ᠰᠤᠷᠪᠤᠯᠵᠢᠯᠠᠭᠴᠢ ᠥᠴᠥᠭᠡᠳᠦᠷ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ | ᠲᠣᠪᠴᠢᠶ᠎ᠠ ᠠᠴᠠ ᠤᠶᠢᠯᠠᠭᠠᠭᠰᠠᠨ ᠨᠢ᠂ 2015 ᠣᠨ ᠳᠤ ᠲᠤᠰ ᠲᠣᠪᠴᠢᠶ᠎ᠠ ᠶᠢᠨ ᠰᠢᠯᠭᠠᠨ ᠪᠠᠶᠢᠴᠠᠭᠠᠨ ᠬᠢᠵᠢᠭ | ᠪᠠᠶᠢᠴᠠᠭᠠᠵᠤ ᠭᠠᠳᠠᠭᠠᠳᠤ ᠠᠴᠠ ᠤᠷᠤᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠢᠳᠡᠭᠡᠨ ᠨᠡᠶᠢᠲᠡ 100.14 | ᠲᠦᠮᠡᠨ ᠲᠣᠨ ᠳᠤ ᠬᠦᠷᠴᠦ᠂ ᠪᠠᠷᠠᠭᠠᠨ ᠤ ᠦᠷᠳᠡᠭ ᠨᠢ 10.38 ᠳ᠋ᠦᠡᠭᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 25.57% ᠪᠠ 53.86% ᠪᠠᠷ ᠨᠡᠮᠡᠭᠳᠡᠵᠤ᠂ ᠰᠢᠨ᠎ᠡ ᠰᠢᠪᠲᠤᠯᠤᠯᠲᠠ ᠲᠠᠢ | ᠪᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠪᠦᠬᠦ ᠵᠢᠯ ᠳᠤ ᠭᠠᠳᠠᠭᠠᠳᠤ ᠠᠴᠠ ᠤᠷᠤᠭᠤᠯᠤᠭᠰᠠᠨ ᠬᠢᠷᠢ ᠲᠡᠩᠴᠡᠭᠦ | ᠦᠭᠡᠶ ᠢᠳᠡᠭᠡᠨ ᠢ 1538 ᠪᠦᠯᠦᠭ ᠤᠳᠠᠭ᠎ᠠ ᠪᠠᠶᠢᠴᠠᠭᠠᠨ ᠤᠯᠵᠤ᠂ ᠠᠳᠠᠯᠢ ᠬᠤᠭᠤᠴᠠᠭᠠᠨ ᠠᠴᠠ 14 ᠳᠠᠬᠢᠨ | ᠨᠡᠮᠡᠭᠳᠡᠪᠡ᠃ | ᠣᠶᠢᠯᠠᠭᠠᠭᠰᠠᠨ ᠢᠶᠠᠷ᠂ ᠲᠤᠰ ᠲᠣᠪᠴᠢᠶ᠎ᠠ ᠲᠦᠷᠦᠯ ᠬᠤᠪᠢᠶᠠᠨ ᠬᠠᠮᠢᠶᠠᠷᠬᠤ ᠶᠢ ᠢᠳᠡᠪᠬᠢᠲᠡᠶ | ᠨᠠᠷᠢᠯᠢᠭᠵᠢᠭᠤᠯᠬᠤ ᠪᠠᠷ ᠳᠠᠮᠵᠢᠭᠤᠯᠤᠨ᠂ ᠮᠠᠨ ᠤ ᠣᠷᠣᠨ ᠤ ᠭᠠᠳᠠᠭᠠᠳᠤ ᠳᠤ ᠭᠠᠷᠭᠠᠬᠤ ᠢᠳᠡᠭᠡᠨ ᠤ ᠪᠣᠭᠤᠮᠲᠠ | ᠦᠡᠭᠭᠡᠷᠡᠬᠦᠯᠬᠦ ᠳᠤᠮᠳᠠᠴᠢ ᠴᠠᠭ ᠢ ᠬᠠᠭᠠᠰ ᠠᠴᠠ ᠳᠡᠭᠡᠭᠰᠢ ᠪᠤᠭᠤᠨᠢᠰᠬᠠᠪᠠ᠃ ᠡᠭᠦᠨ ᠤ ᠬᠠᠮᠲᠤ ︽ᠤᠯᠤᠰ ᠤᠨ | ᠳᠡᠰ ᠤᠨ ᠭᠠᠳᠠᠭᠠᠳᠤ ᠳᠤ ᠭᠠᠷᠭᠠᠬᠤ ᠢᠳᠡᠭᠡᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ | ᠥᠭᠡᠢ ᠶᠢᠨ ᠵᠢᠱᠢᠶ᠎ᠡ ᠦᠵᠡᠭᠦᠯᠬᠦ ᠣᠷᠣᠨ︾ ᠢ ᠪᠦᠲᠦᠭᠡᠨ ᠪᠠᠶᠢᠭᠤᠯᠬᠤ ᠪᠠᠷ ᠲᠣᠬᠢᠶᠠᠯ ᠪᠣᠯᠭᠠᠨ᠂ ᠦᠨᠳᠦᠰᠦᠲᠡᠨ ᠤ | ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠳᠦᠭᠡ ᠱᠤᠷᠬᠠᠯᠢᠭ ᠵᠠᠮᠠᠭ ᠤᠨ ᠦᠢᠯᠡᠳᠬᠦᠨ ᠤ ᠶᠠᠰᠤ | ᠴᠢᠨᠠᠷ ᠤᠨ ᠠᠶᠤᠯ ᠥᠭᠡᠢ ᠶᠢᠨ ᠵᠢᠱᠢᠶ᠎ᠡ ᠦᠵᠡᠭᠦᠯᠬᠦ ᠣᠷᠣᠨ᠂ ᠴᠠᠭᠠᠨ ᠢᠳᠡᠭᠡᠨ ᠤ ᠶᠠᠰᠤ ᠴᠢᠨᠠᠷ ᠤᠨ ᠠᠶᠤᠯ | ᠥᠭᠡᠢ ᠶᠢᠨ ᠵᠢᠱᠢᠶ᠎ᠡ ᠦᠵᠡᠭᠦᠯᠬᠦ ᠣᠷᠣᠨ ᠪᠤᠯᠤᠨ ᠨᠡᠷᠡᠨ ᠬᠤᠸᠠᠷ ᠤᠨ ᠦᠷ᠎ᠡ ︵ᠴᠦᠮ᠎ᠡ︶ ᠶᠢᠨ ᠦᠢᠯᠡᠳᠬᠦᠨ ᠤ | ᠶᠠᠰᠤ ᠴᠢᠨᠠᠷ ᠤᠨ ᠠᠶᠤᠯ ᠥᠭᠡᠢ ᠶᠢᠨ ᠵᠢᠱᠢᠶ᠎ᠡ ᠦᠵᠡᠭᠦᠯᠬᠦ ᠣᠷᠣᠨ ᠵᠡᠷᠭᠡ 3 ᠤᠯᠤᠰ ᠤᠨ ᠳᠡᠰ ᠤᠨ ᠢᠳᠡᠭᠡᠨ ᠤ | ᠶᠠᠰᠤ ᠴᠢᠨᠠᠷ ᠤᠨ ᠠᠶᠤᠯ ᠦᠭᠡᠢ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠪᠦᠲᠦᠭᠡᠨ | ᠪᠠᠶᠢᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ ᠶᠡᠭᠡ ᠬᠡᠮᠵᠢᠶᠡᠨ ᠤ ᠶᠡᠷᠦᠩᠭᠡᠶᠢᠯᠡᠭᠰᠡᠨ ᠪᠦᠲᠦᠭᠡᠭᠳᠡᠬᠦᠨ ᠢ | ᠭᠠᠳᠠᠭᠠᠳᠤ ᠳᠤ ᠭᠠᠷᠭᠠᠬᠤ ᠶᠢ ᠠᠬᠢᠭᠤᠯᠵᠤ᠂ ᠮᠠᠨ ᠤ ᠣᠷᠣᠨ ᠤ ᠲᠠᠷᠢᠶᠠᠴᠢᠳ ᠤᠨ ᠣᠷᠣᠯᠭ᠎ᠠ ᠶᠢ 26.4 | ᠳ᠋ᠦᠡᠭᠰᠢᠭᠤᠷ ᠲᠥᠭᠦᠷᠢᠭ ᠨᠡᠮᠡᠭᠳᠡᠭᠦᠯᠦᠨ᠂ ᠠᠳᠠᠯ ᠦᠢᠯᠡᠰ ᠴᠤᠭᠴᠠᠯᠠᠬᠤ ᠠᠵᠢᠯ ᠣᠯᠭᠤᠬᠤ ᠠᠵᠢᠯ ᠤᠨ ᠪᠠᠶᠢᠷᠢ | ᠪᠠᠷᠤᠭ 1.1 ᠲᠦᠮᠡᠨ ᠬᠥᠮᠦᠨ ᠳᠤ ᠬᠦᠷᠴᠦ᠂ 8 ᠳ᠋ᠦᠩᠰᠢᠭᠤᠷ ᠭᠠᠷᠤᠢ ᠲᠥᠭᠦᠷᠢᠭ ᠤᠨ ᠭᠠᠶᠢᠯᠢ ᠲᠤᠰᠢᠶᠠᠵᠠᠢ᠃ | ᠡᠭᠦᠨ ᠠᠴᠠ ᠭᠠᠳᠠᠨ᠎ᠠ᠂ ᠲᠤᠰ ᠲᠣᠪᠴᠢᠶ᠎ᠠ ᠰᠢᠯᠭᠠᠨ ᠪᠠᠶᠢᠴᠠᠭᠠᠬᠤ ᠬᠢᠨᠠᠨ ᠬᠠᠮᠢᠶᠠᠷᠬᠤ ᠠᠷᠭ᠎ᠠ ᠮᠠᠶ᠋ᠢᠭ ᠢᠶᠠᠨ | ᠬᠤᠪᠢᠷᠠᠭᠤᠯᠬᠤ ᠪᠠᠷ ᠰᠢᠪᠲᠤᠯᠤᠯᠲᠠ ᠶᠢᠨ ᠴᠢᠭ᠋ ᠪᠣᠯᠭᠠᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠢᠳᠡᠭᠡᠨ ᠤ ︽ᠲᠦᠷᠭᠡᠨ ᠰᠢᠯᠭᠠᠵᠤ ᠲᠦᠷᠭᠡᠨ ᠦᠡᠭᠭᠡᠷᠡᠬᠦᠯᠬᠦ︾ ᠶᠢ ᠪᠡᠶᠡᠯᠡᠬᠦᠯᠪᠡ᠃ ᠪᠦᠷᠢᠳᠬᠡᠯ ᠠᠴᠠ | ᠦᠵᠡᠪᠡᠯ᠂ ᠪᠦᠬᠦ ᠵᠢᠯ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ 94 ᠡᠷᠦᠬᠡ ᠢᠳᠡᠭᠡᠨ ᠤ | ᠬᠤᠳᠠᠯᠳᠤᠭᠠᠴᠢᠨ ᠢ ᠳᠠᠩᠰᠠᠯᠠᠨ ᠲᠡᠮᠳᠡᠭᠯᠡᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠵᠤ | ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢ ᠡᠵᠡᠮᠳᠡᠵᠦ ᠪᠣᠯᠬᠤ ᠶᠢ ᠪᠡᠶᠡᠯᠡᠬᠦᠯᠦᠭᠰᠡᠨ ᠤ | ᠰᠠᠭᠤᠷᠢᠨ ᠳᠡᠭᠡᠷ᠎ᠡ᠂ ᠭᠠᠳᠠᠭᠠᠳᠤ ᠠᠴᠠ ᠣᠷᠣᠭᠤᠯᠬᠤ ᠢᠳᠡᠭᠡᠨ ᠤ ᠰᠢᠯᠭᠠᠨ ᠪᠠᠶᠢᠴᠠᠭᠠᠵᠤ ᠦᠡᠭᠭᠡᠷᠡᠬᠦᠯᠬᠦ | ᠬᠤᠷᠳᠤᠴᠠ ᠶᠢ 3 ᠡᠳᠦᠷ ᠠᠴᠠ ᠳᠡᠭᠡᠭᠰᠢ ᠲᠦᠷᠭᠡᠨ ᠪᠤᠯᠭᠠᠭᠰᠠᠨ ᠪᠠᠶᠢᠨ᠎ᠠ᠃ |