ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ | ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠳᠤ | ᠰᠢᠨ᠎ᠡ ᠪᠠᠷ ᠵᠠᠰᠠᠪᠤᠷᠢ ᠣᠷᠣᠭᠤᠯᠵᠤ᠂ 2016 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ᠲᠣᠰ ᠤᠳᠠᠭ᠎ᠠ ᠶᠢᠨ ᠨᠡᠶᠢᠲᠡᠯᠡᠭᠰᠡᠨ ︽ᠠᠷᠭ᠎ᠠ︾ ᠳᠤ᠂ ᠠᠵᠢᠯ ᠤᠯᠬᠤ ᠳᠤ ᠬᠦᠴᠢᠷᠲᠡᠶ | ᠬᠥᠮᠦᠰ ᠭᠡᠳᠡᠭ ᠨᠢ ᠬᠠᠤᠯᠢ ᠪᠠᠷ ᠲᠣᠭᠲᠠᠭᠰᠠᠨ ᠬᠥᠳᠡᠯᠮᠦᠷᠢᠯᠡᠬᠦ ᠨᠠᠰᠤᠨ ᠤ ᠬᠥᠳᠡᠯᠮᠦᠷᠢᠯᠡᠬᠦ ᠴᠢᠳᠠᠪᠤᠷᠢ ᠲᠠᠢ | ᠮᠥᠷᠲᠡᠭᠡᠨ ᠠᠵᠢᠯ ᠤᠯᠬᠤ ᠬᠦᠰᠡᠯ ᠲᠠᠢ ᠲᠡᠷᠡᠴᠢᠯᠡᠨ ᠨᠢᠭᠡᠨᠲᠡ ᠠᠵᠢᠯ ᠠᠯᠳᠠᠭᠰᠠᠳ ᠢᠶᠠᠷ ᠳᠠᠩᠰᠠᠯᠠᠭᠳᠠᠭᠰᠠᠨ | ᠳᠤᠤᠷᠠᠬᠢ ᠬᠥᠮᠦᠰ ᠢ ᠵᠢᠭᠠᠨ᠎ᠠ᠃ ᠪᠣᠳᠠᠲᠠᠶ ᠪᠠᠷ᠄ ᠬᠤᠲᠠ ᠪᠠᠯᠭᠠᠰᠤᠨ ᠤ ᠳᠠᠩᠰᠠᠯᠠᠭᠤᠯᠤᠭᠰᠠᠨ ︽4050︾ ᠤᠨ | ᠠᠵᠢᠯ ᠠᠯᠳᠠᠭᠰᠠᠳ ︵ᠡᠮᠡᠭᠲᠡᠶ ᠪᠦᠬᠦᠯᠢ 40 ᠨᠠᠰᠤ ᠬᠦᠷᠦᠭᠡᠳᠦᠢ᠂ ᠡᠷᠡᠭᠲᠡᠶ ᠪᠦᠬᠦᠯᠢ 50 ᠨᠠᠰᠤ ᠬᠦᠷᠦᠭᠡᠳᠦᠢ︶︔ | ︽ᠵᠡᠮᠳᠡᠭ ᠪᠣᠯᠣᠭᠰᠠᠨ ᠦᠨᠡᠮᠯᠡᠯ︾ ᠲᠠᠢ ᠪᠥᠭᠡᠳ ᠬᠥᠳᠡᠯᠮᠦᠷᠢᠯᠡᠬᠦ ᠴᠢᠳᠠᠪᠤᠷᠢ ᠲᠠᠢ᠂ ᠠᠵᠢᠯ ᠤᠯᠬᠤ ᠬᠦᠰᠡᠯ ᠲᠠᠢ | ᠬᠤᠲᠠ ᠪᠠᠯᠭᠠᠰᠤ ᠶᠢᠨ ᠵᠡᠮᠳᠡᠭᠴᠦᠳ︔ ᠬᠤᠲᠠ ᠪᠠᠯᠭᠠᠰᠤ ᠶᠢᠨ ᠠᠵᠢᠯ ᠦᠭᠡᠢ ᠭᠡᠷ ᠪᠦᠯᠢ ᠶᠢᠨ ᠪᠦᠷᠢᠯᠳᠦᠬᠦᠨ᠂ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ | ᠬᠦᠷᠲᠡᠵᠦ ᠪᠠᠶᠢᠭ᠎ᠠ ᠡᠮᠡᠭᠲᠡᠶ ᠪᠦᠬᠦᠯᠢ 35 ᠨᠠᠰᠤ ᠬᠦᠷᠦᠭᠡᠳᠦᠢ᠂ ᠡᠷᠡᠭᠲᠡᠶ ᠪᠦᠬᠦᠯᠢ 45 ᠨᠠᠰᠤ ᠬᠦᠷᠦᠭᠡᠳᠦᠢ | ᠬᠤᠳᠠ ᠪᠠᠯᠭᠠᠰᠤᠨ ᠤ ᠠᠵᠢᠯ ᠠᠯᠳᠠᠭᠰᠠᠳ ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷ᠎ᠠ | ᠭᠠᠵᠠᠷ ᠰᠢᠷᠣᠶ ᠪᠠᠨ ᠪᠦᠷᠢᠮᠦᠰᠦᠨ ᠠᠯᠳᠠᠭᠰᠠᠨ ᠡᠮᠡᠭᠲᠡᠶ ᠪᠦᠬᠦᠯᠢ 40 ᠨᠠᠰᠤ ᠬᠦᠷᠦᠭᠡᠳᠦᠢ᠂ ᠭᠠᠵᠠᠷ ᠰᠢᠷᠣᠶ ᠪᠠᠨ | ᠠᠯᠳᠠᠭᠰᠠᠨ ᠡᠷᠡᠭᠲᠡᠶ ᠪᠦᠬᠦᠯᠢ 50 ᠨᠠᠰᠤ ᠬᠦᠷᠦᠭᠡᠳᠦᠢ︔ ᠦᠷᠭᠦᠯᠵᠢᠯᠡᠨ ᠠᠵᠢᠯ ᠠᠯᠳᠠᠭᠠᠳ 1 ᠵᠢᠯ ᠠᠴᠠ | ᠳᠡᠭᠡᠭᠰᠢ ᠪᠣᠯᠤᠭᠰᠠᠨ ᠡᠮᠡᠭᠲᠡᠶ ᠪᠦᠬᠦᠯᠢ 35 ᠨᠠᠰᠤ ᠬᠦᠷᠦᠭᠡᠳᠦᠢ᠂ ᠡᠷᠡᠭᠲᠡᠶ ᠪᠦᠬᠦᠯᠢ 45 ᠨᠠᠰᠤ ᠬᠦᠷᠦᠭᠡᠳᠦᠢ | ᠬᠥᠮᠥᠨ᠂ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠵᠢᠯ ᠮᠡᠷᠭᠡᠵᠢᠯ | ᠲᠠᠨᠢᠯᠴᠠᠭᠤᠯᠬᠤ ᠦᠢᠯᠡᠴᠢᠯᠡᠭᠡ ᠶᠢ ᠭᠤᠷᠪᠠ ᠤᠳᠠᠭ᠎ᠠ ᠠᠴᠠ ᠳᠡᠭᠡᠭᠰᠢ ᠬᠠᠩᠭᠠᠭᠰᠠᠨ᠂ ᠲᠤᠰ ᠬᠥᠮᠦᠨ ᠤ ᠪᠤᠰᠤ | ᠰᠢᠯᠲᠠᠭᠠᠨ ᠠᠴᠠ ᠪᠤᠯᠵᠤ ᠠᠵᠢᠯ ᠣᠯᠣᠭᠰᠠᠨ ᠦᠭᠡᠢ ᠬᠤᠲᠠ ᠪᠠᠯᠭᠠᠰᠤ ᠶᠢᠨ ᠠᠵᠢᠯ ᠠᠯᠳᠠᠭᠰᠠᠳ︔ ᠥᠪᠥᠷ | ᠮᠣᠩᠭᠤᠯ ᠤᠨ ᠡᠷᠦᠬᠡ ᠠᠮᠠ ᠲᠠᠢ᠂ ᠰᠤᠷᠭᠠᠭᠤᠯᠢ ᠲᠡᠭᠦᠰᠦᠭᠡᠳ 3 ᠵᠢᠯ ᠠᠴᠠ ᠳᠡᠭᠡᠭᠰᠢ ᠪᠣᠯᠵᠤ ᠪᠠᠶᠢᠭ᠎ᠠ ᠪᠣᠯᠪᠠᠴᠤ | ᠮᠥᠨ ᠬᠦ ᠠᠵᠢᠯ ᠣᠯᠤᠭᠠᠳᠤᠶ ᠮᠣᠩᠭᠤᠯ ᠬᠡᠯᠡ ᠪᠠᠷ ᠰᠣᠷᠣᠭᠰᠠᠨ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ | ᠪᠣᠯᠤᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠪᠠᠭᠲᠠᠨ᠎ᠠ᠃ |