ᠥᠪᠥᠷ ᠮᠣᠩᠭᠤᠯ ᠡᠨᠡ ᠵᠢᠯ 13 ᠲᠦᠮᠡᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠨᠠᠶᠢᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ ᠪᠤᠢ
ᠨᠡᠶᠢᠲᠡᠯᠡᠭᠰᠡᠨ ᠴᠠᠭ᠄
2016/2/18
     ᠡᠨᠡ ᠵᠢᠯ ᠥᠪᠥᠷ ᠮᠣᠩᠭᠤᠯ ᠤᠶᠤᠲᠠᠳ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠯᠡᠭᠡ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠠᠮ ᠢ ᠥᠷᠭᠡᠳᠬᠡᠵᠦ᠂ 13 ᠲᠦᠮᠡᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠤᠯᠭᠤᠬᠤ ᠪᠤᠶᠤ ᠠᠵᠢᠯ ᠣᠯᠭᠤᠬᠤ ᠬᠠᠨᠳᠤᠰᠢ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠪᠤᠯᠤᠨ᠎ᠠ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠶᠤᠲᠠᠳ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ︽ᠭᠤᠷᠪᠠ ᠶᠢ ᠳᠡᠮᠵᠢᠵᠤ ᠨᠢᠭᠡ ᠶᠢ ᠲᠡᠳᠬᠦᠬᠦ︾᠂ ᠪᠠᠷᠠᠭᠤᠨ ᠣᠷᠣᠨ ᠤ ᠰᠠᠶᠢᠨ ᠳᠤᠷᠠᠴᠤᠳ ᠵᠡᠷᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠲᠦᠷᠦᠯ ᠵᠦᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠭᠠᠷᠠᠭ︾ ᠵᠡᠷᠭᠡ ᠲᠤᠰᠬᠠᠶ ᠵᠦᠢᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠬᠦ ᠪᠤᠯᠤᠨ᠎ᠠ᠃ ᠶᠡᠭᠡ ᠰᠤᠷᠭᠠᠭᠤᠯᠢ ᠶᠢᠨ ᠤᠶᠤᠲᠠᠳ ᠤᠨ ᠠᠳᠠᠯ ᠦᠢᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠤᠭᠴᠠᠯᠠᠬᠤ ᠰᠤᠷᠭᠠᠨ ᠬᠥᠮᠦᠵᠢᠯ ᠬᠢᠭᠡᠳ ᠪᠣᠯᠪᠠᠰᠤᠷᠠᠯ᠂ ᠪᠡᠯᠡ ᠮᠥᠩᠭᠦᠨ ᠤ ᠳᠡᠮᠵᠢᠯᠭᠡ᠂ ᠠᠳᠠᠯ ᠦᠢᠯᠡᠰ ᠴᠣᠭᠴᠠᠯᠠᠬᠤ ᠲᠠᠯᠠᠪᠤᠷ ᠤᠯᠭᠤᠬᠤ ᠳᠡᠮᠵᠢᠯᠭᠡ᠂ ᠭᠠᠶᠢᠯᠢ ᠰᠦᠢᠳᠬᠡᠯ ᠬᠦᠡᠭᠭᠡᠷᠡᠬᠦᠯᠵᠤ ᠬᠡᠯᠲᠦᠷᠢᠭᠦᠯᠬᠦ ᠵᠡᠷᠭᠡ ᠠᠯᠢ ᠤᠯᠡᠠ ᠲᠦᠷᠦ ᠶᠢᠨ ᠪᠤᠳᠦᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠤᠭᠴᠠᠯᠠᠬᠤ ᠣᠨᠴᠠᠯᠢᠭ ᠪᠦᠬᠦᠢ ᠤᠶᠤᠲᠠᠳ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠣᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠤᠭᠴᠠᠯᠠᠬᠤ ᠳᠤ ᠬᠠᠪᠰᠤᠷᠤᠮᠵᠢ ᠵᠢᠯᠤᠭᠤᠳᠤᠯᠭ᠎ᠠ ᠬᠠᠩᠭᠠᠬᠤ ᠪᠤᠯᠤᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠶᠤᠲᠠᠳ ᠤᠨ ᠠᠳᠠᠯ ᠦᠢᠯᠡᠰ ᠴᠤᠭᠴᠠᠯᠠᠬᠤ ᠱᠠᠩᠨᠠᠯ ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠡᠭᠦᠰᠦᠭᠡᠳ 5 ᠵᠢᠯ ᠤᠨ ᠳᠤᠲᠤᠷᠠᠬᠢ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠲᠡᠭᠦᠰᠬᠦ ᠣᠨ ᠤ ᠰᠤᠷᠭᠠᠭᠤᠯᠢ ᠳᠤ ᠪᠠᠶᠢᠭ᠎ᠠ ᠤᠶᠤᠲᠠᠳ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠠᠳᠠᠯ ᠦᠢᠯᠡᠰ ᠴᠤᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠲᠤ ᠠᠮᠵᠢᠯᠲᠠ ᠲᠠᠢ ᠠᠳᠠᠯ ᠦᠢᠯᠡᠰ ᠴᠣᠭᠴᠠᠯᠠᠭᠰᠠᠨ ᠪᠥᠭᠡᠳ ᠲᠣᠭᠲᠠᠭᠤᠨ ᠢᠶᠠᠷ ᠡᠵᠡᠩᠨᠡᠭᠡᠳ 1 ᠵᠢᠯ ᠠᠴᠠ ᠳᠡᠭᠡᠭᠰᠢ ᠪᠤᠯᠤᠭᠰᠠᠨ ᠳᠤᠨᠢ 1 ᠲᠦᠮᠡᠨ ᠲᠥᠭᠦᠷᠢᠭ ᠠᠴᠠ ᠳᠡᠭᠡᠭᠰᠢᠬᠢ ᠠᠳᠠᠯ ᠦᠢᠯᠡᠰ ᠴᠤᠭᠴᠠᠯᠠᠬᠤ ᠨᠥᠬᠦᠪᠥᠷᠢ ᠤᠯᠭᠤᠨ᠎ᠠ᠃ ᠣᠳᠣᠬᠠᠨ ᠳᠤ᠂ ᠥᠪᠥᠷ ᠮᠣᠩᠭᠤᠯ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠨᠥᠬᠦᠪᠥᠷᠢ ᠶᠢ ᠠᠵᠢᠯ ᠡᠷᠢᠬᠦ ᠠᠳᠠᠯ ᠦᠢᠯᠡᠰ ᠴᠤᠭᠴᠠᠯᠠᠬᠤ ᠨᠥᠬᠦᠪᠥᠷᠢ ᠪᠣᠯᠭᠠᠨ ᠲᠣᠬᠢᠷᠠᠭᠤᠯᠵᠤ᠂ ᠨᠥᠬᠦᠪᠥᠷᠢ ᠬᠦᠷᠲᠡᠭᠰᠡᠳ ᠤᠨ ᠬᠦᠷᠢᠶ᠎ᠡ ᠬᠡᠪᠴᠢᠶ᠎ᠡ ᠶᠢ  ᠤᠯᠤᠰ ᠤᠨ ᠰᠤᠷᠤᠯᠭ᠎ᠠ ᠶᠢᠨ ᠲᠡᠳᠭᠦᠮᠵᠢ ᠶᠢᠨ ᠵᠢᠭᠡᠯᠡᠯᠭᠡ ᠶᠢᠨ ᠮᠥᠩᠭᠦ ᠶᠢ ᠤᠯᠵᠤ ᠪᠠᠶᠢᠭ᠎ᠠ ᠳᠡᠭᠡᠳᠦ ᠰᠤᠷᠭᠠᠭᠤᠯᠢ ᠲᠡᠭᠦᠰᠦᠭᠰᠡᠳ ᠪᠤᠯᠲᠠᠯ᠎ᠠ ᠦᠷᠭᠡᠳᠭᠡᠪᠡ᠃ ᠰᠤᠷᠭᠠᠭᠤᠯᠢ ᠲᠡᠭᠦᠰᠦᠭᠡᠳ 3 ᠵᠢᠯ ᠠᠴᠠ ᠳᠡᠭᠡᠭᠰᠢ ᠪᠤᠯᠤᠭᠰᠠᠨ ᠮᠦᠷᠲᠡᠭᠡᠨ ᠮᠥᠨ ᠬᠦ ᠠᠵᠢᠯ ᠣᠯᠤᠭᠠᠳᠤᠶ ᠮᠣᠩᠭᠤᠯ ᠬᠡᠯᠡ ᠪᠠᠷ ᠰᠣᠷᠣᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠢ ᠠᠵᠢᠯ ᠤᠯᠬᠤ ᠳᠤ ᠬᠦᠴᠢᠷᠲᠡᠶ ᠬᠥᠮᠦᠰ ᠤᠨ ᠬᠦᠷᠢᠶ᠎ᠡ ᠬᠡᠪᠴᠢᠶ᠎ᠡ ᠳᠤ ᠤᠷᠤᠭᠤᠯᠬᠤ ᠶᠢᠨ ᠬᠠᠮᠲᠤ᠂ ᠦᠨᠡᠨ ᠨᠡᠷ᠎ᠡ ᠶᠢᠨ ᠳᠦᠷᠢᠮᠲᠦ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠬᠦᠯᠬᠦ ᠪᠠ ᠲᠦᠷᠦᠯ ᠬᠤᠪᠢᠶᠠᠨ ᠬᠠᠪᠰᠤᠷᠬᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号