ᠲᠥᠷᠥ ᠶᠢᠨ ᠶᠠᠪᠤᠳᠠᠯ ᠤᠨ ᠬᠤᠷᠢᠶ᠎ᠠ ᠣᠷᠴᠢᠮᠬᠠᠨ ᠠᠯᠠᠱᠠ ᠵᠡᠭᠦᠨ ᠬᠤᠰᠢᠭᠤᠨ ᠤ ᠦᠯᠵᠠᠢ ᠵᠠᠰᠠᠮᠠᠯ ᠵᠠᠮ ᠤᠨ | ᠪᠣᠭᠤᠮᠲᠠ ᠶᠢᠨ ᠭᠠᠳᠠᠭᠰᠢ ᠨᠡᠭᠡᠭᠡᠬᠦ ᠶᠢ ᠠᠯᠪᠠᠨ ᠶᠣᠰᠣ ᠪᠠᠷ ᠴᠣᠬᠤᠯᠠᠪᠤᠷᠢᠯᠠᠨ ᠬᠠᠷᠢᠭᠤᠯᠪᠠ ᠃ | | ᠲᠥᠷᠥ ᠶᠢᠨ ᠶᠠᠪᠤᠳᠠᠯ ᠤᠨ ᠬᠤᠷᠢᠶ᠎ᠠ ᠴᠣᠬᠤᠯᠠᠪᠤᠷᠢ ᠳᠠᠭᠠᠨ ᠵᠢᠭᠠᠵᠤ ᠭᠠᠷᠭᠠᠭᠰᠠᠨ ᠨᠢ᠄ ᠦᠯᠵᠠᠢ | ᠪᠣᠭᠤᠮᠲᠠ ᠶᠢᠨ ᠰᠢᠨᠵᠢ ᠴᠢᠨᠠᠷ ᠨᠢ ᠬᠤᠶᠠᠷ ᠲᠠᠯ᠎ᠠ ᠶᠢᠨ ᠴᠢᠨᠠᠷᠲᠠᠶ ᠵᠢᠯ ᠲᠤᠷᠰᠢ ᠨᠡᠭᠡᠭᠡᠬᠦ ᠵᠠᠰᠠᠮᠠᠯ ᠵᠠᠮ ᠤᠨ ᠪᠠᠷᠠᠭᠠᠨ ᠤ | ᠲᠡᠭᠡᠭᠡᠪᠦᠷᠢ ᠶᠢᠨ ᠪᠣᠭᠤᠮᠲᠠ ᠪᠣᠯᠤᠨ᠎ᠠ᠃ ᠦᠯᠵᠠᠢ ᠪᠣᠭᠤᠮᠲᠠ ᠶᠢᠨ ᠵᠢᠩᠬᠢᠨᠢ ᠬᠤᠷᠢᠶᠠᠨ ᠳᠡᠰ ᠤᠨ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠪᠠᠶᠢᠭᠤᠯᠤᠮᠵᠢ ᠬᠢᠭᠡᠳ ᠵᠢᠩᠬᠢᠨᠢ ᠭᠠᠵᠠᠷ ᠤᠨ ᠳᠡᠰ ᠤᠨ ᠪᠣᠭᠤᠮᠲᠠ᠂ ᠬᠢᠯᠢ ᠪᠠᠷ | ᠭᠠᠷᠬᠤ ᠣᠷᠣᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ ᠶᠢ ᠵᠥᠪᠰᠢᠶᠡᠷᠡᠵᠦ᠂ | 97 ᠪᠠᠶᠢᠴᠠᠭᠠᠨ ᠰᠢᠯᠭᠠᠬᠤ ᠠᠵᠢᠯᠲᠠᠨ ᠤ ᠣᠷᠣᠨ ᠲᠤᠭ᠎ᠠ ᠶᠢ ᠬᠢᠨᠠᠨ ᠲᠣᠭᠲᠠᠭᠠᠨ᠂ ᠪᠦᠬᠦᠨ ᠢ ᠡᠯ᠎ᠡ ᠬᠢᠨᠠᠨ | ᠪᠠᠶᠢᠴᠠᠭᠠᠬᠤ ᠰᠢᠰᠲ᠋ᠧᠮ ᠤᠨ ᠳᠣᠲᠣᠭᠠᠳᠤ ᠳᠠᠭᠠᠨ ᠲᠣᠬᠢᠷᠠᠭᠤᠯᠤᠨ ᠰᠢᠢᠳᠪᠦᠷᠢᠯᠡᠵᠦ᠂ ᠠᠰ ᠲᠤᠨᠢ ᠨᠡᠮᠡᠬᠦ ᠦᠭᠡᠢ᠃ | ᠦᠯᠵᠡᠢ ᠪᠣᠭᠤᠮᠲᠠ ᠶᠢ ᠭᠠᠳᠠᠭᠰᠢ ᠨᠡᠭᠡᠭᠡᠬᠦ ᠠᠴᠠ ᠡᠮᠦᠨ᠎ᠡ᠂ ᠪᠣᠭᠤᠮᠲᠠ ᠶᠢᠨ ᠶᠡᠷᠦᠩᠬᠡᠶ ᠵᠠᠬᠢᠷᠭ᠎ᠠ ᠠᠴᠠ ᠬᠤᠯᠪᠣᠭᠳᠠᠯ | ᠪᠥᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠰᠢᠯᠭᠠᠨ ᠠᠪᠴᠤ᠂ ᠰᠢᠯᠭᠠᠨ ᠠᠪᠬᠤ ᠳᠤ ᠬᠢᠷᠢ ᠲᠡᠩᠴᠡᠭᠰᠡᠨ | ᠪᠥᠭᠡᠳ ᠳᠤᠮᠳᠠᠳᠤ ᠮᠣᠩᠭᠤᠯ ᠬᠤᠶᠠᠷ ᠤᠯᠤᠰ ᠤᠨ ᠭᠠᠳᠠᠭᠠᠳᠤ ᠬᠠᠷᠢᠯᠴᠠᠭᠠᠨ ᠤ ᠪᠢᠴᠢᠭ ᠢ ᠰᠣᠯᠢᠯᠴᠠᠭᠰᠠᠨ ᠤ | ᠳᠠᠷᠠᠭ᠎ᠠ ᠵᠢᠩᠬᠢᠨᠢ ᠪᠠᠷ ᠨᠡᠪᠲᠡᠷᠡᠨ᠎ᠡ᠃ | | ᠦᠯᠵᠡᠢ ᠵᠠᠰᠠᠮᠠᠯ ᠵᠠᠮ ᠤᠨ ᠪᠣᠭᠤᠮᠲᠠ ᠶᠢ ᠠᠯᠠᠱᠠ ᠵᠡᠭᠦᠨ ᠬᠤᠰᠢᠭᠤᠨ ᠤ ᠦᠯᠵᠠᠢ ᠰᠤᠮᠤ ᠶᠢᠨ | ᠬᠢᠯᠢ ᠳᠣᠲᠣᠷ᠎ᠠ ᠰᠤᠩᠭᠤᠨ ᠰᠠᠭᠤᠷᠢᠰᠢᠭᠤᠯᠵᠤ᠂ ᠤᠯᠤᠰ ᠤᠨ ᠳᠤᠲᠤᠭᠠᠳᠤ ᠳᠠᠭᠠᠨ ᠪᠠᠷᠠᠭᠤᠨ ᠬᠤᠶᠢᠲᠤ ᠣᠷᠣᠨ᠂ | ᠤᠮᠠᠷᠠᠲᠤ ᠣᠷᠣᠨ᠂ ᠳᠤᠮᠳᠠᠳᠤ ᠣᠷᠣᠨ ᠵᠡᠷᠭᠡ ᠭᠠᠵᠠᠷ ᠣᠷᠣᠨ ᠢ ᠰᠠᠴᠤᠷᠠᠭᠤᠯᠵᠤ᠂ ᠬᠠᠮᠲᠤ ᠠᠽᠢᠶ᠎ᠠ | ᠧᠦ᠋ᠷᠣᠫᠠ ᠶᠢᠨ ᠡᠬᠡ ᠬᠠᠭᠤᠷᠠᠶ ᠶᠢᠨ ᠬᠥᠭᠦᠷᠭᠡ ᠬᠤᠯᠪᠣᠭᠠᠰᠤ ᠪᠣᠯᠵᠤ︔ ᠭᠠᠳᠠᠭᠰᠢ ᠮᠣᠩᠭᠤᠯ ᠤᠯᠤᠰ ᠤᠨ ᠪᠠᠶᠠᠨ | ᠬᠤᠩᠭᠤᠷ᠂ ᠡᠮᠦᠨᠡᠭᠤᠪᠢ᠂ ᠥᠪᠥᠷ ᠬᠠᠩᠭᠠᠶ᠂ ᠠᠷᠤ ᠬᠠᠩᠭᠠᠶ ᠪᠠ ᠭᠤᠪᠢ ᠠᠯᠲᠠᠶ ᠵᠡᠷᠭᠡ ᠲᠠᠪᠤᠨ ᠠᠶᠢᠮᠠᠭ ᠢ | ᠰᠠᠴᠤᠷᠠᠭᠤᠯᠤᠨ᠎ᠠ᠃ ᠪᠣᠭᠤᠮᠲᠠ ᠶᠢ ᠪᠦᠳᠦᠭᠡᠨ ᠪᠠᠶᠢᠭᠤᠯᠤᠠ ᠨᠡᠭᠡᠭᠡᠬᠦ ᠨᠢ᠂ ︽ᠨᠢᠭᠡ ᠪᠦᠰᠡ ᠨᠢᠭᠡ ᠵᠠᠮ︾ ᠵᠡᠷᠭᠡ | ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠠᠵᠤ ᠠᠬᠤᠶ ᠶᠢᠨ ᠪᠦᠲᠦᠴᠡ ᠶᠢᠨ ᠲᠣᠭᠢᠷᠠᠭᠤᠯᠣᠯᠳᠠ ᠶᠢ | ᠲᠦᠷᠭᠡᠳᠬᠡᠬᠦ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠂ ᠰᠠᠭᠠᠳ ᠦᠭᠡᠢ ᠨᠡᠪᠲᠡᠷᠡᠬᠦ ᠵᠠᠮ ᠢ ᠲᠥᠷᠭᠡᠳᠬᠡᠵᠦ᠂ | ᠶᠡᠭᠡ ᠨᠡᠭᠡᠭᠡᠯᠲᠡ ᠶᠢ ᠠᠬᠢᠭᠤᠯᠬᠤ᠂ ᠶᠡᠭᠡ ᠬᠥᠭᠵᠢᠯᠲᠡ ᠶᠢ ᠪᠡᠶᠡᠯᠡᠭᠦᠯᠬᠦ ᠪᠣᠯᠣᠨ᠎ᠠ᠃ | | |