᠳᠡᠭᠦᠯᠬᠦ | ᠠᠵᠢᠯᠯᠠᠭ᠎ᠠ ᠶᠢ ᠡᠰᠡᠷᠭᠦᠴᠡᠬᠦ ᠪᠠ ᠳᠡᠯᠪᠡᠷᠡᠯᠲᠡ ᠶᠢ ᠰᠡᠷᠭᠡᠶᠢᠯᠡᠨ ᠰᠢᠢᠳᠪᠦᠷᠢᠯᠡᠬᠦ ᠵᠡᠷᠭᠡ ᠦᠢᠯᠡᠳᠭᠦᠨ ᠢ | ᠬᠥᠭᠵᠢᠭᠦᠯᠦᠨ᠎ᠡ᠃ | ︵ᠠᠷᠪᠠ︶ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ᠃ ᠭᠡᠨᠡᠳᠲᠡ ᠶᠢᠨ ᠬᠡᠷᠡᠭ ᠢ ᠰᠡᠷᠭᠡᠶᠢᠯᠡᠨ | ᠰᠢᠢᠳᠪᠦᠷᠢᠯᠡᠬᠦ ᠨᠡᠶᠢᠭᠡᠮᠴᠢᠯᠡᠭᠰᠡᠨ ᠦᠢᠯᠡᠴᠢᠯᠡᠭᠡ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠬᠦ ᠶᠢᠨ ᠲᠣᠭᠤᠷᠢᠨ ᠳᠤ | ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠰᠢᠨ᠎ᠡ ᠶᠢ ᠡᠭᠦᠳᠦᠨ᠎ᠡ᠃ | ᠬᠡᠷᠡᠭ ᠣᠴᠢᠷ ᠡᠭᠦᠰᠬᠦ ᠠᠴᠠ ᠡᠮᠦᠨ᠎ᠡ ᠰᠡᠷᠭᠡᠶᠢᠯᠡᠬᠦ ᠲᠠᠯ᠎ᠠ ᠪᠠᠷ᠂ ᠲᠥᠭᠰᠢᠭᠦᠷᠢ ᠶᠢᠨ ᠦᠨᠡᠯᠡᠯᠲᠡ ᠵᠢᠱᠢᠯᠲᠡ᠂ | ᠳᠠᠯᠳᠠ ᠠᠶᠤᠯ ᠤᠨ ᠵᠢᠭᠰᠠᠭᠠᠨ ᠪᠠᠶᠢᠴᠠᠭᠠᠯᠲᠠ᠂ ᠭᠠᠯ ᠤᠨᠲᠠᠷᠠᠭᠠᠬᠤ ᠠᠮᠦᠷ ᠲᠥᠪᠰᠢᠨ᠂ ᠠᠮᠦᠷ ᠲᠥᠪᠰᠢᠨ ᠤ | ᠰᠡᠷᠭᠡᠶᠢᠯᠡᠯᠲᠡ ᠶᠢᠨ ᠪᠠᠷᠢᠯᠭ᠎ᠠ᠂ ᠪᠠᠴᠢᠮ ᠪᠠᠶᠢᠳᠠᠯ ᠢ ᠠᠷᠭᠠᠴᠠᠵᠤ ᠬᠠᠮᠢᠶᠠᠷᠬᠤ ᠵᠠᠬ᠎ᠠ ᠳᠡᠯᠭᠡᠭᠦᠷ ᠤᠨ ᠯᠠᠪᠯᠠᠯᠭ᠎ᠠ ᠵᠡᠷᠭᠡ | ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠶᠢ ᠬᠥᠭᠵᠢᠭᠦᠯᠦᠨ᠎ᠡ︔ ᠨᠡᠶᠢᠭᠡᠮᠴᠢᠯᠡᠭᠰᠡᠨ ᠠᠪᠤᠷᠠᠨ ᠲᠤᠰᠠᠯᠠᠬᠤ | ᠲᠠᠯ᠎ᠠ ᠪᠠᠷ᠂ ᠪᠠᠴᠢᠮ ᠡᠮᠴᠢᠯᠡᠨ ᠠᠪᠤᠷᠠᠬᠤ᠂ ᠵᠠᠮ ᠬᠠᠷᠢᠯᠴᠠᠭ᠎ᠠ ᠶᠢᠨ ᠠᠳᠡᠯ ᠠᠴᠠ ᠠᠪᠤᠷᠠᠵᠤ ᠲᠤᠰᠠᠯᠠᠬᠤ᠂ ᠪᠠᠴᠢᠮ | ᠪᠠᠶᠢᠳᠠᠯ ᠢ ᠠᠷᠭᠠᠴᠠᠬᠤ ᠪᠠᠷᠠᠭᠠᠨ ᠤ ᠭᠦᠢᠯᠭᠡᠭᠡ ᠬᠢᠬᠦ᠂ ᠪᠠᠷᠢᠯᠭ᠎ᠠ ᠶᠢᠨ ᠠᠳᠡᠯ ᠠᠴᠠ ᠠᠪᠤᠷᠠᠬᠤ᠂ ᠠᠶᠤᠯ ᠦᠭᠡᠢ | ᠦᠢᠯᠡᠳᠪᠦᠷᠢᠯᠡᠬᠦ᠂ ᠠᠭᠠᠷ ᠠᠶᠠᠯᠠᠯ ᠤᠨ ᠠᠪᠤᠷᠠᠨ ᠲᠤᠰᠠᠯᠠᠬᠤ᠂ ᠳᠠᠯᠠᠢ ᠲᠠᠩᠭᠢᠰ ᠤᠨ ᠠᠮᠢ ᠠᠬᠤᠢ ᠶᠢᠨ | ᠬᠤᠬᠢᠷᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠰᠦᠯᠵᠢᠶ᠎ᠡ ᠬᠢᠭᠡᠳ ᠮᠡᠳᠡᠭᠡ ᠵᠠᠩᠭᠢ ᠶᠢᠨ ᠠᠮᠤᠷ | ᠲᠥᠪᠰᠢᠨ ᠵᠡᠷᠭᠡ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠶᠢ ᠬᠥᠭᠵᠢᠭᠦᠯᠦᠨ᠎ᠡ︔ ᠪᠤᠰᠤᠳ ᠪᠠᠴᠢᠮ | ᠪᠠᠶᠢᠳᠠᠯ ᠢ ᠠᠷᠭᠠᠴᠠᠬᠤ ᠦᠢᠯᠡᠴᠢᠯᠡᠭᠡ ᠶᠢᠨ ᠲᠠᠯ᠎ᠠ ᠪᠠᠷ᠂ ᠭᠠᠮᠰᠢᠭ ᠤᠨ ᠳᠠᠭᠠᠳᠬᠠᠯ᠂ ᠪᠸᠢᠢᠳ᠋ᠸᠤ ᠳᠠᠭᠠᠭᠤᠯᠢ | ᠤᠳᠤᠨ ᠤ ᠵᠠᠮᠴᠢᠯᠠᠭᠤᠷ ᠤᠨ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠵᠡᠷᠭᠡ ᠶᠢ ᠬᠥᠭᠵᠢᠭᠦᠯᠬᠦ ᠬᠡᠷᠡᠭᠲᠡᠢ᠃ | ᠳᠥᠷᠪᠡ᠂ ᠭᠤᠣᠯ ᠡᠭᠦᠷᠭᠡ | ︵ᠠᠷᠪᠠᠨ ᠨᠢᠭᠡ︶ ᠵᠠᠩᠬᠢᠯᠠᠭ᠎ᠠ ᠶᠢᠨ ᠮᠡᠷᠭᠡᠵᠢᠯ ᠪᠠ ᠲᠣᠨᠤᠭ ᠲᠥᠭᠦᠭᠡᠷᠦᠮᠵᠢ ᠶᠢ ᠰᠤᠳᠤᠯᠤᠨ ᠨᠡᠭᠡᠭᠡᠬᠦ ᠶᠢ | ᠲᠥᠷᠭᠡᠳᠭᠡᠬᠦ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠯᠡᠭᠡ ︵ᠲᠤᠰᠬᠠᠢ ᠵᠦᠢᠯ᠂ | ᠰᠠᠭᠤᠷᠢ ᠮᠦᠩᠭᠦ ᠵᠡᠷᠭᠡ︶ ᠪᠠᠷ ᠳᠠᠮᠵᠢᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠠᠮᠢᠶ᠎ᠠ ᠪᠦᠬᠦᠢ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠤ ᠳᠡᠮᠵᠢᠯᠭᠡ ᠦᠵᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠵᠤ | ᠦᠢᠯᠡᠰ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠥᠭᠵᠢᠯᠲᠡ ᠶᠢ | ᠲᠤᠯᠭᠠᠭᠤᠷᠢᠯᠠᠬᠤ ᠨᠢᠭᠡ ᠪᠦᠯᠦᠭ ᠵᠠᠩᠬᠢᠯᠠᠭ᠎ᠠ ᠶᠢᠨ ᠪᠦᠭᠡᠳ ᠨᠡᠶᠢᠲᠡᠯᠢᠭ ᠴᠢᠨᠠᠷᠲᠠᠢ ᠭᠤᠣᠯᠯᠠᠬᠤ ᠮᠡᠷᠭᠡᠵᠢᠯ ᠳᠤ | ᠬᠦᠴᠦᠨ ᠢᠶᠠᠨ ᠲᠦᠪᠯᠡᠷᠡᠭᠦᠯᠦᠨ ᠰᠢᠪᠲᠤᠯᠤᠯᠲᠠ ᠬᠢᠬᠦ ᠬᠡᠷᠡᠭᠲᠡᠢ᠃ ᠠᠵᠤ ᠠᠬᠤᠶᠢᠯᠠᠯ ᠤᠨ ᠬᠢᠨ ᠤ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠯᠤᠭ᠎ᠠ ᠬᠠᠮᠲᠤᠷᠠᠯᠴᠠᠨ ᠦᠢᠯᠡᠳᠪᠦᠷᠢᠯᠡᠯ | ᠵᠢᠭᠠᠨ ᠰᠤᠷᠭᠠᠯᠲᠠ ᠰᠤᠳᠤᠯᠭᠠᠨ ᠬᠠᠮᠵᠢᠯᠴᠠᠭᠰᠠᠨ ᠰᠢᠨ᠎ᠡ ᠶᠢ ᠡᠭᠦᠳᠬᠦ ᠲᠣᠭᠲᠠᠴᠠ ᠪᠠᠶᠢᠭᠤᠯᠬᠤ ᠶᠢ ᠵᠣᠷᠢᠬᠵᠢᠭᠤᠯᠵᠤ | ᠂ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠭᠤᠣᠯᠳᠠᠯᠭᠠᠲᠤ ᠴᠢᠭᠯᠡᠯ ᠲᠡᠰᠢ ᠠᠵᠤ ᠦᠢᠯᠡᠰ ᠤᠨ | ᠮᠡᠷᠭᠡᠵᠢᠯ ᠳᠤ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠤᠭᠠᠯᠠᠯ ᠢ ᠪᠠᠶᠢᠭᠤᠯᠬᠤ ᠬᠡᠷᠡᠭᠲᠡᠢ᠃ | ᠴᠡᠷᠢᠭ ᠤᠨ ᠠᠵᠤ ᠦᠢᠯᠡᠳᠪᠦᠷᠢ ᠶᠢᠨ ᠮᠡᠷᠭᠡᠵᠢᠯ ᠤᠨ ᠳᠠᠪᠠᠭᠤᠯᠢᠭ ᠢ ᠭᠦᠢᠴᠡᠳ ᠠᠰᠢᠭᠯᠠᠨ ᠪᠠᠴᠢᠮ ᠪᠠᠶᠢᠳᠠᠯ ᠢ | ᠠᠷᠭᠠᠴᠠᠬᠤ ᠠᠵᠤ ᠦᠢᠯᠡᠰ ᠢ ᠬᠥᠭᠵᠢᠭᠦᠯᠬᠦ ᠶᠢ ᠵᠣᠷᠢᠬᠵᠢᠭᠤᠯᠵᠤ᠂ ᠴᠡᠷᠢᠭ ᠠᠷᠠᠳ ᠤᠨ ᠠᠭᠤᠰᠤᠯᠴᠠᠬᠤ ᠶᠢ | ᠲᠦᠯᠬᠢᠨ ᠠᠬᠢᠭᠤᠯᠬᠤ ᠬᠡᠷᠡᠭᠲᠡᠢ᠃ ᠬᠤᠳᠠᠯᠳᠤᠭᠠᠨ ᠤ ᠵᠠᠭᠪᠤᠷ ᠲᠤ ᠰᠢᠨ᠎ᠡ ᠶᠢ ᠡᠭᠦᠳᠴᠦ᠂ ᠮᠡᠳᠡᠯᠭᠡ ᠶᠢᠨ | ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠬᠡᠷᠡᠭᠯᠡᠯᠲᠡ ᠪᠠ ᠬᠠᠮᠠᠭᠠᠯᠠᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ | ᠠᠷᠭᠠᠴᠠᠬᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠦᠷᠦᠩᠭᠡᠵᠢᠬᠦ᠂ ᠠᠵᠤ | ᠦᠢᠯᠡᠰᠵᠢᠬᠦ ᠶᠢ ᠠᠬᠢᠭᠤᠯᠬᠤ ᠬᠡᠷᠡᠭᠲᠡᠢ᠃ | ︵ᠠᠷᠪᠠᠨ ᠬᠤᠶᠠᠷ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠢ᠃ ᠬᠡᠷᠡᠭᠴᠡᠭᠡ | ᠱᠠᠭᠠᠷᠳᠠᠯᠭ᠎ᠠ ᠪᠠᠷ ᠬᠦᠲᠦᠯᠦᠨ ᠳᠠᠭᠠᠭᠤᠯᠬᠤ ᠶᠢ ᠪᠠᠷᠢᠮᠲᠠᠯᠠᠵᠤ᠂ ᠭᠠᠷᠴᠠᠭ᠂ ᠨᠠᠷᠢᠨ ᠬᠠᠭᠤᠳᠠᠰᠤ ᠵᠡᠷᠭᠡ ᠬᠡᠯᠪᠡᠷᠢ ᠶᠢ | ᠬᠡᠷᠡᠭᠯᠡᠵᠦ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠪᠣᠯᠣᠨ ᠦᠢᠯᠡᠴᠢᠯᠡᠭᠡ ᠶᠢᠨ ᠬᠥᠭᠵᠢᠯᠲᠡ ᠶᠢᠨ | ᠴᠢᠭᠯᠡᠯ ᠢᠶᠠᠨ ᠲᠣᠳᠣᠳᠬᠠᠨ᠂ ᠨᠡᠶᠢᠭᠡᠮ ᠤᠨ ᠡᠬᠢ ᠪᠠᠶᠠᠯᠢᠭ ᠢ ᠬᠦᠲᠦᠯᠦᠨ ᠵᠢᠯᠤᠭᠤᠳᠴᠤ ᠪᠠᠶᠢᠭᠠᠳ ᠪᠠᠴᠢᠮ | ᠪᠠᠶᠢᠳᠠᠯ ᠢ ᠠᠷᠭᠠᠴᠠᠬᠤ ᠲᠡᠷᠢᠭᠦᠨ ᠤ᠂ ᠬᠡᠷᠡᠭᠯᠡᠭᠡᠨ ᠳᠤ ᠲᠣᠬᠢᠷᠠᠬᠤ᠂ ᠠᠮᠦᠷ ᠲᠥᠪᠰᠢᠨ᠂ ᠨᠠᠶᠢᠳᠠᠪᠤᠷᠢᠲᠠᠢ ᠪᠠᠴᠢᠮ | ᠪᠠᠶᠢᠳᠠᠯ ᠢ ᠠᠷᠭᠠᠴᠠᠬᠤ ᠦᠢᠯᠡᠳᠭᠦᠨ ᠪᠣᠯᠣᠨ ᠦᠢᠯᠡᠴᠢᠯᠡᠭᠡ ᠳᠤ ᠣᠷᠣᠭᠤᠯᠬᠤ ᠬᠡᠷᠡᠭᠲᠡᠢ᠃ ᠭᠡᠨᠡᠳᠲᠡ ᠶᠢᠨ ᠬᠡᠷᠡᠭ ᠢ | ᠠᠷᠭᠠᠴᠠᠬᠤ ᠬᠡᠷᠡᠭᠴᠡᠭᠡ ᠳᠤ ᠵᠣᠬᠢᠴᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠢ ᠪᠠᠷᠢᠮᠵᠢᠶᠠᠵᠢᠭᠤᠯᠤᠨ | ᠂ ᠬᠡᠰᠡᠭᠵᠢᠭᠦᠯᠦᠨ᠂ ᠰᠢᠷᠢᠰᠵᠢᠭᠦᠯᠦᠨ᠂ ᠣᠨᠴᠠᠯᠢᠬᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠠᠵᠤ | ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠨᠢᠭᠡ ᠴᠣᠭᠴᠠᠵᠢᠭᠰᠠᠨ ᠶᠡᠷᠦᠩᠬᠡᠶᠢᠯᠡᠨ ᠰᠢᠢᠳᠪᠦᠷᠢᠯᠡᠬᠦ | ᠲᠦᠰᠦᠯ ᠢ ᠬᠠᠩᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠶᠢᠨ ᠦᠢᠯᠡᠰ ᠢ ᠲᠦᠷᠭᠡᠳᠭᠡᠨ | ᠬᠥᠭᠵᠢᠭᠦᠯᠵᠦ᠂ ᠵᠠᠰᠠᠭ ᠤᠨ ᠣᠷᠳᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ᠂ | ᠨᠡᠶᠢᠭᠡᠮ ᠤᠨ ᠬᠦᠴᠦᠨ ᠵᠦᠢᠯ ᠢ ᠬᠦᠲᠦᠯᠦᠨ ᠵᠢᠯᠤᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ | ᠦᠢᠯᠡᠴᠢᠯᠡᠭᠡ ᠶᠢ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠬᠠᠩᠭ᠋ᠠᠵᠤ᠂ ᠦᠢᠯᠡᠳᠪᠦᠷᠢᠯᠡᠯ ᠠᠮᠢᠳᠤᠷᠠᠯ ᠯᠤᠭ᠎ᠠ | ᠨᠢᠭᠲᠠ ᠬᠤᠯᠪᠣᠭ᠎ᠠ ᠲᠠᠢ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠶᠢᠨ ᠪᠠᠶᠢᠭᠤᠯᠤᠮᠵᠢ ᠶᠢ ᠬᠥᠭᠵᠢᠭᠦᠯᠬᠦ ᠪᠠᠨ | ᠳᠡᠮᠵᠢᠵᠦ᠂ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠶᠢᠨ ᠲᠤᠰᠬᠠᠶᠢᠵᠢᠯᠲᠠ᠂ ᠵᠠᠬ᠎ᠠ ᠳᠡᠯᠭᠡᠭᠦᠷᠵᠢᠯᠲᠡ ᠪᠠ | ᠬᠡᠪᠴᠢᠶᠡᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ | ︵ᠠᠷᠪᠠᠨ ᠭᠤᠷᠪᠠ︶ ᠠᠵᠤ ᠦᠢᠯᠡᠰ ᠤᠨ ᠪᠦᠭᠡᠭᠡᠨᠡᠷᠡᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ᠃ | ᠣᠳᠣ ᠦᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠵᠢᠮ᠎ᠡ ᠶᠤᠰᠤ ᠳᠤ ᠵᠣᠬᠢᠴᠠᠭᠤᠯᠤᠨ᠂ | ᠲᠦᠯᠦᠪᠵᠢᠭᠦᠯᠭᠡ ᠶᠢᠨ ᠪᠠᠶᠢᠷᠢᠰᠢᠭᠤᠯᠤᠯ᠂ ᠵᠢᠯᠤᠭᠤᠳᠤᠯᠭ᠎ᠠ ᠪᠠ ᠦᠢᠯᠡᠴᠢᠯᠡᠭᠡ ᠶᠢ ᠴᠢᠩᠭᠠᠳᠬᠠᠵᠤ᠂ | ᠨᠦᠬᠦᠴᠡᠯ ᠲᠠᠢ ᠭᠠᠵᠠᠷ ᠣᠷᠣᠨ ᠨᠤᠭᠤᠳ ᠤᠨ ᠲᠤᠰ ᠲᠤᠰ ᠤᠨ ᠣᠨᠴᠠᠯᠢᠭ ᠲᠠᠢ ᠪᠠᠴᠢᠮ ᠪᠠᠶᠢᠳᠠᠯ ᠢ ᠠᠷᠭᠠᠴᠠᠬᠤ | ᠠᠵᠤ ᠦᠢᠯᠡᠰ ᠤᠨ ᠪᠦᠭᠡᠭᠡᠨᠡᠷᠡᠯ ᠤᠨ ᠣᠷᠣᠨ ᠢ ᠬᠥᠭᠵᠢᠭᠦᠯᠬᠦ ᠶᠢ ᠵᠣᠷᠢᠬᠵᠢᠭᠤᠯᠤᠨ᠂ ᠣᠷᠣᠨ ᠪᠦᠰᠡ ᠶᠢᠨ ᠴᠢᠨᠠᠷᠲᠠᠢ | ᠰᠢᠨ᠎ᠡ ᠶᠢ ᠡᠭᠦᠳᠬᠦ ᠲᠥᠪ ᠪᠠ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠲᠥᠪ ᠪᠠᠶᠢᠭᠤᠯᠬᠤ ᠬᠡᠷᠡᠭᠲᠡᠢ᠃ | ᠤᠯᠤᠰ ᠤᠨ ᠨᠦᠬᠡᠴᠡᠯᠡᠯ ᠪᠠ ᠳᠠᠪᠠᠭᠤᠯᠢᠭ ᠠᠵᠤ ᠠᠬᠤᠶᠢᠯᠠᠯ ᠤᠨ ᠣᠳᠣ ᠶᠢᠨ ᠪᠠᠶᠢᠭ᠎ᠠ ᠴᠢᠳᠠᠪᠤᠷᠢ ᠪᠣᠯᠣᠨ ᠡᠬᠢ | ᠪᠠᠶᠠᠯᠢᠭ ᠲᠤ ᠲᠦᠰᠢᠭᠯᠡᠨ᠂ ᠨᠢᠭᠡ ᠪᠦᠯᠦᠭ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠪᠣᠯᠣᠨ ᠦᠢᠯᠡᠳᠪᠦᠷᠢᠯᠡᠬᠦ | ᠴᠢᠳᠠᠪᠤᠷᠢ ᠶᠢᠨ ᠨᠦᠬᠡᠴᠡᠯᠡᠬᠦ ᠰᠠᠭᠤᠷᠢᠨ ᠭᠠᠵᠠᠷ ᠢ ᠪᠣᠢ ᠪᠣᠯᠭᠠᠬᠤ ᠬᠡᠷᠡᠭᠲᠡᠢ᠃ ᠣᠷᠣᠨ ᠪᠦᠰᠡ ᠶᠢᠨ ᠭᠡᠨᠡᠳᠲᠡ ᠶᠢᠨ | ᠬᠡᠷᠡᠭ ᠤᠨ ᠣᠨᠴᠠᠯᠢᠭ ᠪᠣᠯᠣᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠤᠯᠤᠰ ᠤᠨ | ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠨᠢᠭᠡ ᠪᠦᠯᠦᠭ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ | ᠬᠡᠯᠬᠢᠶᠡᠵᠢᠯ ᠢ ᠪᠣᠢ ᠪᠣᠯᠭ᠋ᠠᠵᠤ᠂ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠲᠤᠨᠤᠭ ᠲᠥᠭᠦᠭᠡᠷᠦᠮᠵᠢ ᠶᠢ | ᠰᠤᠳᠤᠯᠤᠨ ᠨᠡᠭᠡᠭᠡᠬᠦ᠂ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠢ ᠦᠢᠯᠡᠳᠪᠦᠷᠢᠯᠡᠵᠦ ᠦᠢᠯᠡᠳᠬᠦ ᠪᠠ ᠪᠠᠴᠢᠮ | ᠪᠠᠶᠢᠳᠠᠯ ᠢ ᠠᠷᠭᠠᠴᠠᠬᠤ ᠦᠢᠯᠡᠴᠢᠯᠡᠭᠡ ᠶᠢ ᠬᠥᠭᠵᠢᠭᠦᠯᠬᠦ ᠶᠢ ᠬᠦᠲᠦᠯᠦᠨ ᠳᠠᠭᠠᠭᠤᠯᠬᠤ ᠬᠡᠷᠡᠭᠲᠡᠢ᠃ | ︵ᠠᠷᠪᠠᠨ ᠳᠥᠷᠪᠡ︶ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠬᠡᠷᠡᠭᠲᠡᠢ᠃ ᠵᠠᠬ᠎ᠠ ᠳᠡᠯᠭᠡᠭᠦᠷ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠨᠡᠶᠢᠯᠡᠭᠦᠯᠦᠨ | ᠳᠠᠬᠢᠨ ᠵᠣᠬᠢᠶᠠᠨ ᠪᠠᠶᠢᠭᠤᠯᠬᠤ᠂ ᠨᠡᠷᠡᠲᠦ ᠲᠦᠷᠦᠯ ᠲᠡᠮᠲᠡᠭ ᠢᠶᠠᠷ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ | ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠦᠷᠢᠶᠡᠨ ᠳᠤ ᠣᠷᠤᠵᠤ᠂ ᠪᠤᠳᠠᠳᠤ ᠬᠦᠴᠦᠨ ᠲᠠᠢ ᠠᠵᠤ | ᠠᠬᠤᠶᠢᠯᠠᠯ ᠤᠨ ᠪᠣᠵᠠᠭᠠᠶᠢᠷᠠᠵᠤ ᠬᠦᠴᠦᠷᠭᠡᠭᠵᠢᠬᠦ ᠶᠢ ᠳᠡᠮᠵᠢᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠠᠵᠤ | ᠦᠢᠯᠡᠰ ᠤᠨ ᠳᠠᠪᠠᠭᠤᠯᠢᠭ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠮᠡᠷᠭᠡᠵᠢᠯ ᠤᠨ ᠬᠢᠷᠢ | ᠬᠡᠮᠵᠢᠶ᠎ᠠ ᠪᠠᠷ ᠦᠨᠳᠦᠷ ᠪᠠ ᠦᠢᠯᠡᠴᠢᠯᠡᠭᠡ ᠶᠢᠨ ᠴᠢᠳᠠᠪᠤᠷᠢ ᠪᠠᠷ ᠴᠢᠩᠭ᠎ᠠ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠪᠦᠲᠦᠭᠡᠭᠳᠡᠭᠦᠨ ᠤ ᠥᠮᠴᠢᠯᠡᠬᠦ ᠡᠷᠬᠡ ᠪᠣᠯᠣᠨ ᠨᠡᠷᠡᠲᠦ ᠲᠥᠷᠦᠯ ᠲᠡᠮᠲᠡᠭ ᠤᠨ ᠳᠠᠪᠠᠭᠤᠯᠢᠭ ᠲᠠᠢ᠂ ᠳᠡᠯᠡᠬᠡᠢ ᠳᠤ | ᠥᠷᠢᠰᠦᠯᠳᠦᠬᠦ ᠬᠦᠴᠦᠨ ᠲᠠᠢ ᠨᠢᠭᠡ ᠪᠦᠯᠦᠭ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠦᠯᠦᠭᠯᠡᠯ ᠢ | ᠪᠤᠶᠢᠵᠢᠭᠤᠯᠬᠤ ᠬᠡᠷᠡᠭᠲᠡᠢ᠃ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠲᠤᠰᠬᠠᠢ ᠵᠦᠢᠯ ᠤᠨ ᠪᠡᠯᠡ | ᠮᠦᠩᠭᠦ ᠵᠡᠷᠭᠡ ᠶᠢ ᠠᠰᠢᠭᠯᠠᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠦᠷᠢᠶᠡᠨ ᠳᠠᠬᠢ ᠳᠤᠮᠳᠠ ᠵᠢᠵᠢᠭ | ᠪᠢᠴᠢᠯ ᠠᠵᠤ ᠠᠬᠤᠶᠢᠯᠠᠯ ᠢ ᠳᠡᠮᠵᠢᠵᠦ᠂ ᠢᠯᠡ ᠲᠣᠳᠣ ᠣᠨᠴᠠᠯᠢᠭ ᠲᠠᠢ᠂ ᠰᠢᠨ᠎ᠡ ᠶᠢ ᠡᠭᠦᠳᠬᠦ ᠴᠢᠳᠠᠪᠤᠷᠢ ᠪᠠᠷ | ᠴᠢᠩᠭ᠎ᠠ ᠪᠠᠶᠢᠳᠠᠭ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠥᠳᠲᠡᠷ ᠲᠥᠷᠭᠡᠨ ᠬᠥᠭᠵᠢᠬᠦ ᠶᠢ ᠠᠬᠢᠭᠤᠯᠵᠤ᠂ | ᠲᠤᠮᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠣᠬᠢᠴᠠᠩᠭᠤᠢ ᠬᠥᠭᠵᠢᠭᠰᠡᠨ ᠠᠵᠤ ᠦᠢᠯᠡᠰ ᠤᠨ ᠪᠠᠶᠢᠳᠠᠯ ᠢ | ᠪᠣᠢ ᠪᠣᠯᠭᠠᠬᠤ ᠬᠡᠷᠡᠭᠲᠡᠢ᠃ | ︵ᠠᠷᠪᠠᠨ ᠲᠠᠪᠤ︶ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠪᠠ ᠦᠢᠯᠡᠴᠢᠯᠡᠭᠡ ᠶᠢ ᠳᠡᠯᠭᠡᠷᠡᠭᠦᠯᠬᠦ | ᠬᠡᠷᠡᠭᠲᠡᠢ᠃ ᠪᠦᠬᠦ ᠠᠷᠠᠳ ᠤᠨ ᠣᠯᠠᠨ ᠨᠡᠶᠢᠲᠡ ᠶᠢᠨ ᠠᠮᠦᠷ ᠲᠥᠪᠰᠢᠨ ᠪᠠ ᠲᠦᠭᠰᠢᠭᠦᠷᠢ ᠶᠢᠨ ᠦᠵᠡᠯ | ᠤᠬᠠᠮᠰᠠᠷ ᠤᠨ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠬᠡᠷᠡᠭᠯᠡᠭᠡ ᠶᠢᠨ ᠦᠵᠡᠯᠲᠡ ᠪᠠᠨ ᠬᠤᠪᠢᠷᠠᠭᠤᠯᠬᠤ ᠶᠢ | ᠲᠦᠯᠬᠢᠨ ᠠᠬᠢᠭᠤᠯᠵᠤ᠂ ᠨᠢᠭᠡᠴᠡ᠂ ᠭᠡᠷ ᠪᠦᠯᠢ᠂ ᠬᠤᠪᠢ ᠬᠦᠮᠦᠨ ᠤ ᠠᠮᠢ ᠵᠢᠭᠤᠳᠠᠬᠤ᠂ ᠲᠥᠭᠰᠢᠭᠦᠷᠢ ᠠᠴᠠ | ᠵᠠᠶᠢᠯᠠᠬᠤ᠂ ᠰᠡᠷᠭᠡᠶᠢᠯᠡᠨ ᠬᠠᠮᠠᠭᠠᠯᠠᠬᠤ᠂ ᠦᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠵᠡᠷᠭᠡ ᠲᠠᠯ᠎ᠠ ᠪᠠᠷ ᠬᠢ | ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠪᠠ ᠦᠢᠯᠡᠴᠢᠯᠡᠭᠡ ᠶᠢᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ | ᠵᠣᠷᠢᠬᠵᠢᠭᠤᠯᠬᠤ ᠬᠡᠷᠡᠭᠲᠡᠢ᠃ ᠠᠭᠤᠷᠬᠠᠢ᠂ ᠠᠶᠤᠯᠲᠠᠢ ᠬᠢᠮᠢ ᠶᠢᠨ ᠵᠦᠢᠯᠡᠰ ᠦᠢᠯᠡᠳᠪᠦᠷᠢᠯᠡᠵᠦ ᠡᠵᠡᠩᠨᠡᠬᠦ ᠲᠠᠯᠠᠪᠣᠷ᠂ | ᠦᠨᠳᠦᠷ ᠪᠠᠷᠢᠯᠭ᠎ᠠ᠂ ᠰᠤᠷᠭᠠᠭᠤᠯᠢ᠂ ᠣᠯᠠᠨ ᠨᠡᠶᠢᠲᠡ ᠶᠢᠨ ᠲᠠᠯᠠᠪᠤᠷ᠂ ᠪᠠᠴᠢᠮ ᠪᠠᠶᠢᠳᠠᠯ ᠢ ᠠᠷᠭᠠᠴᠠᠵᠤ | ᠲᠥᠭᠰᠢᠭᠦᠷᠢ ᠠᠴᠠ ᠵᠠᠶᠢᠯᠠᠬᠤ ᠲᠠᠯᠠᠪᠤᠷ᠂ ᠵᠠᠮ ᠬᠠᠷᠢᠯᠴᠠᠭ᠎ᠠ ᠶᠢᠨ ᠰᠠᠭᠤᠷᠢ ᠪᠡᠯᠡᠳᠭᠡᠮᠵᠢ ᠵᠡᠷᠭᠡ ᠪᠠᠴᠢᠮ ᠪᠠᠶᠢᠳᠠᠯ ᠢ | ᠠᠷᠭᠠᠴᠠᠬᠤ ᠪᠡᠯᠡᠳᠭᠡᠮᠵᠢ ᠲᠥᠭᠦᠭᠡᠷᠦᠮᠵᠢ ᠶᠢᠨ ᠳᠦᠬᠦᠷᠵᠢᠭᠦᠯᠬᠦ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠡᠯ᠎ᠡ | ᠲᠦᠷᠦᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠪᠣᠯᠣᠨ ᠡᠩᠨᠡᠭᠡ ᠶᠢᠨ | ᠲᠣᠨᠤᠭ ᠲᠥᠭᠦᠭᠡᠷᠦᠮᠵᠢ ᠶᠢᠨ ᠳᠦᠬᠦᠷᠵᠢᠭᠦᠯᠬᠦ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ | ᠪᠡᠯᠡᠳᠭᠡᠮᠵᠢ ᠲᠣᠨᠤᠭ ᠲᠥᠭᠦᠭᠡᠷᠦᠮᠵᠢ ᠶᠢ ᠭᠤᠣᠯ ᠴᠣᠭᠴᠠ ᠶᠢᠨ ᠪᠠᠷᠢᠯᠭ᠎ᠠ ᠶᠢ ᠪᠦᠲᠦᠭᠡᠨ ᠪᠠᠶᠢᠭᠤᠯᠬᠤ ᠯᠤᠭ᠎ᠠ | ᠵᠡᠷᠭᠡᠪᠡᠷ ᠵᠢᠷᠤᠵᠤ ᠲᠦᠯᠦᠪᠯᠡᠬᠦ᠂ ᠵᠡᠷᠭᠡᠪᠡᠷ ᠠᠵᠢᠯᠯᠠᠭᠤᠯᠬᠤ᠂ ᠵᠡᠷᠭᠡᠪᠡᠷ ᠠᠰᠢᠭᠯᠠᠯᠲᠠ ᠳᠤ ᠣᠷᠤᠭᠤᠯᠬᠤ ᠶᠢ ᠲᠦᠯᠬᠢᠨ | ᠠᠬᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠤ ᠪᠤᠳᠠᠳᠤ ᠪᠣᠳᠠᠰ ᠤᠨ ᠨᠦᠬᠡᠴᠡ᠂ | ᠨᠡᠶᠢᠭᠡᠮ ᠤᠨ ᠨᠦᠬᠡᠴᠡᠯᠡᠯ ᠪᠣᠯᠣᠨ ᠦᠢᠯᠡᠳᠪᠦᠷᠢᠯᠡᠬᠦ ᠴᠢᠳᠠᠪᠤᠷᠢ ᠶᠢᠨ ᠨᠦᠭᠡᠴᠡᠯᠡᠵᠦ ᠬᠠᠮᠢᠶᠠᠷᠬᠤ ᠳᠦᠷᠢᠮ ᠢ | ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠪᠠ ᠦᠢᠯᠡᠳᠪᠦᠷᠢᠯᠡᠬᠦ ᠴᠢᠳᠠᠪᠤᠷᠢ ᠶᠢᠨ ᠨᠦᠬᠡᠴᠡᠯᠡᠬᠦ | ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠡᠪᠴᠡᠩ ᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠤ | ᠬᠡᠷᠡᠭᠯᠡᠭᠡᠨ ᠢ ᠳᠠᠶᠢᠴᠢᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠶᠢᠨ ᠬᠦᠮᠦᠷᠭᠡᠯᠡᠨ ᠨᠦᠬᠡᠴᠡᠯᠡᠬᠦ᠂ | ᠳᠠᠮᠵᠢᠭᠤᠯᠬᠤ᠂ ᠲᠣᠬᠢᠷᠠᠭᠤᠯᠤᠨ ᠬᠦᠷᠭᠡᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠤ ᠪᠠᠷᠠᠭᠠᠨ ᠤ ᠭᠦᠢᠯᠭᠡᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ ᠲᠥᠭᠰᠢᠭᠦᠷᠢ ᠶᠢᠨ ᠨᠦᠬᠦᠪᠦᠷᠢ ᠣᠯᠭᠤᠬᠤ ᠲᠣᠭᠲᠠᠴᠠ ᠶᠢ ᠠᠰᠢᠭᠯᠠᠵᠤ᠂ ᠴᠢᠬᠤᠯᠠ ᠶᠡᠭᠡ ᠪᠠᠴᠢᠮ | ᠪᠠᠶᠢᠳᠠᠯ ᠢ ᠠᠷᠭᠠᠴᠠᠬᠤ ᠶᠢᠨ ᠰᠢᠨ᠎ᠡ ᠪᠠᠷ ᠡᠭᠦᠳᠦᠭᠰᠡᠨ ᠦᠢᠯᠡᠳᠭᠦᠨ ᠤ ᠠᠩᠬᠠᠨ ᠤ ᠬᠡᠷᠡᠭᠯᠡᠭᠡᠨ ᠢ ᠳᠡᠮᠵᠢᠬᠦ ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ ᠦᠢᠯᠡᠰ ᠬᠢᠭᠡᠳ ᠣᠳᠣ ᠦᠶ᠎ᠡ ᠶᠢᠨ ᠳᠠᠭᠠᠳᠬᠠᠯ ᠤᠨ | ᠦᠢᠯᠡᠴᠢᠯᠡᠭᠡᠨ ᠤ ᠦᠢᠯᠡᠰ ᠤᠨ ᠬᠠᠷᠢᠯᠴᠠᠨ ᠤᠶᠠᠯᠳᠤᠬᠤ ᠶᠢ ᠲᠦᠯᠬᠢᠨ ᠠᠬᠢᠭᠤᠯᠵᠤ᠂ ᠳᠠᠭᠠᠳᠬᠠᠯ ᠢ ᠭᠠᠮᠰᠢᠭ ᠤᠨ | ᠠᠳᠡᠯ ᠢ ᠰᠡᠷᠭᠡᠶᠢᠯᠡᠵᠦ ᠠᠪᠤᠷᠠᠨ ᠲᠤᠰᠠᠯᠠᠬᠤ ᠰᠢᠰᠲ᠋ᠧᠮᠵᠢ ᠳᠤ ᠣᠷᠤᠭᠤᠯᠤᠨ᠂ ᠯᠣᠲᠤ ᠶᠡᠭᠡ ᠭᠠᠮᠰᠢᠭ ᠤᠨ | ᠳᠠᠭᠠᠳᠬᠠᠯ ᠢ ᠲᠦᠷᠭᠡᠳᠭᠡᠨ ᠬᠡᠷᠡᠭᠵᠢᠭᠦᠯᠬᠦ ᠬᠡᠷᠡᠭᠲᠡᠢ᠃ | ︵ᠠᠷᠪᠠᠨ ᠵᠢᠷᠭᠤᠭ᠎ᠠ︶ ᠣᠯᠠᠨ ᠤᠯᠤᠰ ᠯᠤᠭ᠎ᠠ ᠶᠢᠨ ᠰᠤᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ | ᠬᠡᠷᠡᠭᠲᠡᠢ᠃ ᠣᠯᠠᠨ ᠤᠯᠤᠰ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ | ᠰᠣᠯᠢᠯᠴᠠᠭ᠎ᠠ ᠶᠢ ᠣᠯᠠᠨ ᠳᠡᠰ ᠳᠠᠪᠬᠤᠷᠭ᠎ᠠ᠂ ᠣᠯᠠᠨ ᠵᠠᠮ ᠮᠥᠷ᠂ ᠣᠯᠠᠨ ᠠᠷᠭ᠎ᠠ ᠮᠠᠶ᠋ᠢᠭ ᠢᠶᠠᠷ ᠲᠦᠯᠬᠢᠨ | ᠠᠬᠢᠭᠤᠯᠵᠤ᠂ ᠠᠵᠤ ᠠᠬᠤᠶᠢᠯᠠᠯ ᠤᠳ ᠤᠨ ᠪᠠᠴᠢᠮ ᠪᠠᠶᠢᠳᠠᠯ ᠢ ᠠᠷᠭᠠᠴᠠᠬᠤ ᠭᠠᠳᠠᠭᠠᠲᠤ ᠶᠢᠨ ᠲᠡᠷᠢᠭᠦᠨ ᠤ ᠮᠡᠷᠭᠡᠵᠢᠯ | ᠪᠣᠯᠣᠨ ᠲᠡᠷᠢᠭᠦᠨ ᠤ ᠦᠢᠯᠡᠴᠢᠯᠡᠭᠡ ᠶᠢᠨ ᠣᠨᠣᠯᠵᠢᠬᠤᠨ ᠢ ᠣᠷᠤᠭᠤᠯᠤᠨ ᠠᠪᠴᠢᠷᠠᠬᠤ ᠪᠠ ᠰᠢᠩᠭᠡᠭᠡᠨ ᠠᠪᠬᠤ ᠶᠢ | ᠵᠣᠷᠢᠬᠵᠢᠭᠤᠯᠵᠤ᠂ ᠠᠵᠤ ᠠᠬᠤᠶᠢᠯᠠᠯ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠤᠯᠤᠰ | ᠠᠯᠤᠰᠯᠠᠭᠰᠠᠨ ᠺᠤᠮᠫᠠᠨᠢ ᠠᠴᠠ ᠮᠠᠨ ᠤ ᠤᠯᠤᠰ ᠲᠤ ᠰᠤᠳᠤᠯᠤᠨ ᠨᠡᠭᠡᠭᠡᠬᠦ ᠲᠥᠪ ᠪᠠᠶᠢᠭᠤᠯᠵᠤ᠂ ᠨᠡᠩ ᠣᠯᠠᠨ ᠪᠠᠴᠢᠮ | ᠪᠠᠶᠢᠳᠠᠯ ᠢ ᠠᠷᠭᠠᠴᠠᠬᠤ ᠠᠵᠤ ᠦᠢᠯᠡᠰ ᠤᠨ ᠰᠢᠨ᠎ᠡ ᠡᠭᠦᠳᠦᠯᠲᠡ ᠲᠠᠢ ᠦᠷ᠎ᠡ ᠪᠦᠲᠦᠭᠡᠯ ᠢ ᠣᠷᠤᠭᠤᠯᠤᠨ | ᠠᠪᠴᠢᠷᠠᠵᠤ ᠮᠠᠨ ᠤ ᠤᠯᠤᠰ ᠲᠤ ᠠᠵᠤ ᠦᠢᠯᠡᠰᠵᠢᠯᠲᠠ ᠪᠠᠨ ᠪᠡᠶᠡᠯᠡᠭᠦᠯᠬᠦ ᠶᠢ ᠵᠣᠷᠢᠬᠵᠢᠭᠤᠯᠬᠤ ᠬᠡᠷᠡᠭᠲᠡᠢ᠃ ᠠᠵᠤ | ᠠᠬᠤᠶᠢᠯᠠᠯ ᠤᠳ ᠤᠨ ᠳᠡᠯᠡᠬᠡᠢ ᠶᠢᠨ ᠵᠠᠬ᠎ᠠ ᠳᠡᠯᠭᠡᠭᠦᠷ ᠤᠨ ᠦᠷᠢᠰᠦᠯᠳᠦᠭᠡᠨ ᠳᠤ ᠣᠷᠤᠯᠴᠠᠬᠤ ᠶᠢ ᠳᠡᠮᠵᠢᠵᠦ᠂ ᠠᠵᠤ | ᠠᠬᠤᠶᠢᠯᠠᠯ ᠤᠨ ᠬᠢᠨ ᠤ ᠪᠠᠴᠢᠮ ᠪᠠᠶᠢᠳᠠᠯ ᠢ ᠠᠷᠭᠠᠴᠠᠬᠤ ᠳᠡᠭᠡᠳᠦ ᠦᠵᠦᠭᠦᠷᠯᠢᠭ ᠦᠢᠯᠡᠳᠭᠦᠨ᠂ ᠮᠡᠷᠭᠡᠵᠢᠯ ᠪᠣᠯᠣᠨ | ᠦᠢᠯᠡᠴᠢᠯᠡᠭᠡ ᠪᠠᠷ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠳᠭᠡᠬᠦ ᠶᠢ ᠵᠣᠷᠢᠬᠵᠢᠭᠤᠯᠬᠤ ᠬᠡᠷᠡᠭᠲᠡᠢ᠃ | ᠭᠠᠳᠠᠭᠠᠲᠤ ᠶᠢᠨ ᠲᠡᠷᠢᠭᠦᠨ ᠤ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠲᠣᠨᠤᠭ ᠲᠥᠭᠦᠭᠡᠷᠦᠮᠵᠢ ᠶᠢ ᠣᠷᠤᠭᠤᠯᠤᠨ | ᠠᠪᠴᠢᠷᠠᠬᠤ ᠶᠢ ᠵᠣᠷᠢᠬᠵᠢᠭᠤᠯᠬᠤ ᠬᠡᠷᠡᠭᠲᠡᠢ᠃ ᠭᠠᠳᠠᠭᠠᠲᠤ ᠪᠡᠯᠡ ᠶᠢ ᠬᠦᠲᠦᠯᠦᠨ ᠵᠢᠯᠤᠭᠤᠳᠴᠤ ᠪᠠᠶᠢᠭᠠᠳ ᠪᠠᠴᠢᠮ | ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠣᠷᠤᠭᠤᠯᠤᠨ᠎ᠠ᠂ ᠪᠠᠴᠢᠮ | ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠬᠢ ᠤᠯᠤᠰ ᠤᠨ ᠲᠥᠷᠦ ᠶᠢᠨ | ᠪᠣᠳᠣᠯᠭ᠎ᠠ ᠨᠤᠭᠤᠳ ᠢ ᠨᠦᠬᠦᠴᠡᠯ ᠳᠤ ᠨᠡᠶᠢᠴᠡᠬᠦ ᠭᠠᠳᠠᠭᠠᠲᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠭᠰᠠᠨ | ᠠᠵᠤ ᠠᠬᠤᠶᠢᠯᠠᠯ ᠳᠤ ᠠᠳᠠᠯᠢᠬᠠᠨ ᠲᠤᠬᠢᠷᠠᠭᠤᠯᠵᠦ ᠬᠡᠷᠡᠭᠯᠡᠨ᠎ᠠ᠃ ᠦᠵᠡᠭᠦᠯᠦᠯᠭᠡ᠂ ᠬᠤᠶᠠᠷ ᠲᠠᠯ᠎ᠠ ᠪᠣᠶᠣ ᠣᠯᠠᠨ | ᠤᠯᠤᠰ ᠤᠨ ᠦᠭᠦᠯᠡᠯ ᠤᠨ ᠲᠡᠪᠴᠡᠩ ᠵᠢᠴᠢ ᠠᠷᠠᠯᠵᠢᠶᠠᠨ ᠤ ᠪᠡᠯᠡ ᠣᠷᠤᠭᠤᠯᠤᠯᠲᠠ ᠶᠢ ᠠᠬᠢᠭᠤᠯᠬᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠲᠡᠪᠴᠡᠩ ᠢ ᠭᠦᠢᠴᠡᠳ ᠠᠰᠢᠭᠯᠠᠨ ᠪᠠᠴᠢᠮ ᠪᠠᠶᠢᠳᠠᠯ ᠢ | ᠠᠷᠭᠠᠴᠠᠬᠤ ᠦᠢᠯᠡᠳᠭᠦᠨ ᠪᠠ ᠦᠢᠯᠡᠴᠢᠯᠡᠭᠡ ᠶᠢ ᠰᠣᠯᠢᠯᠴᠠᠨ ᠲᠠᠨᠢᠯᠴᠠᠭᠤᠯᠬᠤ ᠬᠡᠷᠡᠭᠲᠡᠢ᠃ | ᠲᠠᠪᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ | ︵ᠠᠷᠪᠠᠨ ᠳᠤᠯᠤᠭ᠎ᠠ︶ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠠᠵᠤ ᠦᠢᠯᠡᠰ ᠤᠨ | ᠬᠥᠭᠵᠢᠯᠲᠡ ᠶᠢᠨ ᠲᠠᠯ᠎ᠠ ᠪᠠᠷ ᠬᠢ ᠪᠠᠷᠢᠮᠵᠢᠶ᠎ᠠ ᠶᠢᠨ ᠵᠢᠷᠤᠮᠵᠢᠭᠤᠯᠬᠤ ᠪᠠ ᠠᠬᠢᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠪᠠ ᠦᠢᠯᠡᠴᠢᠯᠡᠭᠡ ᠶᠢᠨ ᠪᠠᠷᠢᠮᠵᠢᠶ᠎ᠠ ᠶᠢ ᠲᠦᠷᠭᠡᠳᠭᠡᠨ | ᠵᠣᠬᠢᠶ᠋ᠠᠵᠤ ︵ᠵᠠᠰᠠᠪᠤᠷᠢ ᠣᠷᠤᠭᠤᠯᠬᠤ︶᠂ ᠣᠯᠠᠨ ᠤᠯᠤᠰ ᠤᠨ ᠪᠠᠷᠢᠮᠵᠢᠶ᠎ᠠ ᠪᠣᠶᠣ ᠭᠠᠳᠠᠭᠠᠲᠤ ᠶᠢᠨ ᠲᠡᠷᠢᠭᠦᠨ ᠤ | ᠪᠠᠷᠢᠮᠵᠢᠶ᠎ᠠ ᠶᠢ ᠢᠳᠡᠪᠬᠢᠲᠡᠢ ᠬᠡᠷᠡᠭᠯᠡᠨ᠂ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠳᠡᠰ ᠳᠡᠪᠰᠢᠵᠦ | ᠦᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠣᠯᠠᠨ ᠤᠯᠤᠰ ᠤᠨ ᠪᠠᠷᠢᠮᠵᠢᠶᠠᠵᠢᠭᠤᠯᠬᠤ ᠠᠵᠢᠯ ᠳᠤ | ᠤᠯᠤᠰ ᠤᠨ ᠳᠤᠲᠤᠭᠠᠲᠤ ᠶᠢᠨ ᠪᠠᠶᠢᠭᠤᠯᠤᠮᠵᠢ ᠶᠢᠨ ᠣᠷᠤᠯᠴᠠᠬᠤ ᠶᠢ ᠵᠣᠷᠢᠬᠵᠢᠭᠤᠯᠤᠨ ᠳᠡᠮᠵᠢᠵᠦ᠂ ᠪᠡᠶ᠎ᠡ ᠪᠠᠨ | ᠳᠠᠭᠠᠭᠠᠭᠰᠠᠨ ᠮᠡᠷᠭᠡᠵᠢᠯ ᠤᠨ ᠪᠠᠷᠢᠮᠵᠢᠶ᠎ᠠ ᠶᠢᠨ ᠲᠠᠯ᠎ᠠ ᠪᠠᠷ ᠬᠢ ᠳᠡᠯᠡᠬᠡᠢ ᠳᠤ ᠦᠵᠡᠯᠲᠡ ᠪᠠᠨ ᠶᠠᠷᠢᠵᠤ ᠬᠡᠯᠡᠬᠦ ᠡᠷᠬᠡ ᠶᠢ | ᠳᠡᠭᠡᠭᠰᠢᠯᠡᠭᠦᠯᠬᠦ ᠬᠡᠷᠡᠭᠲᠡᠢ᠃ | ︵ᠠᠷᠪᠠᠨ ᠨᠠᠢᠮᠠ︶ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ | ᠵᠢᠯᠤᠭᠤᠳᠤᠮᠵᠢ ᠶᠢᠨ ᠭᠠᠷᠴᠠᠭ ᠲᠤ ᠣᠷᠤᠭᠤᠯᠤᠭᠰᠠᠨ ᠵᠣᠷᠢᠬᠵᠢᠭᠤᠯᠬᠤ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ | ᠦᠢᠯᠡᠳᠭᠦᠨ ᠪᠠ ᠦᠢᠯᠡᠴᠢᠯᠡᠭᠡ ᠳᠤ ᠬᠠᠮᠢᠶ᠎ᠠ ᠪᠦᠬᠦᠢ ᠪᠡᠯᠡ ᠣᠷᠤᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠤᠯ | ᠵᠡᠷᠭᠡ ᠲᠦᠯᠦᠪᠯᠡᠭᠡ ᠳᠤ ᠳᠡᠮᠵᠢᠯᠭᠡ ᠦᠵᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠬᠦᠲᠦᠯᠦᠨ ᠵᠢᠯᠣᠭᠤᠳᠤᠭᠰᠠᠨ | ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠥᠭᠵᠢᠯᠲᠡ ᠶᠢᠨ ᠣᠷᠤᠭᠤᠯᠤᠯᠲᠠ ᠶᠢᠨ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠲᠠᠬᠢ ᠪᠦᠬᠦ ᠨᠡᠶᠢᠭᠡᠮ ᠤᠨ ᠬᠢᠨ ᠤ | ᠣᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠳᠠᠶᠢᠴᠢᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ | ᠠᠵᠤ ᠦᠢᠯᠡᠰ ᠲᠤ ᠲᠣᠬᠢᠷᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠬᠦ | ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠨᠦᠬᠦᠪᠦᠷᠢ ᠣᠯᠭᠤᠬᠤ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠲᠠᠲᠠᠪᠤᠷᠢᠯᠠᠨ ᠬᠡᠷᠡᠭᠯᠡᠭᠰᠡᠨ ᠨᠢᠭᠡᠴᠡ ᠪᠣᠯᠣᠨ ᠬᠤᠪᠢ ᠬᠦᠮᠦᠨ ᠤ ᠪᠠᠴᠢᠮ ᠪᠠᠶᠢᠳᠠᠯ ᠢ | ᠠᠷᠭᠠᠴᠠᠬᠤ ᠡᠳ᠋ ᠪᠠᠷᠠᠭ᠎ᠠ᠂ ᠲᠣᠨᠤᠭ ᠲᠥᠭᠦᠭᠡᠷᠦᠮᠵᠢ ᠵᠡᠷᠭᠡ ᠳᠤ ᠴᠠᠭ ᠲᠣᠬᠠᠢ ᠳᠤᠨᠢ ᠨᠦᠬᠦᠪᠦᠷᠢ ᠣᠯᠭᠤᠬᠤ | ᠬᠡᠷᠡᠭᠲᠡᠢ᠃ | ︵ᠠᠷᠪᠠ ᠶᠢᠰᠦ︶ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠲᠠᠯ᠎ᠠ ᠪᠠᠷ ᠬᠢ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠮᠦᠩᠭᠦᠨ ᠭᠦᠢᠯᠭᠡᠭᠡᠨ ᠤ ᠬᠦᠷᠦᠩᠭᠡ ᠮᠦᠩᠭᠦ᠂ ᠠᠷᠠᠳ ᠤᠨ | ᠲᠤᠲᠤᠷᠠᠬᠢ ᠬᠦᠷᠦᠩᠭᠡ ᠮᠦᠩᠭᠦ ᠵᠢᠴᠢ ᠠᠳᠠᠯ ᠦᠢᠯᠡᠰ ᠴᠣᠭᠴᠠᠯᠠᠬᠤ ᠪᠠ ᠬᠤᠪᠢ ᠪᠠᠷ ᠢᠶᠠᠨ ᠰᠲ᠋ᠣᠺ ᠤᠨ ᠡᠷᠬᠡ | ᠴᠤᠭᠯᠠᠭᠤᠯᠤᠬᠰᠠᠨ ᠪᠡᠯᠡ ᠣᠷᠤᠭᠤᠯᠤᠯᠲᠠ ᠪᠠᠷ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠲᠤ ᠣᠷᠤᠭᠤᠯᠤᠯᠲᠠ | ᠬᠢᠬᠦ ᠶᠢ ᠵᠣᠷᠢᠬᠵᠢᠭᠤᠯᠵᠤ᠂ ᠨᠦᠬᠦᠴᠡᠯ ᠳᠤ ᠨᠡᠶᠢᠴᠡᠬᠦ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠠᠵᠤ | ᠠᠬᠤᠶᠢᠯᠠᠯ ᠤᠳ ᠤᠨ ᠰᠲ᠋ᠣᠺ᠂ ᠵᠢᠭᠡᠯᠡᠯᠭᠡ ᠶᠢᠨ ᠲᠡᠮᠲᠡᠭᠲᠦ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ | ᠬᠡᠷᠡᠭᠯᠡᠵᠦ ᠪᠠᠶᠢᠭᠠᠳ ᠣᠯᠣᠰ ᠤᠨ ᠳᠤᠲᠤᠭᠠᠲᠤ ᠭᠠᠳᠠᠭᠠᠲᠤ ᠶᠢᠨ ᠬᠦᠷᠦᠩᠭᠡ ᠮᠦᠩᠭᠦ ᠶᠢᠨ ᠵᠠᠬ᠎ᠠ ᠳᠡᠯᠭᠡᠭᠦᠷ ᠲᠤ | ᠰᠢᠭᠤᠳ ᠪᠡᠯᠡ ᠲᠣᠬᠢᠷᠠᠭᠤᠯᠬᠤ ᠶᠢ ᠳᠡᠮᠵᠢᠬᠦ ᠬᠡᠷᠡᠭᠲᠡᠢ᠃ ᠲᠥᠭᠰᠢᠭᠦᠷᠢ ᠶᠢ ᠡᠵᠡᠮᠳᠡᠵᠦ ᠪᠣᠯᠬᠤ᠂ ᠬᠤᠳᠠᠯᠳᠤᠭ᠎ᠠ ᠶᠢ | ᠦᠷᠭᠦᠯᠵᠢᠯᠡᠭᠦᠯᠬᠦ ᠵᠠᠷᠴᠢᠮ ᠶᠤᠰᠤᠭᠠᠷ᠂ ᠪᠡᠯᠡ ᠲᠣᠬᠢᠷᠠᠭᠤᠯᠭ᠎ᠠ ᠶᠢᠨ ᠴᠢᠨᠠᠷᠲᠠᠢ ᠳᠠᠭᠠᠭᠠᠯᠲᠠ ᠬᠢᠬᠦ ᠪᠠᠶᠢᠭᠤᠯᠤᠮᠵᠢ ᠶᠢ | ᠬᠦᠲᠦᠯᠦᠨ ᠵᠢᠯᠤᠭᠤᠳᠴᠤ ᠪᠠᠶᠢᠭᠠᠳ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ᠂ ᠬᠢᠷᠢ ᠭᠡᠮ ᠨᠢ | ᠰᠠᠶᠢᠨ᠂ ᠬᠠᠮᠢᠶᠠᠷᠤᠯᠲᠠ ᠨᠢ ᠵᠢᠷᠤᠮᠵᠢᠭᠰᠠᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠠᠵᠤ | ᠠᠬᠤᠶᠢᠯᠠᠯ ᠳᠤ ᠳᠠᠭᠠᠭᠠᠯᠲᠠ ᠬᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠷᠢᠬᠵᠢᠭᠤᠯᠬᠤ ᠪᠠ ᠬᠦᠲᠦᠯᠦᠨ ᠵᠢᠯᠤᠭᠤᠳᠴᠤ ᠪᠠᠶᠢᠭᠠᠳ ᠮᠦᠩᠭᠦᠨ ᠭᠦᠢᠯᠭᠡᠭᠡᠨ ᠤ ᠨᠡᠷᠡᠳᠬᠦᠨ | ᠪᠠ ᠦᠢᠯᠡᠴᠢᠯᠡᠭᠡ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠮᠡᠷᠭᠡᠵᠢᠯ ᠨᠢ ᠲᠡᠷᠢᠭᠦᠨ ᠤ᠂ ᠳᠠᠪᠠᠭᠤᠯᠢᠭ ᠨᠢ | ᠢᠯᠡᠷᠬᠡᠢ᠂ ᠳᠠᠶᠢᠴᠢᠯᠠᠨ ᠲᠤᠯᠭᠠᠭᠤᠷᠢᠯᠠᠬᠤ ᠦᠢᠯᠡᠳᠦᠯ ᠢᠶᠠᠷ ᠴᠢᠩᠭ᠎ᠠ ᠪᠠᠶᠢᠳᠠᠭ ᠪᠠᠴᠢᠮ ᠪᠠᠶᠢᠳᠠᠯ ᠢ ᠠᠷᠭᠠᠴᠠᠬᠤ ᠠᠵᠤ | ᠦᠢᠯᠡᠰ ᠤᠨ ᠴᠢᠬᠤᠯᠠ ᠶᠡᠭᠡ ᠲᠦᠷᠦᠯ ᠵᠦᠢᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠣᠯᠭᠤᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ︵ᠬᠤᠷᠢ︶ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠣᠯᠠᠨ ᠳᠡᠰ | ᠳᠠᠪᠬᠤᠷᠭ᠎ᠠ ᠲᠠᠢ ᠣᠯᠠᠨ ᠲᠦᠷᠦᠯ ᠬᠡᠯᠪᠡᠷᠢ ᠶᠢᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ | ᠴᠢᠳᠠᠪᠤᠷᠢᠲᠠᠨ ᠢ ᠬᠦᠮᠦᠵᠢᠭᠦᠯᠬᠦ ᠪᠠ ᠦᠢᠯᠡᠴᠢᠯᠡᠭᠦ ᠰᠢᠰᠲ᠋ᠧᠮᠵᠢ ᠶᠢ ᠪᠠᠶᠢᠭᠤᠯᠵᠤ᠂ ᠳᠡᠭᠡᠳᠦ ᠳᠡᠰ ᠳᠠᠪᠬᠤᠷᠭ᠎ᠠ ᠶᠢᠨ᠂ | ᠰᠢᠨ᠎ᠡ ᠶᠢ ᠡᠭᠦᠳᠬᠦ ᠬᠡᠯᠪᠡᠷᠢ ᠶᠢᠨ᠂ ᠨᠡᠶᠢᠯᠡᠮᠡᠯ ᠬᠡᠯᠪᠡᠷᠢ ᠶᠢᠨ ᠭᠤᠣᠯᠯᠠᠬᠤ ᠮᠡᠷᠭᠡᠵᠢᠯ ᠢ ᠰᠤᠳᠤᠯᠤᠨ ᠨᠡᠭᠡᠭᠡᠬᠦ | ᠴᠢᠳᠠᠪᠤᠷᠢᠲᠠᠨ ᠪᠣᠯᠣᠨ ᠰᠢᠨᠵᠢᠯᠡᠬᠦ ᠤᠬᠠᠭᠠᠨ ᠤ ᠰᠤᠳᠤᠯᠤᠯ ᠤᠨ ᠪᠦᠯᠬᠦᠮ ᠨᠡᠶᠢᠳᠡ ᠶᠢ ᠬᠦᠴᠦᠯᠡᠨ ᠬᠦᠮᠦᠵᠢᠭᠦᠯᠵᠦ᠂ | ᠳᠡᠯᠡᠬᠡᠢ ᠶᠢᠨ ᠬᠠᠷᠠᠭᠠᠰᠤ ᠲᠠᠢ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ ᠢ ᠪᠤᠶᠢᠵᠢᠭᠤᠯᠵᠤ᠂ ᠨᠢᠭᠡ ᠪᠦᠯᠦᠭ | ᠬᠤᠰᠢᠭᠤᠷᠠᠨ ᠳᠠᠭᠠᠭᠤᠯᠤᠭᠴᠢ ᠶᠢ ᠬᠦᠮᠦᠵᠢᠭᠦᠯᠬᠦ ᠬᠡᠷᠡᠭᠲᠡᠢ᠃ ᠨᠦᠬᠦᠴᠡᠯ ᠲᠠᠢ ᠳᠡᠭᠡᠳᠦ ᠰᠤᠷᠭᠠᠭᠤᠯᠢ ᠨᠤᠭᠤᠳ ᠲᠤ | ᠪᠠᠴᠢᠮ ᠪᠠᠶᠢᠳᠠᠯ ᠢ ᠠᠷᠭᠠᠴᠠᠬᠤ ᠠᠵᠦ ᠦᠢᠯᠡᠰ ᠤᠨ ᠬᠠᠮᠢᠶ᠎ᠠ ᠪᠦᠬᠦᠢ ᠲᠣᠰᠬᠠᠢ ᠮᠡᠷᠭᠡᠵᠢᠯ ᠤᠨ ᠰᠠᠯᠪᠤᠷᠢ | ᠲᠣᠬᠢᠷᠠᠭᠤᠯᠬᠤ ᠶᠢ ᠳᠡᠮᠵᠢᠬᠦ ᠬᠡᠷᠡᠭᠲᠡᠢ᠃ ᠬᠤᠯᠪᠣᠭᠳᠠᠯ ᠪᠦᠬᠦᠢ ᠪᠤᠯᠪᠠᠰᠤᠷᠠᠭᠤᠯᠤᠯ ᠤᠨ ᠪᠠᠶᠢᠭᠤᠯᠤᠮᠵᠢ᠂ ᠳᠡᠭᠡᠳᠦ | ᠰᠤᠷᠭᠠᠭᠤᠯᠢ ᠵᠢᠴᠢ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠳᠤ ᠲᠦᠰᠢᠭᠯᠡᠵᠦ᠂ ᠪᠠᠴᠢᠮ ᠪᠠᠶᠢᠳᠠᠯ ᠢ | ᠠᠷᠭᠠᠴᠠᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠦᠷᠭᠦᠯᠵᠢᠯᠡᠨ ᠬᠦᠮᠦᠵᠢᠭᠦᠯᠬᠦ ᠠᠵᠢᠯ ᠢ ᠦᠷᠨᠢᠭᠦᠯᠬᠦ ᠬᠡᠷᠡᠭᠲᠡᠢ | ᠃ ᠴᠢᠳᠠᠪᠤᠷᠢᠲᠠᠨ ᠣᠷᠢᠵᠤ ᠤᠶᠤᠨ ᠤ ᠮᠡᠳᠡᠯᠭᠡ ᠶᠢ ᠣᠷᠤᠭᠤᠯᠤᠨ ᠠᠪᠴᠢᠷᠠᠬᠤ ᠡᠯ᠎ᠡ ᠲᠦᠷᠦᠯ ᠤᠨ ᠲᠦᠯᠦᠪᠯᠡᠭᠡ ᠶᠢ | ᠠᠰᠢᠭᠯᠠᠵᠤ᠂ ᠬᠠᠮᠢᠶ᠎ᠠ ᠪᠦᠬᠦᠢ ᠳᠦᠬᠦᠷᠵᠢᠭᠦᠯᠬᠦ ᠦᠢᠯᠡᠴᠢᠯᠡᠭᠡ ᠶᠢ ᠲᠡᠭᠦᠯᠳᠡᠷᠵᠢᠭᠦᠯᠦᠨ᠂ ᠭᠠᠳᠠᠭᠠᠲᠤ ᠳᠤ ᠪᠠᠶᠢᠭ᠎ᠠ | ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠤᠯᠤᠰ ᠲᠠᠭᠠᠨ ᠪᠤᠴᠠᠵᠤ ᠢᠷᠡᠬᠦ ᠪᠣᠶᠣ ᠳᠤᠮᠳᠠᠳᠤ ᠤᠯᠤᠰ ᠲᠤ ᠢᠷᠡᠵᠦ | ᠠᠳᠠᠯ ᠦᠢᠯᠡᠰ ᠴᠣᠭᠴᠠᠯᠠᠬᠤ ᠶᠢ ᠵᠣᠷᠢᠬᠵᠢᠭᠤᠯᠬᠤ ᠬᠡᠷᠡᠭᠲᠡᠢ᠃ | ︵ᠬᠤᠷᠢᠨ ᠨᠢᠭᠡ︶ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠵᠤ | ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ | ᠠᠵᠢᠯᠯᠠᠭᠠᠨ ᠢ ᠬᠢᠨᠠᠨ ᠰᠢᠨᠵᠢᠵᠦ ᠵᠠᠳᠠᠯᠬᠤ ᠭᠦᠢᠴᠡᠳᠭᠡᠯ ᠲᠣᠭᠠᠨ ᠤ ᠰᠢᠰᠲ᠋ᠧᠮᠵᠢ ᠪᠣᠯᠣᠨ ᠪᠦᠷᠢᠳᠭᠡᠬᠦ ᠳᠦᠷᠢᠮ ᠢ | ᠪᠠᠶᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠤ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠤᠳᠠᠯ ᠬᠠᠭᠤᠷᠮᠠᠭ ᠮᠠᠭᠤ ᠦᠢᠯᠡᠳᠭᠦᠨ | ᠦᠢᠯᠡᠳᠪᠦᠷᠢᠯᠡᠬᠦ ᠪᠠ ᠡᠵᠡᠩᠨᠡᠨ ᠪᠣᠷᠤᠯᠠᠭᠤᠯᠬᠤ ᠵᠡᠷᠭᠡ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠤᠰᠤᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠣᠳᠣ ᠶᠢᠨ ᠪᠠᠶᠢᠭ᠎ᠠ ᠤᠯᠤᠰ ᠪᠠ ᠨᠡᠶᠢᠭᠡᠮ ᠤᠨ ᠪᠠᠶᠢᠴᠠᠭᠠᠨ | ᠰᠢᠨᠵᠢᠬᠦ ᠡᠬᠢ ᠪᠠᠶᠠᠯᠢᠭ ᠲᠤ ᠲᠦᠰᠢᠭᠯᠡᠨ᠂ ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠢ ᠪᠠᠶᠢᠴᠠᠭᠠᠨ ᠰᠢᠨᠵᠢᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠦᠮᠦᠨ ᠤ ᠠᠮᠢ ᠨᠠᠰᠤᠨ ᠤ ᠠᠮᠦᠷ ᠲᠥᠪᠰᠢᠨ ᠳᠤ ᠬᠤᠯᠪᠣᠭᠳᠠᠬᠤ | ᠪᠠᠴᠢᠮ ᠪᠠᠶᠢᠳᠠᠯ ᠢ ᠠᠷᠭᠠᠴᠠᠬᠤ ᠦᠢᠯᠡᠳᠭᠦᠨ ᠤ ᠦᠨᠡᠮᠰᠢᠨ ᠭᠡᠷᠡᠴᠢᠯᠡᠬᠦ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠤᠨ ᠵᠣᠬᠢᠶᠠᠨ | ᠪᠠᠶᠢᠭᠤᠯᠤᠯᠲᠠ ᠶᠢ ᠵᠣᠷᠢᠬᠵᠢᠭᠤᠯᠤᠨ ᠬᠦᠭᠵᠢᠭᠦᠯᠵᠦ᠂ ᠠᠵᠢᠯ ᠲᠦᠷᠦᠯ ᠤᠨ ᠬᠢᠨ ᠤ ᠦᠪᠡᠷ ᠢ ᠪᠠᠨ ᠱᠠᠭᠠᠷᠳᠠᠬᠤ ᠪᠠ | ᠢᠲᠡᠭᠡᠮᠵᠢ ᠳᠤ ᠦᠨᠡᠯᠡᠯᠲᠡ ᠬᠢᠬᠦ ᠶᠢ ᠴᠢᠩᠭᠠᠳᠬᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠠᠵᠤ | ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠨᠢ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠣᠯᠣᠨ ᠭᠠᠵᠠᠷ ᠰᠢᠷᠤᠢ ᠶᠢᠨ ᠠᠰᠢᠭᠯᠠᠯᠲᠠ ᠶᠢᠨ | ᠶᠡᠷᠦᠩᠬᠡᠢ ᠲᠦᠯᠦᠪᠵᠢᠭᠦᠯᠭᠡ ᠯᠦᠭᠡ ᠨᠡᠶᠢᠴᠡᠬᠦ ᠤᠷᠢᠳᠠᠯ ᠳᠣᠣᠷ᠎ᠠ ᠳᠡᠮᠵᠢᠯᠭᠡ ᠦᠵᠡᠭᠦᠯᠬᠦ ᠬᠡᠷᠡᠭᠲᠡᠢ᠃ | ᠵᠢᠷᠭᠤᠭ᠎ᠠ᠂ ᠵᠣᠬᠢᠶᠠᠨ ᠪᠠᠶᠢᠭᠤᠯᠵᠤ ᠵᠣᠬᠢᠴᠠᠭᠤᠯᠬᠤ | ︵ᠬᠤᠷᠢᠨ ᠬᠤᠶᠠᠷ︶ ᠠᠵᠢᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠠᠵᠤ ᠦᠢᠯᠡᠳᠪᠦᠷᠢ ᠪᠠ | ᠮᠡᠳᠡᠭᠡ ᠵᠠᠩᠬᠢᠵᠢᠯᠲᠠ ᠶᠢᠨ ᠶᠠᠮᠦᠨ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ | ᠮᠡᠷᠭᠡᠵᠢᠯ ᠤᠨ ᠶᠠᠮᠦᠨ ᠢᠶᠠᠷ ᠲᠦᠷᠦᠭᠦᠯᠡᠭᠦᠯᠦᠭᠰᠡᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠢ ᠬᠥᠭᠵᠢᠭᠦᠯᠦᠨ | ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠣᠬᠠᠢ ᠳᠤᠨᠢ ᠰᠤᠳᠤᠯᠤᠨ | ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠡᠷᠡᠭᠦᠯ ᠪᠦᠭᠡᠳ ᠥᠳᠲᠡᠷ ᠲᠥᠷᠭᠡᠨ | ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ᠃ ᠣᠨᠴᠠᠯᠢᠭ ᠲᠠᠢ᠂ ᠲᠦᠯᠦᠭᠡᠯᠡᠬᠦ ᠴᠢᠨᠠᠷᠲᠠᠢ ᠠᠵᠤ ᠠᠬᠤᠶᠢᠯᠠᠯ ᠢ | ᠰᠤᠩᠭᠤᠵᠤ᠂ ᠬᠠᠷᠢᠯᠴᠠᠬᠤ ᠴᠢᠭ ᠤᠨ ᠲᠣᠭᠲᠠᠴᠠ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠮᠦᠷᠲᠡᠵᠦ᠂ ᠠᠮᠵᠢᠯᠲᠠ ᠲᠠᠢ ᠲᠣᠷᠰᠢᠯᠭ᠎ᠠ ᠪᠣᠯᠣᠨ ᠠᠷᠭ᠎ᠠ ᠪᠠᠷᠢᠯ ᠢ | ᠳ᠋ᠦᠩᠨᠡᠨ ᠳᠡᠯᠭᠡᠷᠡᠭᠦᠯᠬᠦ ᠬᠡᠷᠡᠭᠲᠡᠢ᠃ | ︵ᠬᠤᠷᠢᠨ ᠭᠤᠷᠪᠠ︶ ᠰᠢᠮᠳᠠᠭᠤᠯᠤᠨ ᠪᠠᠶᠢᠴᠠᠭ᠋ᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ | ᠬᠥᠭᠵᠢᠯᠲᠡ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠣᠳᠤᠷᠢᠳᠤᠯᠭ᠎ᠠ ᠪᠠᠨ | ᠦᠨᠡᠨᠬᠦ ᠴᠢᠩᠭᠠᠳᠬᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠠᠵᠢᠯ ᠤᠨ | ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠪᠤᠲᠠᠲᠠᠢ ᠠᠷᠭ᠎ᠠ ᠬᠡᠮᠵᠢᠶ᠎ᠠ ᠶᠢ ᠱᠠᠯᠠᠪᠳᠠᠨ ᠲᠣᠭᠲᠠᠭ᠋ᠠᠵᠤ᠂ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠪᠤᠲᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠢ ᠬᠦᠭᠵᠢᠭᠦᠯᠦᠨ ᠵᠣᠬᠢᠴᠠᠭᠤᠯᠬᠤ | ᠲᠣᠭᠲᠠᠴᠠ ᠶᠢᠨ ᠲᠦᠷᠦᠭᠦᠯᠡᠨ ᠬᠠᠷᠢᠭᠤᠴᠠᠬᠤ ᠨᠢᠭᠡᠴᠡ ᠨᠦᠭᠦᠳ ᠲᠤᠰ ᠰᠠᠨᠠᠯ ᠢ ᠨᠠᠶᠢᠳᠠᠪᠤᠷᠢᠵᠢᠭᠤᠯᠤᠭᠰᠠᠨ ᠡᠯ᠎ᠡ | ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠪᠠᠶᠢᠳᠠᠯ ᠳᠤ ᠰᠢᠮᠳᠠᠭᠤᠯᠤᠨ ᠪᠠᠶᠢᠴᠠᠭᠠᠬᠤ | ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ | | ᠳᠠᠭᠠᠯᠳᠤᠭᠤᠯᠤᠯ᠄ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠬᠤᠪᠢᠶᠠᠷᠢᠯᠠᠯ ᠤᠨ ᠬᠦᠰᠦᠨᠦᠭᠳᠦ | ᠬᠦᠰᠦᠨᠦᠭᠲᠦ 1 | ᠬᠦᠰᠦᠨᠦᠭᠲᠦ 2 | ᠬᠦᠰᠦᠨᠦᠭᠲᠦ 3 | ᠬᠦᠰᠦᠨᠦᠭᠲᠦ 4 | ᠬᠦᠰᠦᠨᠦᠭᠲᠦ 5 | |