| ᠰᠤᠷᠪᠤᠯᠵᠢᠯᠠᠭᠰᠠᠨ ᠴᠠᠭ᠄ | 2016 ᠣᠨ ᠤ1 ᠳ᠋ᠦ᠋ᠭᠡᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠭᠢᠯᠡᠭᠴᠢ | ᠸᠧᠢ ᠰᠢᠶᠤᠤ ᠮᠢᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠲᠣᠮᠤ ᠬᠡᠯᠪᠡᠷᠢ ᠶᠢᠨ ᠺᠣᠮᠫᠢᠦ᠋ᠲ᠋ᠧᠷ᠂ ᠬᠤᠪᠢ ᠬᠥᠮᠥᠨ ᠤ ᠺᠣᠮᠫᠢᠦ᠋ᠲ᠋ᠧᠷ᠂ ᠢᠨᠲ᠋ᠧᠷ ᠰᠦᠯᠵᠢᠶᠡᠨ ᠤ ᠳᠠᠷᠠᠭ᠎ᠠ᠂ | ᠡᠭᠦᠯᠡᠨ ᠪᠤᠳᠤᠯᠳᠠ ᠨᠢ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠦᠷᠢᠶᠡᠨ ᠳᠠᠬᠢ ᠪᠠᠰᠠ ᠨᠢᠭᠡᠨ ᠴᠠᠭ | ᠦᠶ᠎ᠡ ᠶᠢ ᠵᠠᠭᠠᠭᠯᠠᠭᠰᠠᠨ ᠪᠡᠯᠭᠡ ᠲᠡᠮᠳᠡᠭ ᠪᠣᠯᠬᠤ ᠪᠦᠲᠦᠭᠡᠭᠳᠡᠬᠦᠨ ᠪᠣᠯᠣᠭᠰᠠᠨ ᠤ ᠬᠤᠪᠢ ᠳᠤ᠂ ᠨᠢᠭᠡᠨᠲᠡ ᠣᠳᠣᠬᠢ | ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠪᠣᠯᠤᠨ ᠬᠡᠷᠡᠭᠯᠡᠭᠡᠨ ᠤ ᠰᠢᠨ᠎ᠡ ᠶᠢ ᠡᠭᠦᠳᠬᠦ | ᠬᠠᠯᠠᠮᠰᠢᠯ ᠠᠰᠠᠭᠤᠳᠠᠯ ᠪᠣᠯᠵᠤ᠂ ᠳᠥᠷᠪᠡᠳᠦᠭᠡᠷ ᠤᠳᠠᠭᠠᠨ ᠤ ᠮᠡᠳᠡᠭᠡ ᠵᠠᠩᠭᠢᠵᠢᠯᠲᠠ ᠶᠢᠨ ᠬᠤᠪᠢᠰᠬᠠᠯ ᠤᠨ | ᠬᠤᠷᠢᠭᠯᠠᠭᠳᠠᠰᠢ ᠦᠭᠡᠢ ᠳᠠᠪᠠᠯᠭᠠᠨ ᠢ ᠪᠣᠢ ᠪᠣᠯᠭᠠᠵᠤ᠂ ᠳᠡᠯᠡᠭᠡᠢ ᠳᠠᠶᠠᠭᠠᠷ᠂ ᠤᠯᠤᠰ ᠤᠨ ᠳᠣᠲᠣᠭᠠᠳᠤ ᠳᠤ ᠴᠥᠮ | ᠡᠭᠦᠯᠡᠨ ᠪᠣᠳᠣᠯᠲᠠ ᠶᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠭᠠᠪᠠ᠃ | ᠮᠠᠨ ᠤ ᠣᠷᠣᠨ ᠤ ᠡᠭᠦᠯᠡᠨ ᠪᠤᠳᠤᠯᠳᠠ ᠶᠢᠨ ᠠᠵᠤ ᠦᠢᠯᠡᠰ ᠤᠨ ᠬᠥᠭᠵᠢᠯᠲᠡ ᠶᠢ ᠨᠠᠷᠢᠨ ᠣᠶᠢᠯᠠᠭᠠᠬᠤ ᠶᠢᠨ | ᠲᠥᠯᠥᠭᠡ᠂ ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠭᠢᠯᠡᠭᠴᠢ ᠸᠧᠢ ᠰᠢᠶᠤᠤ ᠮᠢᠩ ᠢ ︽ᠳᠤᠮᠳᠠᠳᠤ ᠤᠯᠤᠰ· ᠥᠪᠥᠷ ᠮᠣᠩᠭᠤᠯ︾ | ᠰᠦᠯᠵᠢᠶᠡᠨ ᠳᠤ ᠤᠷᠢᠬᠤ ᠪᠠᠷ ᠪᠠᠶᠢᠨ᠎ᠠ᠂ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠤᠨ | ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | ᠬᠥᠲᠥᠯᠥᠭᠴᠢ᠄ | ᠰᠦᠯᠵᠢᠶᠡᠨ ᠠᠨᠳᠠ ᠨᠠᠷ ᠮᠢᠨᠢ ᠰᠠᠶᠢᠨ ᠪᠠᠶᠢᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ· | ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠭᠢᠯᠡᠭᠴᠢ ᠸᠧᠢ ᠰᠢᠶᠤᠤ ᠮᠢᠩ ᠢ ᠤᠷᠢᠵᠤ᠂ ᠥᠪᠥᠷ ᠮᠣᠩᠭᠤᠯ ᠤᠨ | ᠡᠭᠦᠯᠡᠨ ᠪᠣᠳᠣᠯᠲᠠ ᠶᠢᠨ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠮᠠᠨ ᠳᠤ ᠲᠠᠶᠢᠯᠤᠮᠵᠢ ᠬᠢᠯᠭᠡᠬᠦ ᠪᠠᠷ ᠪᠤᠢ᠃ | ᠸᠧᠶ ᠡᠷᠬᠢᠯᠡᠭᠴᠢ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠸᠧᠢ ᠰᠢᠶᠤᠤ ᠮᠢᠩ᠄ | ᠬᠥᠲᠥᠯᠥᠭᠴᠢ ᠰᠠᠶᠢᠨᠣᠣ᠂ ᠰᠦᠯᠵᠢᠶᠡᠨ ᠠᠨᠳᠠ ᠨᠠᠷ ᠰᠠᠶᠢᠨ ᠪᠠᠶᠢᠨ᠎ᠠ ᠤᠤ︕ | ᠬᠥᠲᠥᠯᠥᠭᠴᠢ᠄ | ᠸᠧᠶ ᠡᠷᠬᠢᠯᠡᠭᠴᠢ᠂ ᠲᠣᠮᠤ ᠬᠡᠯᠪᠡᠷᠢ ᠶᠢᠨ ᠺᠣᠮᠫᠢᠦ᠋ᠲ᠋ᠧᠷ᠂ ᠬᠤᠪᠢ ᠬᠥᠮᠥᠨ ᠤ ᠺᠣᠮᠫᠢᠦ᠋ᠲ᠋ᠧᠷ᠂ ᠢᠨᠲ᠋ᠧᠷ | ᠰᠦᠯᠵᠢᠶᠡᠨ ᠤ ᠳᠠᠷᠠᠭ᠎ᠠ᠂ ᠡᠭᠦᠯᠡᠨ ᠪᠤᠳᠤᠯᠳᠠ ᠨᠢ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ | ᠬᠦᠷᠢᠶᠡᠨ ᠳᠠᠬᠢ ᠪᠠᠰᠠ ᠨᠢᠭᠡᠨ ᠴᠠᠭ ᠦᠶ᠎ᠡ ᠶᠢ ᠵᠠᠭᠠᠭᠯᠠᠭᠰᠠᠨ ᠪᠡᠯᠭᠡ ᠲᠡᠮᠳᠡᠭ ᠪᠣᠯᠬᠤ ᠪᠦᠲᠦᠭᠡᠭᠳᠡᠬᠦᠨ | ᠪᠣᠯᠣᠭᠰᠠᠨ ᠤ ᠬᠤᠪᠢ ᠳᠤ᠂ ᠨᠢᠭᠡᠨᠲᠡ ᠣᠳᠣᠬᠢ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ | ᠬᠥᠭᠵᠢᠯᠲᠡ ᠪᠣᠯᠤᠨ ᠬᠡᠷᠡᠭᠯᠡᠭᠡᠨ ᠤ ᠰᠢᠨ᠎ᠡ ᠶᠢ ᠡᠭᠦᠳᠬᠦ ᠬᠠᠯᠠᠮᠰᠢᠯ ᠠᠰᠠᠭᠤᠳᠠᠯ ᠪᠣᠯᠵᠤ᠂ ᠳᠥᠷᠪᠡᠳᠦᠭᠡᠷ ᠤᠳᠠᠭᠠᠨ ᠤ | ᠮᠡᠳᠡᠭᠡ ᠵᠠᠩᠭᠢᠵᠢᠯᠲᠠ ᠶᠢᠨ ᠬᠤᠪᠢᠰᠬᠠᠯ ᠤᠨ ᠬᠤᠷᠢᠭᠯᠠᠭᠳᠠᠰᠢ ᠦᠭᠡᠢ ᠳᠠᠪᠠᠯᠭᠠᠨ ᠢ ᠪᠣᠢ ᠪᠣᠯᠭᠠᠵᠤ᠂ ᠳᠡᠯᠡᠭᠡᠢ | ᠳᠠᠶᠠᠭᠠᠷ᠂ ᠤᠯᠤᠰ ᠤᠨ ᠳᠣᠲᠣᠭᠠᠳᠤ ᠳᠤ ᠴᠥᠮ ᠡᠭᠦᠯᠡᠨ ᠪᠣᠳᠣᠯᠲᠠ ᠶᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠭᠠᠵᠤ᠂ ᠶᠠᠭ ᠳᠣᠭᠰᠢᠨ ᠰᠠᠯᠬᠢ ᠰᠢᠷᠦᠭᠦᠨ ᠪᠣᠷᠣᠭᠠᠨ ᠮᠡᠲᠦ | ᠬᠦᠭᠵᠢᠵᠦ ᠪᠠᠶᠢᠨ᠎ᠠ᠂ ᠲᠡᠭᠡᠪᠡᠯ ᠥᠪᠥᠷ ᠮᠣᠩᠭᠤᠯ ᠤᠨ ᠡᠭᠦᠯᠡᠨ ᠪᠣᠳᠣᠯᠲᠠ ᠶᠢᠨ ᠠᠵᠤ ᠦᠢᠯᠡᠰ ᠤᠨ | ᠬᠦᠭᠵᠢᠯᠲᠡ ᠶᠢᠨ ᠪᠠᠶᠢᠳᠠᠯ ᠶᠠᠮᠠᠷ ᠰᠢᠤ ᠪᠤᠢ︖ | ᠸᠧᠢ ᠰᠢᠶᠤᠤ ᠮᠢᠩ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠡᠭᠦᠯᠡᠨ ᠪᠣᠳᠣᠯᠲᠠ ᠶᠢᠨ ᠠᠵᠤ ᠦᠢᠯᠡᠰ ᠤᠨ ᠬᠦᠭᠵᠢᠯᠲᠡ ᠶᠢ ᠮᠠᠰᠢ ᠬᠦᠨᠳᠦᠳᠬᠡᠨ ᠦᠵᠡᠵᠦ᠂ ᠡᠭᠦᠯᠡᠨ | ᠪᠤᠳᠤᠯᠳᠠ ᠶᠢᠨ ᠠᠵᠤ ᠦᠢᠯᠡᠰ ᠢ ᠮᠠᠨ ᠤ ᠣᠷᠣᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠪᠣᠯᠤᠨ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠬᠤᠯᠠ ᠭᠠᠷᠳᠠᠴᠠ ᠪᠣᠯᠭᠠᠵᠤ᠂ 2011 | ᠣᠨ ᠳᠤ ᠡᠭᠦᠯᠡᠨ ᠪᠣᠳᠣᠯᠲᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ | ᠰᠢᠢᠳᠪᠦᠷᠢᠲᠦ ᠪᠤᠳᠤᠯᠭ᠎ᠠ ᠪᠣᠯᠭᠠᠨ᠂ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ ᠤ ᠡᠭᠦᠯᠡᠨ | ᠪᠤᠳᠤᠯᠳᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2011 — 2020︶︾᠂ ︽ | ᠥᠪᠡᠷᠲᠡᠭᠡᠨ ᠵᠠᠰᠠᠬᠤ ᠣᠷᠣᠨ ᠤ ᠡᠭᠦᠯᠡᠨ ᠪᠣᠳᠣᠯᠲᠠ ᠶᠢᠨ ᠭᠡᠷᠡᠯᠯᠢᠭ ᠳᠡᠭᠡᠰᠦᠨ ᠲᠣᠣᠷ ᠰᠦᠯᠵᠢᠶ᠎ᠡ ᠶᠢᠨ | ᠬᠦᠭᠵᠢᠯᠲᠡ ᠶᠢᠨ ᠲᠥᠯᠥᠪᠵᠢᠭᠦᠯᠭᠡ︾ ᠵᠢᠴᠢ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ ᠢ | ᠲᠣᠭᠲᠠᠭᠠᠪᠠ᠃ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ | ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠵᠦᠩ ᠰᠢᠩ ᠡᠨᠧᠷᠭᠢ ᠵᠡᠷᠭᠡ ᠨᠢᠭᠡ ᠪᠦᠯᠦᠭ ᠲᠣᠮᠣ ᠬᠡᠯᠪᠡᠷᠢ ᠶᠢᠨ | ᠡᠭᠦᠯᠡᠨ ᠪᠤᠳᠤᠯᠳᠠ ᠶᠢᠨ ᠳ᠋ᠠᠶᠢᠲ᠋ᠠ ᠲᠥᠪ ᠨᠢ ᠤᠲᠤ ᠨᠢᠭᠡᠨᠲᠡ ᠪᠠᠶᠢᠭᠤᠯᠤᠭᠳᠠᠨ ᠠᠵᠢᠯᠯᠠᠵᠤ᠂ ᠬᠥᠬᠡᠬᠤᠲᠠ ᠪᠠᠷ | ᠲᠥᠪ ᠪᠣᠯᠭᠠᠭᠰᠠᠨ ᠡᠭᠦᠯᠡᠨ ᠪᠤᠳᠤᠯᠳᠠ ᠶᠢᠨ ᠳ᠋ᠠᠶᠢᠲ᠋ᠠ ᠲᠥᠪ ᠤᠨ ᠰᠠᠭᠤᠷᠢᠨ ᠭᠠᠵᠠᠷ ᠢ ᠪᠦᠷᠢᠯᠳᠦᠭᠦᠯᠵᠦ᠂ ᠵᠢᠯ ᠤᠨ | ᠡᠴᠦᠰ ᠲᠤ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ ᠨᠢ 70 ᠲᠦᠮᠡ ᠳᠤ ᠬᠦᠷᠴᠦ᠂ ᠪᠦᠬᠦ | ᠤᠯᠤᠰ ᠤᠨ ᠲᠡᠷᠢᠭᠦᠨ ᠳᠤ ᠣᠷᠣᠪᠠ︔ ᠳᠤᠮᠳᠠᠳᠤ ᠮᠣᠩᠭᠤᠯ ᠣᠷᠣᠰ ᠤᠯᠤᠰ ᠤᠨ ᠬᠤᠭᠤᠷᠤᠨᠳᠤᠬᠢ ᠭᠡᠷᠡᠯᠯᠢᠭ | ᠳᠡᠭᠡᠰᠦ᠂ ᠬᠥᠬᠡᠬᠤᠲᠠ ᠠᠴᠠ ᠪᠡᠭᠡᠵᠢᠩ ᠳᠤ ᠰᠢᠭᠤᠳ ᠨᠡᠪᠲᠡᠷᠡᠬᠦ ᠭᠡᠷᠡᠯᠯᠢᠭ ᠳᠡᠭᠡᠰᠦ 4 ᠶᠢ ᠪᠠᠶᠢᠭᠤᠯᠵᠤ᠂ ᠤᠯᠠᠨ | ᠤᠯᠤᠰ ᠤᠨ ᠬᠤᠭᠤᠷᠤᠨᠳᠤ᠂ ᠤᠯᠤᠰ ᠤᠨ ᠳᠣᠲᠣᠭᠠᠳᠤ ᠳᠤ ᠨᠡᠪᠲᠡᠷᠡᠬᠦ ᠳᠡᠭᠡᠳᠦ ᠬᠤᠷᠳᠤᠴᠠ ᠶᠢᠨ ᠥᠷᠭᠡᠨ ᠪᠦᠰᠡᠲᠦ | ᠰᠦᠯᠵᠢᠶ᠎ᠡ ᠶᠢ ᠪᠦᠷᠢᠯᠳᠦᠭᠦᠯᠪᠡ᠂ ᠤᠯᠤᠰ ᠠᠴᠠ ᠨᠢᠭᠡᠨᠲᠡ ᠬᠥᠬᠡᠬᠤᠲᠠ ᠶᠢ ᠣᠯᠠᠨ ᠤᠯᠤᠰ ᠤᠨ ᠴᠢᠮᠡᠭᠡ | ᠨᠡᠪᠲᠡᠷᠡᠯᠴᠡᠭᠡ ᠶᠢᠨ ᠲᠣᠬᠠᠶᠢᠯᠠᠭᠰᠠᠨ ᠠᠵᠢᠯ ᠤᠨ ᠣᠷᠣᠵᠤ ᠭᠠᠷᠬᠤ ᠭᠠᠵᠠᠷ ᠤᠨ ᠲᠣᠪᠴᠢᠶ᠎ᠠ ᠪᠣᠯᠬᠤ ᠶᠢ | ᠴᠤᠬᠤᠯᠠᠪᠤᠷᠢᠯᠠᠵᠤ᠂ ᠣᠳᠣ ᠶᠠᠭ ᠤᠯᠤᠰ ᠠᠴᠠ ᠬᠥᠬᠡᠬᠤᠲᠠ ᠳᠤ ᠢᠨᠲ᠋ᠧᠷ ᠰᠦᠯᠵᠢᠶᠡᠨ ᠤ ᠰᠢᠭᠤᠳ ᠬᠤᠯᠪᠣᠭ᠎ᠠ | ᠠᠪᠬᠤ ᠭᠤᠣᠯᠯᠠᠬᠤ ᠴᠢᠭ᠋ ᠨᠡᠮᠡᠵᠦ ᠪᠠᠶᠢᠭᠤᠯᠬᠤ ᠪᠠᠷ ᠭᠤᠶᠤᠴᠢᠯᠠᠵᠤ ᠪᠤᠢ᠂ ᠡᠳᠡᠭᠡᠷ ᠨᠢ ᠴᠥᠮ ᠡᠭᠦᠯᠡᠨ | ᠪᠣᠳᠣᠯᠲᠠ ᠶᠢᠨ ᠠᠵᠤ ᠦᠢᠯᠡᠰ ᠤᠨ ᠬᠦᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠸᠧᠢ ᠰᠢᠶᠤᠤ ᠮᠢᠩ᠄ | ᠡᠭᠦᠯᠡᠨ ᠪᠤᠳᠤᠯᠳᠠ ᠶᠢᠨ ᠰᠠᠭᠤᠷᠢ ᠪᠡᠯᠡᠳᠬᠡᠮᠵᠢ ᠶᠢ ᠲᠥᠷᠭᠡᠨ ᠪᠦᠳᠦᠬᠡᠨ ᠪᠠᠶᠢᠭᠤᠯᠬᠤ ᠶᠢᠨ ᠬᠠᠮᠲᠤ᠂ | ᠡᠭᠦᠯᠡᠨ ᠪᠣᠳᠣᠯᠲᠠ ᠶᠢᠨ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠢᠳᠡᠪᠬᠢᠲᠡᠢ ᠲᠦᠯᠬᠢᠨ ᠠᠬᠢᠭᠤᠯᠵᠤ᠂ ︽ᠥᠪᠥᠷ | ᠮᠣᠩᠭᠤᠯ ᠤᠨ ᠡᠭᠦᠯᠡᠨ ᠪᠤᠳᠤᠯᠳᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠠᠵᠢᠯᠯᠠᠭᠠᠨ ᠤ ᠲᠥᠰᠥᠯ︾᠂ ︽ | ︿ᠢᠨᠲ᠋ᠧᠷ ᠰᠦᠯᠵᠢᠶ᠎ᠡ +﹀ ᠠᠵᠢᠯ ᠢ ᠲᠦᠷᠭᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠵᠡᠷᠭᠡ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠠ ᠯᠢ ᠪᠠ ᠪᠠ᠂ ᠲᠧᠩ ᠰᠢᠶᠦ᠋ᠨ᠂ ᠪᠠᠶ ᠳ᠋ᠦ᠋᠂ ᠱᠦ ᠭᠤᠸᠠᠩ᠂ | ᠰᠸᠤ ᠭᠸᠦ᠂ ᠬᠤᠸᠠ ᠸᠧᠶ᠂ ᠯᠠᠩ ᠴᠤᠤ᠂ ᠳᠤᠮᠳᠠᠳᠤ ᠤᠯᠤᠰ ᠤᠨ ᠬᠤᠸᠠ ᠯᠦ᠂ IBM ᠵᠡᠷᠭᠡ ᠨᠢᠭᠡ ᠪᠦᠯᠦᠭ | ᠮᠡᠳᠡᠭᠡ ᠵᠠᠩᠭᠢ ᠶᠢᠨ ᠦᠢᠯᠡᠴᠢᠯᠡᠭᠡᠨ ᠤ ᠬᠤᠳᠠᠯᠳᠤᠭᠠᠴᠢᠳ ᠢ ᠣᠷᠣᠭᠤᠯᠤᠨ ᠠᠪᠴᠢᠷᠠᠵᠤ᠂ ᠡᠭᠦᠯᠡᠨ ᠪᠣᠳᠣᠯᠳᠠ᠂ | ᠲᠣᠮᠣ ᠳ᠋ᠠᠶᠢᠲ᠋ᠠ᠂ ᠪᠤᠳᠠᠰᠯᠢᠭ ᠬᠤᠯᠪᠣᠭᠠᠲᠤ ᠰᠦᠯᠵᠢᠶ᠎ᠡ᠂ ︽ᠢᠨᠲ᠋ᠧᠷ ᠰᠦᠯᠵᠢᠶ᠎ᠡ +︾ ᠵᠡᠷᠭᠡ ᠠᠵᠤ ᠦᠢᠯᠡᠰ | ᠶᠠᠭ ᠲᠥᠷᠭᠡᠨ ᠬᠦᠭᠵᠢᠵᠦ᠂ ᠥᠪᠥᠷ ᠮᠣᠩᠭᠤᠯ ᠤᠨ ᠡᠯᠧᠺᠲᠷᠤᠨ ᠵᠠᠰᠠᠭ ᠤᠨ ᠶᠠᠪᠤᠳᠠᠯ ᠤᠨ ᠡᠭᠦᠯᠡᠨ ᠲᠥᠪ ᠪᠣᠯᠣᠨ | ᠣᠷᠴᠢᠨ ᠲᠣᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ᠂ ᠭᠠᠶᠢᠯᠢ ᠲᠠᠲᠠᠪᠤᠷᠢ᠂ ᠢᠲᠡᠭᠡᠮᠵᠢ ᠵᠡᠷᠭᠡ ᠡᠭᠦᠯᠡᠨ ᠲᠠᠪᠴᠠᠩ ᠢ ᠪᠠᠶᠢᠭᠤᠯᠤᠨ᠂ | ᠥᠪᠥᠷ ᠮᠣᠩᠭᠤᠯ ᠤᠨ ᠲᠣᠮᠣ ᠳ᠋ᠠᠶᠢᠲ᠋ᠠ ᠠᠷᠠᠯᠵᠢᠶᠠᠨ ᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠵᠠᠰᠠᠭ ᠤᠨ | ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠬᠢᠷᠢ ᠲᠥᠪᠰᠢᠨ ᠪᠦᠬᠦ ᠲᠠᠯ᠎ᠠ ᠪᠠᠷ ᠳᠡᠭᠡᠭᠰᠢᠯᠡᠪᠡ︔ ᠬᠥᠬᠡᠬᠤᠲᠠ | ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠲᠠ ᠪᠠᠷ ᠵᠢᠭᠰᠠᠭᠠᠭᠳᠠᠵᠤ᠂ | ᠤᠯᠠᠭᠠᠨᠬᠠᠳᠠ ᠶᠢᠨ ᠬᠤᠨᠭ᠍ᠱᠠᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠵᠤ᠂ ᠨᠢᠭᠡ ᠪᠦᠯᠦᠭ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠪᠣᠯᠣᠨ ᠨᠡᠭᠦᠷᠡᠰᠦ᠂ ᠬᠤᠪᠣᠷ ᠰᠢᠷᠣᠶ᠂ ᠡᠾᠯᠤᠷᠲᠤ | ᠡᠲ᠋ᠧᠨ ᠤ ᠪᠦᠭᠡᠭᠡᠨᠡᠪᠦᠷᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠨᠢᠭᠡ ᠪᠦᠯᠦᠭ | ᠣᠨᠴᠠᠯᠢᠭ ᠪᠦᠬᠦᠢ ᠦᠢᠯᠡᠳᠬᠦᠨ ᠤ ᠠᠷᠠᠯᠵᠢᠶᠠᠨ ᠤ ᠲᠥᠪ ᠢ ᠪᠠᠶᠢᠭᠤᠯᠵᠤ᠂ ᠳ᠋ᠦᠩ ᠭᠧ e ᠬᠤᠳᠠᠯᠳᠤᠭ᠎ᠠ᠂ ᠢ | ᠴᠢ ᠬᠤᠳᠠᠯᠳᠤᠭᠠᠨ ᠤ ᠲᠠᠯᠠᠪᠤᠷ᠂ ᠳ᠋ᠠ ᠲᠦᠩ ᠢ ᠭᠸᠦ ᠵᠡᠷᠭᠡ ᠨᠢᠭᠡ ᠪᠦᠯᠦᠭ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠵᠤ ᠠᠬᠤᠶᠢᠯᠠᠯ ᠢ ᠪᠣᠶᠢᠵᠢᠭᠤᠯᠤᠭᠠᠳ᠂ ᠡᠯᠧᠺᠲᠷᠣᠨ ᠬᠤᠳᠠᠯᠳᠤᠭᠠᠨ ᠤ ᠶᠠᠪᠤᠳᠠᠯ ᠥᠷᠨᠢᠨ | ᠬᠦᠭᠵᠢᠪᠡ︔ ᠣᠶᠣᠨᠲᠤ ᠬᠤᠳᠠ ᠶᠢᠨ ᠪᠥᠳᠥᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠵᠤ᠂ ᠨᠢᠭᠡ ᠪᠦᠯᠦᠭ | ᠣᠶᠣᠨᠲᠤ ᠵᠠᠮ ᠬᠠᠷᠢᠯᠴᠠᠭ᠎ᠠ᠂ ᠣᠶᠣᠨᠲᠦ ᠨᠡᠶᠢᠭᠡᠮ ᠲᠣᠭᠤᠷᠢᠭ᠂ ᠣᠶᠣᠨᠲᠤ ᠡᠮ ᠡᠮᠨᠡᠯᠭᠡ᠂ ᠣᠶᠣᠨᠲᠤ ᠰᠤᠷᠭᠠᠨ | ᠬᠥᠮᠦᠵᠢᠯ ᠵᠡᠷᠭᠡ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ | ᠬᠤᠳᠠ ᠶᠢᠨ ᠬᠠᠮᠢᠶᠠᠷᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠭᠪᠤᠷᠰᠢᠯ ᠲᠠᠰᠤᠷᠠᠯᠲᠠ ᠦᠭᠡᠢ | ᠰᠢᠨ᠎ᠡ ᠶᠢ ᠡᠭᠦᠳᠪᠡ︔ ᠥᠷᠭᠡᠨ ᠪᠦᠰᠡᠲᠦ ᠬᠥᠳᠡᠭᠡ ᠲᠣᠰᠬᠤᠨ ᠢ ᠲᠦᠷᠭᠡᠨ ᠪᠦᠳᠦᠭᠡᠨ ᠪᠠᠶᠢᠭᠤᠯᠵᠤ᠂ ᠢᠨᠲ᠋ᠧᠷ | ᠰᠦᠯᠵᠢᠶᠡᠨ ᠤ ᠲᠧᠯᠸᠢᠰ᠂ ᠠᠯᠤᠰ ᠤᠨ ᠰᠤᠷᠭᠠᠨ ᠬᠥᠮᠦᠵᠢᠯ᠂ ᠠᠯᠤᠰ ᠤᠨ ᠡᠮ ᠡᠮᠨᠡᠯᠭᠡ᠂ ᠬᠥᠳᠡᠭᠡ ᠲᠣᠰᠬᠤᠨ ᠤ | ᠡᠯᠧᠺᠲᠷᠤᠨ ᠬᠤᠳᠠᠯᠳᠤᠭ᠎ᠠ ᠵᠡᠷᠭᠡ ᠶᠢ ᠬᠦᠴᠦᠯᠡᠨ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠮᠡᠳᠡᠭᠡ | ᠵᠠᠩᠭᠢ ᠶᠢᠨ ᠬᠡᠷᠡᠭᠯᠡᠭᠡ ᠶᠢ ᠨᠡᠶᠢᠳᠡᠮ ᠳᠡᠯᠭᠡᠷᠡᠭᠦᠯᠪᠡ︔ ᠠᠵᠤ ᠦᠢᠯᠡᠳᠪᠦᠷᠢᠵᠢᠯᠲᠡ ᠪᠣᠯᠣᠨ ᠮᠡᠳᠡᠭᠡ | ᠵᠠᠩᠭᠢᠵᠢᠯᠲᠠ ᠶᠢᠨ ᠠᠭᠤᠰᠤᠯᠴᠠᠯ ᠢ ᠭᠦᠨᠵᠡᠭᠡᠢ ᠠᠬᠢᠭᠤᠯᠵᠤ᠂ ︽ᠲᠠᠷᠢᠶᠠᠯᠠᠩ ᠮᠡᠷᠭᠡᠵᠢᠯ ᠤᠨ ᠡᠷᠳᠡᠨᠢ︾ ᠵᠡᠷᠭᠡ | ᠮᠡᠳᠡᠭᠡ ᠵᠠᠩᠭᠢ ᠪᠠᠷ ᠲᠠᠷᠢᠶᠠᠴᠢᠳ ᠲᠤ ᠠᠰᠢᠭ ᠬᠦᠷᠲᠡᠭᠡᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠭᠤᠯᠬᠤ ᠡᠭᠦᠯᠡᠨ ᠰᠠᠭᠤᠷᠢᠨ ᠭᠠᠵᠠᠷ ᠢ ᠲᠦᠷᠭᠡᠨ | ᠪᠥᠳᠥᠭᠡᠨ ᠪᠠᠶᠢᠭᠤᠯᠵᠤ᠂ ᠢᠨᠲ᠋ᠧᠷ ᠰᠦᠯᠵᠢᠶ᠎ᠡ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠶ᠂ | ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ᠂ ᠰᠣᠶᠣᠯ ᠵᠡᠷᠭᠡ ᠬᠦᠷᠢᠶ᠎ᠡ ᠳᠠᠬᠢ ᠬᠡᠷᠡᠭᠯᠡᠭᠡ | ᠥᠷᠭᠡᠵᠢᠪᠡ᠃ | ᠬᠥᠲᠥᠯᠥᠭᠴᠢ᠄ | ᠥᠪᠥᠷ ᠮᠣᠩᠭᠤᠯ ᠡᠭᠦᠯᠡᠨ ᠪᠣᠳᠣᠯᠲᠠ ᠶᠢᠨ ᠠᠵᠤ ᠦᠢᠯᠡᠰ ᠢ ᠬᠥᠭᠵᠢᠭᠦᠯᠬᠦ ᠳᠤ ᠶᠠᠮᠠᠷ ᠳᠠᠪᠠᠭᠤᠯᠢᠭ ᠲᠠᠢ | ᠪᠤᠶ︖ | ᠸᠧᠢ ᠰᠢᠶᠤᠤ ᠮᠢᠩ᠄ | ᠥᠪᠥᠷ ᠮᠣᠩᠭᠤᠯ ᠡᠭᠦᠯᠡᠨ ᠪᠣᠳᠣᠯᠲᠠ ᠶᠢᠨ ᠠᠵᠤ ᠦᠢᠯᠡᠰ ᠢ ᠬᠥᠭᠵᠢᠭᠦᠯᠬᠦ ᠳᠤ ᠥᠪᠡᠷᠮᠢᠴᠡ ᠳᠠᠪᠠᠭᠤᠯᠢᠭ | ᠨᠥᠬᠦᠴᠡᠯ ᠲᠠᠢ᠃ ᠨᠢᠭᠡ ᠳᠤ᠂ ᠠᠭᠤᠷ ᠠᠮᠢᠰᠬᠤᠯ ᠤᠨ ᠨᠥᠬᠦᠴᠡᠯ ᠲᠣᠬᠢᠷᠠᠮᠵᠢᠲᠠᠶ᠃ ᠥᠪᠥᠷ ᠮᠣᠩᠭᠤᠯ ᠰᠡᠷᠢᠭᠦᠨ | ᠪᠦᠰᠡ ᠶᠢᠨ ᠡᠬᠡ ᠬᠠᠭᠤᠷᠠᠢ ᠶᠢᠨ ᠴᠢᠨᠠᠷᠲᠠᠶ ᠠᠭᠤᠷ ᠠᠮᠢᠰᠬᠤᠯ ᠢᠶᠠᠷ ᠭᠤᠣᠯ ᠪᠣᠯᠵᠤ᠂ ᠬᠦᠢᠲᠡᠨ ᠬᠤᠭᠤᠴᠠᠭ᠎ᠠ ᠨᠢ | ᠨᠡᠯᠢᠶᠡᠳ ᠤᠷᠳᠤ᠂ ᠵᠢᠯ ᠤᠨ ᠳᠤᠮᠳᠠᠴᠢ ᠠᠭᠠᠷ ᠤᠨ ᠳᠤᠯᠠᠭᠠᠨ 0 - 8 ᠼᠧᠯᠰ ᠭᠷᠠᠳᠦ᠋ᠰ᠂ ᠥᠷᠭᠡᠨ ᠬᠡᠪᠴᠢᠶᠡᠨ ᠤ | ᠲᠤᠭ᠎ᠠ ᠪᠠᠷᠢᠮᠲᠠ ᠶᠢᠨ ᠲᠥᠪ ᠤᠨ ᠠᠶᠠᠨᠳᠠᠭᠠᠨ ᠤ ᠬᠦᠷᠭᠡᠯᠲᠡ ᠳᠤ ᠲᠣᠬᠢᠷᠠᠨ᠎ᠠ᠃ ᠵᠢᠱᠢᠵᠦ ᠪᠣᠳᠣᠭᠰᠠᠨ ᠢᠶᠠᠷ᠂ | ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠤᠨ PUE ︵ᠡᠨᠧᠷᠭᠢ ᠶᠢᠨ ᠰᠤᠷᠪᠤᠯᠵᠢ ᠬᠡᠷᠡᠭᠯᠡᠬᠦ ᠦᠷ᠎ᠡ | ᠪᠦᠲᠦᠮᠵᠢ ᠶᠢ︶ ᠬᠡᠮᠵᠢᠭᠳᠡᠯ ᠢ 1.4 ᠣᠷᠴᠢᠮ ᠬᠢᠵᠠᠭᠠᠷᠯᠠᠵᠦ ᠴᠢᠳᠠᠬᠤ ᠪᠣᠯᠬᠤᠷ᠂ ᠪᠦᠬᠦ ᠤᠯᠤᠰ ᠤᠨ ᠳᠤᠮᠳᠠᠴᠢ | ᠬᠢᠷᠢ ᠬᠡᠮᠵᠢᠶ᠎ᠡ ᠠᠴᠠ 0.8 - 1.6 ᠳᠣᠣᠷ᠎ᠠ ᠪᠠᠶᠢᠳᠠᠭ᠂ ᠡᠵᠡᠩᠨᠡᠯᠲᠡ ᠶᠢᠨ ᠥᠪᠡᠷ ᠤᠨ ᠥᠷᠲᠡᠭ ᠨᠢ ᠬᠠᠷᠢᠴᠠᠩᠭᠤᠶ | ᠨᠡᠯᠢᠶᠡᠳ ᠳᠣᠣᠷ᠎ᠠ ᠪᠠᠶᠢᠨ᠎ᠠ᠃ ᠬᠤᠶᠠᠷ ᠲᠤ᠂ ᠭᠠᠵᠠᠷ ᠵᠦᠢ ᠶᠢᠨ ᠣᠷᠴᠢᠨ ᠲᠣᠭᠤᠷᠢᠨ ᠤ ᠳᠠᠪᠠᠭᠤᠯᠢᠭ ᠲᠠᠢ᠃ | ᠥᠪᠥᠷ ᠮᠣᠩᠭᠤᠯ ᠤᠨ ᠣᠯᠠᠩᠬᠢ ᠭᠠᠵᠠᠷ ᠣᠷᠣᠨ ᠳᠤ ᠭᠠᠵᠠᠷ ᠰᠢᠨᠵᠢᠯᠡᠭᠡᠨ ᠤ ᠪᠦᠲᠦᠴᠡ ᠨᠡᠯᠢᠶᠡᠳ ᠲᠣᠭᠲᠠᠪᠤᠷᠢᠲᠠᠶ᠂ | ᠭᠠᠵᠠᠷ ᠬᠥᠳᠡᠯᠦᠯᠲᠡ ᠶᠢᠨ ᠪᠦᠰᠡ ᠠᠴᠠ ᠬᠤᠯᠠ᠂ ᠲᠡᠦᠬᠡᠨ ᠳᠡᠭᠡᠷ᠎ᠡ ᠡᠪᠳᠡᠯᠡᠭᠡ ᠶᠢᠨ ᠴᠢᠨᠠᠷᠲᠠᠶ ᠭᠠᠵᠠᠷ | ᠬᠥᠳᠡᠯᠦᠯᠲᠡ ᠶᠢᠨ ᠭᠠᠮᠰᠢᠭ ᠲᠣᠩ ᠴᠥᠭᠡᠨ ᠭᠠᠷᠴᠤ᠂ ᠲᠤᠮᠤ ᠬᠡᠯᠪᠡᠷᠢ ᠶᠢᠨ ᠳ᠋ᠠᠶᠢᠲ᠋ᠠ ᠶᠢᠨ ᠲᠥᠪ ᠤᠨ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ ᠴᠢᠳᠠᠬᠤ ᠶᠤᠮ᠃ ᠭᠤᠷᠪᠠ ᠳᠤ᠂ ᠡᠨᠧᠷᠭᠢ ᠶᠢᠨ ᠪᠠᠲᠤᠯᠠᠭ᠎ᠠ ᠲᠠᠢ᠃ | ᠥᠪᠥᠷ ᠮᠣᠩᠭᠤᠯ ᠤᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠨᠢ ᠪᠦᠬᠦ ᠤᠯᠤᠰ ᠤᠨ ᠲᠡᠷᠢᠭᠦᠨ ᠳᠤ | ᠣᠷᠣᠨ᠎ᠠ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠴᠠᠬᠢᠯᠭᠠᠨ ᠤ ᠲᠣᠣᠷ ᠤᠨ ᠪᠦᠷᠢᠯᠳᠦᠭᠰᠡᠨ ᠨᠢ ᠪᠦᠬᠦ | ᠤᠯᠤᠰ ᠤᠨ ᠬᠦᠷᠭᠡᠬᠦ ᠴᠠᠬᠢᠯᠭᠠᠨ ᠲᠦᠭᠡᠭᠡᠬᠦ ᠦᠨ᠎ᠡ ᠬᠠᠩᠰᠢ ᠶᠢᠨ ᠠᠩᠬᠠᠳᠠᠭᠴᠢ ᠮᠤᠵᠢ ᠶᠢᠨ ᠳᠡᠰ ᠤᠨ ᠴᠠᠬᠢᠯᠭᠠᠨ | ᠲᠣᠣᠷ ᠤᠨ ᠪᠡᠶ᠎ᠡ ᠪᠠᠨ ᠳᠠᠭᠠᠭᠠᠭᠰᠠᠨ ᠴᠠᠬᠢᠯᠭᠠᠨ ᠰᠢᠰᠲ᠋ᠧᠮ ᠪᠣᠯᠵᠤ᠂ ᠴᠠᠬᠢᠯᠭᠠᠨ ᠳᠠᠮᠵᠢᠭᠤᠯᠬᠤ ᠪᠠ ᠬᠦᠷᠭᠡᠬᠦ | ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠰᠢᠭᠤᠳ ᠬᠢᠵᠦ ᠪᠣᠯᠤᠨ᠎ᠠ᠃ ᠴᠠᠬᠢᠯᠭᠠᠨ | ᠬᠦᠴᠦ ᠨᠡᠯᠢᠶᠡᠳ ᠶᠡᠭᠡ ᠬᠡᠷᠡᠭᠴᠡᠭᠡ ᠲᠠᠢ ᠠᠵᠤ ᠠᠬᠤᠶᠢᠯᠠᠯ ᠤᠳ᠂ ᠪᠠᠰᠠ ᠰᠢᠭᠤᠳ ᠴᠠᠬᠢᠯᠭᠠᠨ ᠬᠠᠩᠭᠠᠬᠤ ᠦᠨ᠎ᠡ | ᠬᠠᠩᠰᠢ ᠶᠢ ᠤᠯᠠᠨ ᠲᠠᠯ᠎ᠠ ᠪᠠᠷ ᠠᠷᠠᠯᠵᠢᠶᠠᠯᠠᠵᠤ ᠪᠣᠯᠤᠨ᠎ᠠ᠃ ᠲᠦᠷᠪᠡ ᠳᠤ ᠣᠷᠣᠨ ᠪᠠᠶᠢᠷᠢ ᠶᠢᠨ ᠳᠠᠪᠠᠭᠤᠯᠢᠭ ᠲᠠᠯ᠎ᠠ | ᠢᠯᠡᠷᠬᠡᠶ᠃ ᠥᠪᠥᠷ ᠮᠣᠩᠭᠤᠯ ᠨᠢ ᠪᠡᠭᠡᠵᠢᠩ ᠲᠢᠶᠠᠨᠵᠢᠨ ᠲᠠᠢ ᠣᠶᠢᠷᠠᠬᠠᠨ ᠪᠠᠶᠢᠵᠤ᠂ ᠨᠠᠢᠮᠠᠨ ᠮᠤᠵᠢ ᠣᠷᠣᠨ ᠲᠠᠢ | ᠬᠥᠷᠰᠢᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠭᠤᠶᠢᠳᠠ ᠰᠠᠶᠢᠬᠠᠨ᠂ ᠵᠠᠮ ᠬᠠᠷᠢᠯᠴᠠᠭ᠎ᠠ ᠳᠥᠭᠦᠮ ᠳᠥᠲᠡ᠂ | ᠲᠤᠭ᠎ᠠ ᠪᠠᠷᠢᠮᠲᠠ ᠶᠢᠨ ᠳᠠᠮᠵᠢᠯᠭᠠᠨ᠂ ᠮᠡᠳᠡᠭᠡ ᠵᠠᠩᠭᠢ ᠶᠢᠨ ᠦᠢᠯᠡᠴᠢᠯᠡᠭᠡ᠂ ᠴᠢᠳᠠᠪᠤᠷᠢᠲᠠᠨ ᠣᠷᠣᠭᠤᠯᠵᠤ ᠢᠷᠡᠬᠦ | ᠵᠡᠷᠭᠡ ᠲᠠᠯ᠎ᠠ ᠪᠠᠷ ᠪᠦᠷ ᠳᠠᠪᠠᠭᠤᠯᠢᠭ ᠲᠠᠯ᠎ᠠ ᠲᠠᠢ᠃ ᠭᠠᠳᠠᠭᠰᠢ ᠪᠠᠨ ᠣᠷᠣᠰ ᠮᠣᠩᠭᠤᠯ ᠲᠠᠢ ᠬᠢᠯᠢᠯᠡᠵᠦ᠂ ᠠᠽᠢᠶ᠎ᠠ | ᠧᠦ᠋ᠷᠣᠫᠠ ᠶᠢᠨ ᠡᠬᠡ ᠬᠠᠭᠤᠷᠠᠶ ᠶᠢᠨ ᠬᠤᠶᠠᠷ ᠬᠥᠭᠦᠷᠭᠡ ᠲᠠᠢ ᠪᠣᠯᠬᠤᠷ᠂ ᠧᠦ᠋ᠷᠣᠫᠠ ᠲᠢᠪ ᠴᠢᠨᠠᠭᠰᠢᠯᠠᠭᠠᠳ ᠪᠦᠬᠦ | ᠪᠥᠮᠪᠥᠷᠴᠡᠭ ᠤᠨ ᠡᠭᠦᠯᠡᠨ ᠪᠤᠳᠤᠯᠳᠠ ᠶᠢᠨ ᠤᠯᠠᠨ ᠤᠯᠤᠰ ᠤᠨ ᠦᠢᠯᠡᠴᠢᠯᠡᠭᠡᠨ ᠤ ᠬᠥᠭᠵᠢᠯᠲᠡ ᠳᠤ ᠠᠰᠢᠭᠲᠠᠶ | ᠶᠤᠮ᠃ | ᠬᠥᠲᠥᠯᠥᠭᠴᠢ᠄ | ︽13᠂ 5︾ ᠶᠢᠨ ᠬᠤᠭᠤᠴᠠᠭᠠᠨ ᠳᠤ ᠥᠪᠥᠷ ᠮᠣᠩᠭᠤᠯ ᠤᠨ ᠡᠭᠦᠯᠡᠨ ᠪᠣᠳᠣᠯᠲᠠ ᠶᠢᠨ ᠠᠵᠤ ᠦᠢᠯᠡᠰ ᠢ | ᠬᠥᠭᠵᠢᠭᠦᠯᠬᠦ ᠰᠡᠳᠬᠢᠴᠡ᠂ ᠭᠤᠣᠯᠳᠠᠯᠭ᠎ᠠ ᠪᠠ ᠬᠠᠷᠠᠯᠲᠠ ᠨᠢ ᠶᠠᠭᠤ ᠪᠤᠶ︖ | ᠸᠧᠢ ᠰᠢᠶᠤᠤ ᠮᠢᠩ᠄ | ︽13᠂ 5︾ ᠶᠢᠨ ᠬᠤᠭᠤᠴᠠᠭᠠᠨ ᠳᠤ᠂ ᠥᠪᠥᠷ ᠮᠣᠩᠭᠤᠯ ᠮᠡᠳᠡᠭᠡ ᠵᠠᠩᠭᠢ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠨᠲ᠋ᠧᠷ ᠰᠦᠯᠵᠢᠶ᠎ᠡ | ᠪᠣᠯᠤᠨ ᠠᠵᠤ ᠠᠬᠤᠶ ᠨᠡᠶᠢᠭᠡᠮ ᠤᠨ ᠡᠯ᠎ᠡ ᠬᠦᠷᠢᠶᠡᠨ ᠤ ᠠᠭᠤᠰᠤᠯᠴᠠᠯ ᠤᠨ ᠥᠷᠭᠡᠴᠡ ᠪᠠ ᠭᠦᠨᠴᠡ ᠶᠢ ᠥᠷᠭᠡᠳᠬᠡᠵᠦ᠂ | ᠠᠵᠤ ᠦᠢᠯᠡᠰ ᠢ ᠶᠡᠬᠡᠪᠡᠷ ᠬᠥᠭᠵᠢᠭᠦᠯᠵᠦ᠂ ᠥᠪᠥᠷ ᠮᠣᠩᠭᠤᠯ ᠢ ᠤᠯᠤᠰ ᠤᠨ ᠴᠢᠬᠤᠯᠠ ᠡᠭᠦᠯᠡᠨ ᠪᠤᠳᠤᠯᠳᠠ ᠶᠢᠨ | ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠣᠯᠣᠨ᠎ᠠ᠃ ᠨᠢᠭᠡ ᠳᠤ᠂ ᠲᠤᠭ᠎ᠠ ᠪᠠᠷᠢᠮᠲᠠ | ᠶᠢᠨ ᠲᠥᠪ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠥᠬᠡᠬᠤᠲᠠ ᠪᠤᠭᠤᠲᠤ | ᠤᠷᠳᠤᠰ᠂ ᠤᠯᠠᠭᠠᠨᠬᠠᠳᠠ᠂ ᠤᠯᠠᠭᠠᠨᠴᠠᠪ ᠵᠡᠷᠭᠡ ᠣᠷᠣᠨ ᠪᠦᠰᠡ ᠶᠢᠨ ᠴᠢᠨᠠᠷᠲᠠᠶ ᠭᠤᠣᠯ ᠬᠤᠳᠠ ᠪᠠᠷ ᠭᠤᠣᠯᠳᠠᠯᠭ᠎ᠠ | ᠪᠣᠯᠭᠠᠨ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ | ᠳᠤᠮᠳᠠᠳᠤ ᠤᠯᠤᠰ ᠤᠨ ᠨᠢᠭᠡᠲᠦᠮᠡᠯ ᠬᠤᠯᠪᠣᠭ᠎ᠠ ᠶᠢᠨ ᠺᠣᠮᠫᠠᠨᠢ᠂ ᠵᠦᠩ ᠰᠢᠩ ᠡᠨᠧᠷᠭᠢ᠂ ᠬᠤᠸᠠ ᠸᠧᠶ ᠵᠡᠷᠭᠡ ᠲᠤᠮᠤ | ᠬᠡᠯᠪᠡᠷᠢ ᠶᠢᠨ ᠲᠤᠭ᠎ᠠ ᠪᠠᠷᠢᠮᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ 2020 ᠣᠨ ᠪᠣᠯᠬᠤ ᠳᠤ᠂ ᠡᠭᠦᠯᠡᠨ ᠪᠤᠳᠤᠯᠳᠠ ᠶᠢᠨ ᠲᠤᠭ᠎ᠠ ᠪᠠᠷᠢᠮᠲᠠ ᠶᠢᠨ ᠲᠥᠪ | ᠦᠢᠯᠡᠴᠢᠯᠡᠭᠦᠷ ᠮᠠᠰᠢᠨ ᠴᠣᠭᠴᠠᠯᠠᠪᠤᠷᠢ ᠶᠢᠨ ᠴᠢᠳᠠᠪᠤᠷᠢ ᠶᠢ 300 ᠲᠦᠮᠡᠨ ᠰᠠᠤᠷᠢ ᠳᠤ ᠬᠦᠷᠦᠭᠦᠯᠵᠦ᠂ ᠮᠠᠨ ᠤ | ᠤᠯᠤᠰ ᠤᠨ ᠬᠠᠮᠤᠭ ᠤᠨ ᠲᠣᠮᠣ ᠡᠭᠦᠯᠡᠨ ᠪᠣᠳᠣᠯᠲᠠ ᠶᠢᠨ ᠲᠤᠭ᠎ᠠ ᠪᠠᠷᠢᠮᠲᠠ ᠶᠢᠨ ᠲᠥᠪ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ ᠬᠤᠶᠠᠷ ᠲᠤ᠂ ᠭᠡᠷᠡᠯᠯᠢᠭ ᠳᠡᠭᠡᠰᠦᠨ ᠲᠤᠤᠷ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ᠎ᠡ᠃ | ᠤᠯᠤᠰ ᠤᠨ ᠬᠤᠭᠤᠷᠤᠨᠳᠤᠬᠢ᠂ ᠮᠤᠵᠢ ᠶᠢᠨ ᠬᠤᠭᠤᠷᠤᠨᠳᠤᠬᠢ ᠭᠡᠷᠡᠯᠯᠢᠭ ᠳᠡᠭᠡᠰᠦ ᠨᠡᠪᠲᠡᠷᠡᠬᠦ ᠵᠠᠮ᠂ | ᠬᠥᠬᠡᠬᠤᠲᠠ ᠶᠢᠨ ᠢᠨᠲ᠋ᠧᠷ ᠰᠦᠯᠵᠢᠶᠡᠨ ᠤ ᠰᠢᠭᠤᠳ ᠬᠤᠯᠪᠣᠭ᠎ᠠ ᠠᠪᠬᠤ ᠭᠤᠣᠯᠯᠠᠬᠤ ᠴᠡᠭ ᠪᠠ ᠥᠪᠥᠷ | ᠮᠣᠩᠭᠤᠯ ᠤᠨ ᠣᠯᠠᠨ ᠤᠯᠤᠰ ᠤᠨ ᠭᠠᠳᠠᠭᠠᠳᠤ ᠳᠤ ᠭᠠᠷᠭᠠᠬᠤ ᠲᠣᠪᠴᠢᠶ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠥᠪᠥᠷ ᠮᠣᠩᠭᠤᠯ ᠤᠨ ᠥᠷᠭᠡᠨ ᠪᠦᠰᠡᠲᠦ ᠰᠦᠯᠵᠢᠶᠡᠨ ᠤ ᠢᠨᠵᠧᠨᠧᠷᠢᠩ ᠢ ᠲᠦᠷᠭᠡᠪᠴᠢᠯᠡᠨ | ᠬᠡᠷᠡᠭᠵᠢᠭᠦᠯᠦᠨ᠎ᠡ᠃ 2020 ᠣᠨ ᠪᠣᠯᠬᠤ ᠳᠤ᠂ ᠪᠦᠬᠦ ᠣᠷᠣᠨ ᠢ ᠬᠠᠮᠤᠷᠤᠭᠰᠠᠨ᠂ ᠤᠯᠤᠰ ᠤᠨ ᠳᠣᠲᠣᠭᠠᠳᠤ ᠳᠤ | ᠨᠡᠪᠲᠡᠷᠡᠬᠦ᠂ ᠳᠡᠯᠡᠬᠡᠶ ᠳᠠᠶᠠᠭᠠᠷ ᠲᠤ ᠰᠢᠭᠤᠳ ᠨᠡᠪᠲᠡᠷᠡᠬᠦ ᠪᠦᠷᠢᠨ ᠲᠡᠭᠦᠯᠳᠡᠷ ᠭᠡᠷᠡᠯᠯᠢᠭ ᠲᠣᠣᠷ ᠰᠦᠯᠵᠢᠶ᠎ᠡ ᠶᠢ | ᠪᠦᠷᠢᠯᠳᠦᠭᠦᠯᠵᠦ᠂ ᠬᠤᠲᠠ ᠶᠢᠨ ᠥᠷᠭᠡᠨ ᠪᠦᠰᠡᠲᠦ ᠰᠦᠯᠵᠢᠶᠡᠨ ᠤ ᠬᠡᠷᠡᠭᠯᠡᠭᠴᠢᠳ ᠤᠨ ᠳᠤᠮᠳᠠᠴᠢ ᠵᠠᠯᠭᠠᠵᠤ | ᠣᠷᠣᠭᠤᠯᠬᠤ ᠴᠢᠳᠠᠪᠤᠷᠢ ᠶᠢ 50Mbps ᠲᠤ ᠬᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠳᠤᠮᠳᠠᠴᠢ ᠪᠠᠷ | 8Mbps ᠲᠤ ᠬᠦᠷᠦᠭᠦᠯᠬᠦ ᠪᠣᠯᠣᠨ᠎ᠠ᠃ | ᠸᠧᠢ ᠰᠢᠶᠤᠤ ᠮᠢᠩ᠄ | ᠭᠤᠷᠪᠠ ᠳᠤ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠦᠯᠦᠪᠯᠡᠭᠡ ᠶᠢ ᠶᠡᠬᠡᠪᠡᠷ ᠬᠡᠷᠡᠭᠵᠢᠭᠦᠯᠬᠦ | ᠪᠣᠯᠤᠨ᠎ᠠ᠃ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠶᠠᠪᠤᠴᠠ ᠪᠠ ᠲᠤᠬᠠᠶᠢᠯᠠᠭᠰᠠᠨ ᠠᠵᠢᠯ ᠤᠨ ᠶᠠᠪᠤᠴᠠ ᠶᠢᠨ | ᠮᠡᠳᠡᠭᠡ ᠵᠠᠩᠭᠢᠵᠢᠭᠤᠯᠬᠤ ᠥᠭᠡᠷᠡᠴᠢᠯᠡᠯᠲᠡ ᠶᠢ ᠲᠦᠷᠭᠡᠳᠬᠡᠨ᠂ ᠠᠵᠤ ᠦᠢᠯᠡᠳᠪᠦᠷᠢ ᠶᠢᠨ ᠡᠭᠦᠯᠡ ᠶᠢᠨ ᠰᠢᠨ᠎ᠡ ᠶᠢ | ᠡᠭᠦᠳᠬᠦ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠶᠢ | ᠴᠢᠩᠭᠠᠳᠬᠠᠵᠤ᠂ ︽ᠢᠨᠲ᠋ᠧᠷ ᠰᠦᠯᠵᠢᠶ᠎ᠡ +︾ ᠠᠵᠤ ᠦᠢᠯᠡᠳᠪᠦᠷᠢ ᠶᠢᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ | ᠢᠨᠲ᠋ᠧᠷ ᠰᠦᠯᠵᠢᠶᠡᠨ ᠤ ᠮᠡᠷᠭᠡᠵᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ᠂ ᠡᠵᠡᠩᠨᠡᠯᠲᠡ᠂ | ᠬᠠᠮᠢᠶᠠᠷᠤᠯᠲᠠ᠂ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠠᠬᠢ ᠬᠡᠷᠡᠭᠯᠡᠯᠲᠡ ᠶᠢ ᠭᠦᠨᠵᠡᠭᠡᠶᠢᠷᠡᠭᠦᠯᠦᠨ᠂ ᠪᠦᠬᠦ ᠠᠵᠤ | ᠦᠢᠯᠡᠰ ᠤᠨ ᠤᠶᠤᠨᠲᠤ ᠲᠠᠷᠢᠶᠠᠯᠠᠩ ᠮᠠᠯ ᠠᠵᠤ ᠠᠬᠤᠶ ᠶᠢᠨ ᠬᠡᠯᠬᠢᠶᠡᠵᠢᠭᠰᠡᠨ ᠰᠢᠰᠲ᠋ᠧᠮ ᠢ ᠪᠠᠶᠢᠭᠤᠯᠵᠤ᠂ ︽ | ᠢᠨᠲ᠋ᠧᠷ ᠰᠦᠯᠵᠢᠶ᠎ᠡ +︾ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠦᠭᠡᠮᠡᠯ ᠬᠥᠷᠳᠡᠭᠡᠮᠵᠢᠳᠤ ᠮᠥᠩᠭᠦᠨ ᠭᠦᠢᠯᠭᠡᠭᠡ᠂ ᠥᠨᠳᠥᠷ ᠦᠷ᠎ᠡ | ᠪᠦᠲᠦᠮᠵᠢᠲᠡᠶ ᠪᠠᠷᠠᠭᠠᠨ ᠤ ᠭᠦᠢᠯᠭᠡᠭᠡ᠂ ᠠᠷᠠᠳ ᠲᠤ ᠠᠰᠢᠭᠲᠠᠢ ᠦᠢᠯᠡᠴᠢᠯᠡᠭᠡᠨ ᠵᠡᠷᠭᠡ ᠬᠦᠷᠢᠶ᠎ᠡ ᠬᠡᠪᠴᠢᠶ᠎ᠡ ᠪᠠᠷ | ᠭᠤᠣᠯᠳᠠᠯᠭ᠎ᠠ ᠪᠣᠯᠭᠠᠨ᠂ ︽ᠢᠨᠲ᠋ᠧᠷ ᠰᠦᠯᠵᠢᠶ᠎ᠡ +︾ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠥᠯᠬᠢᠨ | ᠠᠬᠢᠭᠤᠯᠤᠨ᠎ᠠ᠃ ᠲᠣᠭᠠᠴᠢᠯᠠᠭᠰᠠᠨ ᠰᠣᠶᠣᠯ ᠤᠨ ᠠᠭᠤᠯᠭ᠎ᠠ ᠪᠦᠬᠦᠢ ᠦᠢᠯᠡᠳᠬᠦᠨ ᠪᠠ ᠦᠢᠯᠡᠴᠢᠯᠡᠭᠡᠨ ᠤ ᠨᠡᠬᠡᠬᠡᠨ | ᠬᠦᠭᠵᠢᠭᠦᠯᠦᠯᠲᠡ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ +︾ ᠰᠣᠶᠣᠯ ᠤᠨ ᠠᠵᠤ ᠦᠢᠯᠡᠰ ᠤᠨ | ᠬᠥᠭᠵᠢᠯᠲᠡ ᠶᠢ ᠲᠥᠯᠬᠢᠨ ᠠᠬᠢᠭᠤᠯᠤᠨ᠎ᠠ᠃ 2020 ᠣᠨ ᠪᠣᠯᠬᠤ ᠳᠤ᠂ 5 ᠥᠪᠡᠷᠲᠡᠭᠡᠨ ᠵᠠᠰᠠᠬᠤ ᠣᠷᠣᠨ ᠤ | ᠳᠡᠰ ᠤᠨ ᠢᠨᠲ᠋ᠧᠷ ᠰᠦᠯᠵᠢᠶᠡᠨ ᠤ ᠠᠵᠤ ᠠᠬᠤᠶ ᠶᠢᠨ ᠲᠥᠪᠯᠡᠷᠡᠯ ᠤᠨ ᠣᠷᠣᠨ᠂ 10 ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠲᠥᠪᠯᠡᠷᠡᠯ ᠤᠨ ᠣᠷᠣᠨ᠂ 10 ᠶᠡᠭᠡ ᠬᠡᠮᠵᠢᠶᠡᠨ ᠤ ᠲᠠᠸᠠᠷ ᠤᠨ ᠠᠷᠠᠯᠵᠢᠶᠠᠨ ᠤ ᠵᠠᠬ᠎ᠠ | ᠳᠡᠯᠭᠡᠭᠦᠷ ᠢ ᠪᠠᠶᠢᠭᠤᠯᠵᠤ᠂ ᠢᠨᠲ᠋ᠧᠷ ᠰᠦᠯᠵᠢᠶ᠎ᠡ ᠶᠢᠨ ᠦᠢᠯᠡᠴᠢᠯᠡᠭᠡᠨ ᠤ ᠣᠷᠣᠯᠭ᠎ᠠ ᠶᠢ 500 ᠳ᠋ᠦᠩᠰᠢᠭᠤᠷ | ᠲᠥᠭᠦᠷᠢᠭ ᠲᠤ ᠬᠦᠷᠦᠭᠦᠯᠦᠨ᠎ᠡ᠃ ᠲᠦᠷᠪᠡ ᠳᠤ ᠡᠭᠦᠯᠡᠨ ᠪᠤᠳᠤᠯᠳᠠ ᠪᠠ ᠲᠣᠮᠤ ᠳ᠋ᠠᠶᠢᠲ᠋ᠠ ᠶᠢᠨ ᠠᠵᠤ ᠦᠢᠯᠡᠰ ᠤᠨ | ᠬᠥᠭᠵᠢᠯᠲᠡ ᠶᠢ ᠲᠥᠯᠬᠢᠨ ᠠᠬᠢᠭᠤᠯᠬᠤ ᠪᠣᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠢᠰᠲ᠋ᠧᠮ ᠪᠠ | ᠤᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ ᠶᠢ ᠲᠦᠯᠬᠢᠨ | ᠠᠬᠢᠭᠤᠯᠵᠤ᠂ ᠥᠪᠥᠷ ᠮᠣᠩᠭᠤᠯ ᠤᠨ ᠲᠣᠮᠤ ᠳ᠋ᠠᠶᠢᠲ᠋ᠠ ᠶᠢᠨ ᠠᠷᠠᠯᠵᠢᠶᠠᠨ ᠤ ᠲᠠᠪᠴᠠᠩ ᠢ ᠪᠦᠳᠦᠭᠡᠨ ᠪᠠᠶᠢᠭᠤᠯᠤᠨ᠂ | ᠠᠵᠢᠯ ᠲᠦᠷᠦᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ | ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠲᠤᠷᠠᠯᠴᠠᠬᠤ ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠶᠡᠭᠡ | ᠲᠤᠭ᠎ᠠ ᠪᠠᠷᠢᠮᠲᠠ ᠶᠢᠨ ᠠᠵᠤ ᠦᠢᠯᠡᠰ ᠢ ᠬᠦᠭᠵᠢᠭᠦᠯᠵᠦ᠂ ᠶᠡᠭᠡ ᠲᠤᠭ᠎ᠠ ᠪᠠᠷᠢᠮᠳᠠ ᠶᠢᠨ ᠰᠤᠳᠤᠯᠤᠨ ᠨᠡᠬᠡᠬᠡᠵᠦ | ᠵᠢᠷᠤᠵᠤ ᠲᠦᠯᠦᠪᠯᠡᠬᠦ᠂ ᠦᠢᠯᠡᠳᠪᠦᠷᠢᠯᠡᠬᠦ᠂ ᠡᠵᠡᠩᠨᠡᠨ ᠬᠠᠮᠢᠶᠠᠷᠬᠤ᠂ ᠵᠠᠬ᠎ᠠ ᠳᠡᠯᠭᠡᠭᠦᠷ ᠤᠨ ᠪᠣᠷᠣᠯᠠᠭᠤᠯᠤᠯᠲᠠ᠂ | ᠬᠤᠳᠠᠯᠳᠤᠭᠰᠠᠨ ᠤ ᠬᠤᠶᠢᠨᠠᠬᠢ ᠦᠢᠯᠡᠴᠢᠯᠡᠭᠡ ᠵᠡᠷᠭᠡ ᠦᠢᠯᠡᠳᠬᠦᠨ ᠤ ᠪᠦᠬᠦ ᠠᠮᠢ ᠨᠠᠰᠤᠨ ᠤ ᠡᠭᠡᠯᠵᠢᠲᠦ | ᠬᠤᠭᠤᠴᠠᠭ᠎ᠠ᠂ ᠠᠵᠤ ᠦᠢᠯᠡᠰ ᠤᠨ ᠬᠡᠯᠬᠢᠶ᠎ᠡ ᠶᠢᠨ ᠪᠦᠬᠦ ᠶᠠᠪᠤᠴᠠ ᠶᠢᠨ ᠡᠯ᠎ᠡ ᠵᠠᠩᠭᠢᠯᠠᠭ᠎ᠠ ᠵᠡᠷᠭᠡ ᠳᠠᠬᠢ | ᠬᠡᠷᠡᠭᠯᠡᠯᠲᠡ ᠶᠢ ᠲᠦᠯᠬᠢᠨ ᠠᠬᠢᠭᠤᠯᠵᠤ᠂ ᠲᠣᠮᠤ ᠳ᠋ᠠᠶᠢᠲ᠋ᠠ᠂ ᠪᠣᠳᠠᠰᠯᠢᠭ ᠬᠤᠯᠪᠤᠭᠠᠲᠤ ᠰᠦᠯᠵᠢᠶ᠎ᠡ᠂ ᠡᠭᠦᠯᠡᠨ | ᠪᠣᠳᠤᠯᠲᠠ ᠪᠠ 3 D ᠳᠠᠷᠤᠮᠠᠯᠯᠠᠬᠤ ᠮᠡᠷᠭᠡᠵᠢᠯ᠂ ᠥᠪᠡᠷᠮᠢᠴᠡ ᠣᠨᠴᠠᠯᠢᠭᠲᠤ ᠦᠢᠯᠡᠳᠬᠦᠢ ᠵᠡᠷᠭᠡ ᠪᠣᠯᠪᠠᠰᠤᠷᠠᠭᠤᠯᠬᠤ | ᠠᠵᠤ ᠦᠢᠯᠡᠳᠪᠦᠷᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠳᠠᠬᠢ ᠬᠤᠷᠠᠮᠠᠯ ᠬᠡᠷᠡᠭᠯᠡᠯᠲᠡ ᠶᠢ ᠲᠦᠯᠬᠢᠨ | ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠲᠣᠮᠤ ᠳ᠋ᠠᠶᠢᠲ᠋ᠠ ᠶᠢ ᠬᠥᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠲᠣᠮᠤ ᠳ᠋ᠠᠶᠢᠲ᠋ᠠ ᠶᠢᠨ ᠲᠥᠪ ᠢ ᠪᠠᠶᠢᠭᠤᠯᠤᠨ | ᠠᠬᠢᠭᠤᠯᠵᠤ᠂ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ᠂ ᠡᠯ᠎ᠡ ᠬᠦᠷᠢᠶᠡᠨ ᠳᠠᠬᠢ ᠲᠠᠷᠢᠶᠠᠯᠠᠩ ᠮᠠᠯ ᠠᠵᠤ | ᠠᠬᠤᠶ ᠳᠤ ᠬᠤᠯᠪᠣᠭᠳᠠᠬᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠲᠤᠪᠠᠷ ᠡᠳ᠋ᠯᠡᠬᠦ ᠨᠡᠬᠡᠬᠡᠯᠲᠡ ᠶᠢ ᠲᠦᠯᠬᠢᠨ | ᠠᠬᠢᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠬᠡᠬᠡᠨ ᠠᠭᠤᠳᠠᠯᠯᠠᠵᠤ ᠬᠡᠷᠡᠭᠯᠡᠬᠦ ᠶᠢ ᠴᠢᠩᠭᠠᠳᠬᠠᠨ᠎ᠠ᠃ | ᠰᠢᠨ᠎ᠡ ᠪᠠᠷ ᠬᠦᠭᠵᠢᠭᠰᠡᠨ ᠲᠣᠮᠤ ᠳ᠋ᠠᠶᠢᠲ᠋ᠠ ᠶᠢᠨ ᠠᠵᠤ ᠦᠢᠯᠡᠰ ᠢ ᠬᠦᠭᠵᠢᠭᠦᠯᠵᠦ᠂ ᠢᠨᠲ᠋ᠧᠷ ᠰᠦᠯᠵᠢᠶ᠎ᠡ ᠶᠢᠨ | ᠮᠥᠩᠭᠦᠨ ᠭᠦᠢᠯᠭᠡᠭᠡ᠂ ᠲᠤᠭ᠎ᠠ ᠪᠠᠷᠢᠮᠲᠠ ᠶᠢᠨ ᠠᠵᠢᠯ᠂ ᠲᠤᠭ᠎ᠠ ᠪᠠᠷᠢᠮᠲᠠ ᠶᠢ ᠰᠢᠢᠳᠪᠦᠷᠢᠯᠡᠵᠦ ᠵᠠᠳᠠᠯᠬᠤ ᠵᠡᠷᠭᠡ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠪᠤᠶᠢᠵᠢᠭᠤᠯᠵᠤ᠂ ᠬᠦᠷᠢᠶ᠎ᠡ ᠠᠯᠤᠰᠯᠠᠭᠰᠠᠨ᠂ ᠠᠵᠢᠯ ᠲᠦᠷᠦᠯ | ᠠᠯᠤᠰᠯᠠᠭᠰᠠᠨ ᠲᠤᠭ᠎ᠠ ᠪᠠᠷᠢᠮᠳᠠ ᠶᠢᠨ ᠠᠭᠤᠰᠤᠯᠴᠠᠯ ᠪᠠ ᠬᠠᠮᠵᠢᠯᠴᠠᠭ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ | ᠬᠠᠮᠵᠢᠯᠴᠠᠨ ᠬᠥᠭᠵᠢᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ | ᠬᠦᠲᠦᠯᠦᠭᠴᠢ᠄ | ︽13᠂ 5︾ ᠤᠨ ᠡᠭᠦᠯᠡᠨ ᠪᠣᠳᠤᠯᠲᠠ ᠶᠢᠨ ᠠᠵᠤ ᠦᠢᠯᠡᠰ ᠤᠨ ᠬᠦᠭᠵᠢᠯᠲᠡ ᠶᠢᠨ ᠬᠠᠷᠠᠯᠲᠠ ᠶᠢ | ᠪᠡᠶᠡᠯᠡᠭᠦᠯᠬᠦ ᠶᠢᠨ ᠲᠤᠰᠠᠳᠠ᠂ ᠦᠪᠦᠷ ᠮᠣᠩᠭᠤᠯ ᠶᠠᠮᠠᠷ ᠰᠢᠤ ᠪᠣᠳᠠᠲᠠᠢ ᠲᠥᠷᠦ ᠶᠢᠨ ᠪᠣᠳᠤᠯᠭ᠎ᠠ ᠠᠷᠭ᠎ᠠ ᠬᠡᠮᠵᠢᠶ᠎ᠡ | ᠠᠪᠤᠭᠰᠠᠨ ᠪᠣᠢ︖ | ᠸᠧᠢ ᠰᠢᠶᠤᠤ ᠮᠢᠩ᠄ | ᠦᠪᠦᠷ ᠮᠣᠩᠭᠤᠯ ᠪᠣᠯ ᠮᠠᠨ ᠤ ᠤᠯᠤᠰ ᠤᠨ ᠴᠦᠬᠡᠨ ᠲᠣᠭᠠᠲᠤ ᠦᠨᠳᠦᠰᠦᠲᠡᠨ ᠤ ᠣᠷᠤᠨ ᠤ ᠦᠪᠡᠷᠲᠡᠭᠡᠨ | ᠵᠠᠰᠠᠬᠤ ᠲᠥᠷᠦ ᠶᠢᠨ ᠪᠣᠳᠤᠯᠭ᠎ᠠ ᠶᠢ ᠬᠦᠷᠲᠡᠵᠦ ᠪᠠᠶᠢᠬᠤ ᠴᠣᠷ ᠤᠨ ᠭᠠᠭᠴᠠ ᠣᠷᠤᠨ ᠪᠣᠯᠬᠤ ᠪᠦᠭᠡᠳ ᠪᠠᠰᠠ | ᠪᠠᠷᠠᠭᠤᠨ ᠤᠷᠤᠨ ᠢ ᠶᠡᠬᠡᠪᠡᠷ ᠨᠡᠬᠡᠬᠡᠨ ᠬᠦᠭᠵᠢᠭᠦᠯᠬᠦ ᠪᠠ ᠵᠡᠭᠦᠨ ᠬᠤᠶᠢᠲᠤ ᠶᠢ ᠮᠠᠨᠳᠤᠭᠤᠯᠬᠤ ᠬᠠᠷᠠᠭᠠᠯᠵᠠᠯ ᠤᠨ | ᠲᠥᠷᠦ ᠶᠢᠨ ᠪᠣᠳᠤᠯᠭ᠎ᠠ ᠶᠢ ᠬᠦᠷᠲᠡᠵᠦ ᠪᠠᠶᠢᠬᠤ ᠤᠷᠤᠨ ᠮᠦᠨ᠂ ᠪᠡᠯᠡ ᠣᠷᠤᠭᠤᠯᠤᠯᠲᠠ ᠶᠢᠨ ᠣᠷᠴᠢᠨ ᠲᠣᠭᠤᠷᠢᠨ | ᠳᠠᠪᠠᠭᠤᠯᠢᠭ ᠪᠠᠶᠢᠵᠤ᠂ ᠡᠭᠦᠯᠡᠨ ᠪᠣᠳᠤᠯᠲᠠ ᠶᠢᠨ ᠠᠵᠤ ᠦᠢᠯᠡᠰ ᠤᠨ ᠬᠦᠭᠵᠢᠯᠲᠡ ᠳᠤ ᠬᠦᠴᠦᠲᠡᠢ ᠲᠥᠰᠢᠭ | ᠲᠤᠯᠭᠠᠭᠤᠷᠢ ᠬᠠᠩᠭᠠᠵᠤ ᠪᠠᠶᠢᠨ᠎ᠠ᠃ ᠭᠠᠶᠢᠯᠢ ᠲᠠᠲᠠᠪᠤᠷᠢ ᠶᠢᠨ ᠲᠠᠯ᠎ᠠ ᠪᠠᠷ᠂ ᠤᠯᠤᠰ ᠤᠨ ︽ᠪᠠᠷᠠᠭᠤᠨ ᠤᠷᠤᠨ ᠢ | ᠵᠣᠷᠢᠭᠵᠢᠭᠤᠯᠬᠤ ᠲᠦᠷᠦᠯ ᠤᠨ ᠠᠵᠤ ᠦᠢᠯᠡᠰ ᠤᠨ ᠭᠠᠷᠴᠠᠭ︾ ᠲᠠᠢ ᠨᠡᠶᠢᠴᠡᠭᠰᠡᠨ ᠡᠭᠦᠯᠡᠨ ᠪᠣᠳᠤᠯᠲᠠ ᠶᠢᠨ ᠠᠵᠤ | ᠦᠢᠯᠡᠰ ᠤᠨ ᠲᠦᠷᠦᠯ ᠵᠦᠢᠯ ᠨᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ 15% ᠪᠠᠷ ᠬᠦᠩᠭᠡᠷᠡᠭᠦᠯᠵᠦ | ᠪᠣᠯᠤᠨ᠎ᠠ᠃ ᠬᠡᠷᠡᠭᠯᠡᠬᠦ ᠭᠠᠵᠠᠷ ᠣᠷᠤᠨ ᠤ ᠲᠠᠯ᠎ᠠ ᠪᠠᠷ᠂ ᠭᠠᠵᠠᠷ ᠨᠤᠲᠤᠭ ᠤᠨ ᠬᠠᠩᠭᠠᠯᠭ᠎ᠠ ᠪᠦᠷᠢᠨ ᠭᠦᠢᠴᠡᠳ᠂ | ᠦᠨ᠎ᠡ ᠬᠠᠩᠰᠢ ᠶᠢᠨ ᠳᠠᠪᠠᠭᠤᠯᠢᠭ ᠢᠯᠡᠷᠬᠡᠢ ᠪᠠᠶᠢᠵᠤ᠂ ᠠᠵᠤ ᠠᠬᠤᠢ ᠨᠡᠯᠢᠶᠡᠳ ᠬᠦᠭᠵᠢᠭᠰᠡᠨ ᠬᠦᠬᠡᠬᠤᠲᠠ | ᠪᠣᠭᠤᠲᠤ ᠤᠷᠳᠤᠰ ᠭᠠᠵᠠᠷ ᠤᠷᠤᠨ ᠤ ᠬᠡᠷᠡᠭᠯᠡᠬᠦ ᠭᠠᠵᠠᠷ ᠤᠨ ᠳᠤᠮᠳᠠᠴᠢ ᠦᠨ᠎ᠡ ᠨᠢ ᠳᠠᠯᠠᠢ ᠳᠠᠭᠠᠤ ᠬᠦᠭᠵᠢᠭᠰᠡᠨ | ᠮᠤᠵᠢ ᠬᠤᠲᠠ ᠶᠢᠨ ᠬᠠᠭᠠᠰ ᠢ ᠴᠦ ᠬᠦᠷᠬᠦ ᠦᠭᠡᠢ᠃ ᠦᠨ᠎ᠡ ᠬᠠᠩᠰᠢ ᠶᠢᠨ ᠲᠠᠯ᠎ᠠ ᠪᠠᠷ᠂ ᠪᠦᠬᠦ ᠤᠯᠤᠰ ᠲᠤ | ᠬᠠᠮᠤᠭ ᠠᠴᠠ ᠳᠣᠣᠷ᠎ᠠ ᠶᠡᠭᠡ ᠬᠡᠯᠪᠡᠷᠢ ᠶᠢᠨ ᠡᠭᠦᠯᠡᠨ ᠪᠣᠳᠤᠯᠲᠠ ᠶᠢᠨ ᠲᠤᠭ᠎ᠠ ᠪᠠᠷᠢᠮᠳᠠ ᠶᠢᠨ ᠲᠥᠪ ᠤᠨ | ᠬᠠᠷᠠᠭᠠᠯᠵᠠᠯᠲᠤ ᠴᠠᠬᠢᠯᠭᠠᠨ ᠬᠦᠴᠦᠨ ᠤ ᠦᠨ᠎ᠡ ᠬᠠᠩᠰᠢ ᠶᠢᠨ ᠲᠥᠷᠦ ᠶᠢᠨ ᠪᠣᠳᠤᠯᠭ᠎ᠠ ᠶᠢ ᠲᠣᠭᠲᠠᠭᠠᠵᠤ᠂ ᠬᠡᠷᠡᠭᠯᠡᠬᠦ | ᠴᠠᠬᠢᠯᠭᠠᠨ ᠤ ᠦᠨ᠎ᠡ ᠨᠢ ᠭᠷᠠᠳᠦ᠋ᠰ ᠪᠦᠷᠢ ᠳᠡᠭᠡᠨ ᠵᠦᠪᠬᠡᠨ 0.38 ᠲᠦᠭᠦᠷᠢᠭ ᠪᠣᠯᠤᠨ᠎ᠠ᠃ ᠣᠳᠣ ᠶᠠᠭ ᠦᠷᠭᠡᠨ | ᠪᠦᠰᠡᠲᠦ ᠰᠦᠯᠵᠢᠶ᠎ᠡ ᠶᠢᠨ ᠬᠠᠷᠠᠭᠠᠯᠵᠠᠯᠲᠤ ᠦᠨ᠎ᠡ ᠬᠠᠩᠰᠢ ᠶᠢᠨ ᠲᠥᠷᠦ ᠶᠢᠨ ᠪᠣᠳᠤᠯᠭ᠎ᠠ ᠶᠢ ᠰᠣᠳᠤᠯᠤᠨ | ᠲᠣᠭᠲᠠᠭᠠᠵᠤ᠂ ᠪᠦᠬᠦ ᠤᠯᠤᠰ ᠤᠨ ᠬᠠᠮᠤᠭ ᠤᠨ ᠳᠣᠣᠷ᠎ᠠ ᠬᠡᠮᠵᠢᠶᠡᠨ ᠳᠤ ᠪᠠᠶᠢᠯᠭᠠᠬᠤ ᠪᠠᠷ ᠴᠢᠷᠮᠠᠶᠢᠵᠤ ᠪᠠᠶᠢᠨ᠎ᠠ᠃ | ᠴᠢᠳᠠᠪᠤᠷᠢᠲᠠᠨ ᠤ ᠲᠠᠯ᠎ᠠ ᠪᠠᠷ᠂ ︽ᠲᠠᠯ᠎ᠠ ᠨᠤᠲᠤᠭ ᠤᠨ ᠰᠣᠳᠣᠴᠤᠤᠯ︾ ᠵᠡᠷᠭᠡ ᠴᠢᠳᠠᠪᠤᠷᠢᠲᠠᠨ ᠣᠷᠤᠭᠤᠯᠬᠤ | ᠲᠥᠷᠦ ᠶᠢᠨ ᠪᠣᠳᠤᠯᠭ᠎ᠠ ᠶᠢ ᠲᠣᠭᠲᠠᠭᠠᠵᠤ᠂ ᠣᠷᠤᠨ ᠰᠠᠭᠤᠴᠠ᠂ ᠡᠷᠦᠬᠡ ᠠᠮᠠ ᠣᠷᠣᠬᠤ᠂ ᠬᠤᠯᠪᠣᠰᠤ ᠪᠠ ᠦᠷ᠎ᠡ | ᠬᠡᠤᠬᠡᠳ ᠢ ᠨᠢ ᠲᠥᠪᠬᠢᠨᠡᠭᠦᠯᠬᠦ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠳᠡᠳᠬᠦᠬᠦ᠂ ᠰᠢᠨᠵᠢᠯᠡᠬᠦ | ᠤᠬᠠᠭᠠᠨ ᠰᠤᠳᠤᠯᠭᠠᠨ ᠤ ᠲᠦᠷᠦᠯ ᠵᠦᠢᠯ ᠢ ᠭᠤᠶᠤᠴᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠱᠠᠩᠨᠠᠬᠤ ᠵᠡᠷᠭᠡ ᠲᠠᠯ᠎ᠠ ᠪᠠᠷ ᠶᠡᠭᠡ ᠬᠦᠴᠦᠨ ᠢᠶᠠᠷ ᠳᠡᠮᠵᠢᠨ᠎ᠡ᠃ | ᠬᠦᠲᠦᠯᠦᠭᠴᠢ᠄ | ᠵᠠ᠂ ᠸᠧᠢ ᠡᠷᠬᠢᠯᠡᠭᠴᠢ ᠶᠢᠨ ᠨᠠᠷᠢᠨ ᠲᠠᠶᠢᠯᠤᠮᠵᠢ ᠳᠤ ᠮᠠᠰᠢ ᠲᠠᠯᠠᠷᠬᠠᠯ᠎ᠠ᠂ ᠮᠦᠨᠴᠦ ᠰᠦᠯᠵᠢᠶᠡᠨ ᠤ ᠠᠨᠳᠠ | ᠨᠠᠷ ᠤᠨ ᠣᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ | ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠳ᠋ᠤᠭᠠᠷ ᠲᠤ ᠪᠠᠨ ᠪᠠᠶᠠᠷᠲᠠᠢ ᠠᠭᠤᠯᠵᠠᠶ᠎ᠠ︕ | | 2015 ᠣᠨ ᠤ ᠦᠪᠦᠷ ᠮᠣᠩᠭᠤᠯ ᠤᠨ ᠡᠭᠦᠯᠡᠨ ᠪᠣᠳᠤᠯᠲᠠ ᠶᠢᠨ ᠠᠵᠤ ᠦᠢᠯᠡᠰ ᠤᠨ ᠲᠠᠨᠢᠯᠴᠠᠭᠤᠯᠬᠤ | ᠬᠤᠷᠠᠯ ᠪᠡᠭᠡᠵᠢᠩ ᠳᠤ ᠬᠤᠷᠠᠯᠳᠤᠪᠠ |