ᠥᠪᠥᠷ ᠮᠣᠩᠭᠤᠯ ᠤᠨ 3 ᠲᠥᠷᠥᠯ ᠵᠦᠢᠯ ᠤᠯᠤᠰ ᠤᠨ ᠡᠬᠢ ᠪᠠᠶᠠᠯᠢᠭ ᠢ ᠳᠠᠬᠢᠨ ᠠᠰᠢᠭᠯᠠᠬᠤ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠣᠯᠪᠠ
ᠨᠡᠶᠢᠲᠡᠯᠡᠭᠰᠡᠨ ᠴᠠᠭ᠄
2016/2/19
     ᠣᠶᠢᠷ᠎ᠡ ᠳᠤ  ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠠᠴᠠ  ᠤᠯᠤᠰ ᠤᠨ ᠡᠬᠢ ᠪᠠᠶᠠᠯᠢᠭ ᠢ  ᠳᠠᠬᠢᠨ ᠠᠰᠢᠭᠯᠠᠬᠤ ᠴᠢᠬᠤᠯᠠ ᠶᠡᠭᠡ ᠵᠢᠱᠢᠶ᠎ᠡ ᠦᠵᠡᠭᠦᠯᠬᠦ 85 ᠢᠨᠵᠧᠨᠧᠷᠢᠩ ᠢ ᠨᠡᠶᠢᠲᠡᠯᠡᠵᠦ᠂ ᠥᠪᠥᠷ ᠮᠣᠩᠭᠤᠯ ᠤᠨ 3 ᠲᠥᠷᠥᠯ ᠵᠦᠢᠯ ᠨᠡᠷ᠎ᠡ ᠳᠤᠷᠠᠳᠤᠭᠳᠠᠵᠠᠢ᠃       ᠲᠤᠰ 3 ᠲᠥᠷᠥᠯ ᠵᠦᠢᠯ ᠨᠢ ᠲᠤᠰ ᠲᠤᠰ᠄ ᠪᠣᠭᠤᠲᠤ ᠬᠤᠲᠠ ᠶᠢᠨ ᠫᠢᠩ ᠶᠤᠸᠠᠨ ᠡᠳ᠋ ᠪᠤᠳᠠᠰ ᠬᠤᠷᠢᠶᠠᠨ ᠠᠪᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠣᠮᠤ ᠬᠡᠯᠪᠡᠷᠢ ᠶᠢᠨ ᠣᠷᠣᠨ ᠪᠦᠰᠡ ᠶᠢᠨ ᠴᠢᠨᠠᠷᠲᠠᠢ ᠬᠠᠶᠠᠭᠳᠠᠮᠠᠯ ᠪᠣᠯᠣᠳ ᠲᠡᠮᠦᠷ ᠢ ᠬᠡᠮᠬᠡᠯᠵᠦ ᠪᠣᠯᠪᠠᠰᠤᠷᠠᠭᠤᠯᠬᠤ ᠵᠢᠴᠢ ᠲᠣᠬᠢᠷᠠᠭᠤᠯᠤᠨ ᠬᠦᠷᠭᠡᠬᠦ ᠲᠥᠷᠥᠯ ᠵᠦᠢᠯ᠂ ᠣᠷᠳᠣᠰ ᠬᠤᠲᠠ ᠶᠢᠨ ᠸᠠᠨ ᠯᠢ ᠳᠠᠬᠢᠯᠲᠠ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠶᠠᠭᠳᠠᠮᠠᠯ ᠰᠦᠯᠢᠶᠤᠤ ᠶᠢ ᠬᠤᠷᠢᠶᠠᠨ ᠠᠪᠴᠤ ᠪᠣᠯᠪᠠᠰᠤᠷᠠᠭᠤᠯᠤᠨ ᠪᠣᠯᠪᠠᠰᠤᠷᠠᠭᠤᠯᠬᠤ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ᠂ ᠤᠯᠠᠭᠠᠨᠬᠠᠳᠠ ᠶᠢᠨ ᠰᠢᠷᠠᠮᠦ᠋ᠷᠡᠨ ︵ᠪᠦᠯᠦᠭᠯᠡᠯ︶ ᠭᠦᠩ ᠤᠨ ᠠᠶᠢᠯ ᠨᠡᠭᠦᠷᠡᠰᠦᠨ ᠦᠢᠯᠡᠰ  ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦ ᠶᠢ ᠠᠰᠢᠭᠯᠠᠨ ᠨᠠᠭᠠᠯᠳᠤᠭᠤᠯᠤᠨ ᠲᠡᠭᠦᠬᠦ ᠵᠠᠩᠭᠢᠯᠠᠭ᠎ᠠ ᠶᠢᠨ ᠮᠡᠷᠭᠡᠵᠢᠯ ᠢᠶᠠᠷ ᠪᠠᠷᠢᠯᠭ᠎ᠠ ᠶᠢᠨ  ᠬᠠᠶᠠᠭᠳᠠᠯ ᠢ ᠳᠠᠪᠲᠠᠨ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠪᠣᠯᠣᠨ᠎ᠠ᠃      ᠲᠤᠰ 3  ᠲᠥᠷᠥᠯ ᠵᠦᠢᠯ ᠨᠢ ᠵᠢᠯ ᠎ ᠳᠤ 30 ᠭᠠᠷᠤᠢ ᠲᠦᠮᠡᠨ ᠲᠤᠨ ᠤ ᠬᠠᠶᠠᠭᠳᠠᠮᠠᠯ ᠪᠣᠯᠣᠳ ᠲᠡᠮᠦᠷ ᠢ ᠬᠤᠷᠢᠶᠠᠨ ᠠᠪᠴᠤ ᠪᠣᠯᠪᠠᠰᠤᠷᠠᠭᠤᠯᠵᠤ᠂ ᠵᠢᠯ ᠳᠤ ᠬᠠᠶᠠᠭᠳᠠᠮᠠᠯ ᠬᠠᠭᠤᠴᠢᠨ ᠲᠡᠮᠦᠷᠯᠢᠭ᠂ ᠰᠦᠯᠢᠶᠤᠤ᠂ ᠰᠢᠯ᠂ ᠳᠤᠭᠤᠶᠢᠯᠠᠪᠤᠷᠢ ᠵᠡᠷᠭᠡ ᠳᠠᠬᠢᠯᠲᠠ ᠡᠬᠢ ᠪᠠᠶᠠᠯᠢᠭ ᠢ 15 ᠲᠦᠮᠡᠨ ᠲᠤᠨ ᠬᠤᠷᠢᠶᠠᠨ ᠠᠪᠴᠤ ᠠᠰᠢᠭᠯᠠᠵᠤ᠂ ᠵᠢᠯ ᠳᠤ ᠪᠠᠷᠢᠯᠭ᠎ᠠ ᠶᠢᠨ ᠬᠠᠶᠠᠭᠳᠠᠯ ᠢ 20 ᠲᠦᠮᠡᠨ ᠲᠣᠨ ᠠᠰᠢᠭᠯᠠᠵᠤ᠂ ᠲᠣᠬᠠᠢ ᠶᠢᠨ ᠭᠠᠵᠠᠷ ᠤᠨ ᠢᠶᠠᠨ ᠣᠷᠴᠢᠨ ᠲᠣᠭᠤᠷᠢᠨ ᠳᠤ ᠡᠶ᠎ᠡ ᠨᠦᠬᠦᠷᠰᠡᠭ ᠪᠣᠯᠣᠨ ᠡᠬᠢ ᠪᠠᠶᠠᠯᠢᠭ ᠢ ᠠᠷᠪᠢᠯᠠᠨ  ᠭᠠᠮᠨᠠᠬᠤ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号