ᠦᠪᠦᠷ ᠮᠣᠩᠭᠤᠯ 5 ᠵᠢᠯ ᠳᠤ 5.8 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ ᠮᠠᠯᠴᠢᠨ ᠲᠠᠷᠢᠶᠠᠴᠢᠨ ᠤ ᠲᠤᠰᠬᠠᠢ ᠮᠡᠷᠭᠡᠵᠢᠯ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠪᠡ
ᠨᠡᠶᠢᠲᠡᠯᠡᠭᠰᠡᠨ ᠴᠠᠭ᠄
2016/2/19
      ︽12᠂ 5︾᠎ ᠤᠨ ᠬᠤᠭᠤᠴᠠᠭᠠᠨ ᠳᠤ᠂ ᠦᠪᠦᠷ ᠮᠣᠩᠭᠤᠯ ᠠᠴᠠ ᠨᠡᠶᠢᠲᠡ 5.8 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠣᠷᠤᠭᠤᠯᠤᠨ ᠪᠦᠬᠦ ᠤᠷᠤᠨ ᠤ 2032 ᠮᠠᠯᠴᠢᠨ ᠲᠠᠷᠢᠶᠠᠴᠢᠨ ᠤ ᠲᠤᠰᠬᠠᠢ ᠮᠡᠷᠭᠡᠵᠢᠯ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠦᠬᠦ ᠤᠷᠤᠨ ᠤ ᠮᠠᠯᠴᠢᠨ ᠲᠠᠷᠢᠶᠠᠴᠢᠨ ᠤ ᠲᠤᠰᠬᠠᠢ ᠮᠡᠷᠭᠡᠵᠢᠯ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠡᠪᠴᠢᠶᠡᠵᠢᠭᠦᠯᠦᠯᠲᠡ ᠪᠠ ᠪᠣᠳᠠᠲᠠᠶᠢᠵᠢᠭᠤᠯᠤᠯᠲᠠ ᠶᠢᠨ ᠴᠢᠭᠯᠡᠯ ᠢᠶᠠᠷ ᠬᠦᠭᠵᠢᠬᠦ ᠶᠢ ᠲᠦᠯᠬᠢᠨ ᠠᠬᠢᠭᠤᠯᠪᠠ᠃     ᠤᠶᠢᠯᠭᠠᠭᠰᠠᠨ ᠢᠶᠠᠷ᠂ ᠦᠩᠭᠡᠷᠡᠭᠰᠡᠨ 5 ᠵᠢᠯ ᠤᠨ ᠲᠤᠷᠰᠢ᠂ ᠦᠪᠦᠷ ᠮᠣᠩᠭᠤᠯ ᠤᠨ ᠡᠳ᠋ ᠤᠨ ᠵᠠᠰᠠᠭ ᠠᠴᠠ ᠲᠠᠷᠢᠶᠠᠯᠠᠩ ᠢ ᠳᠡᠮᠵᠢᠬᠦ ᠲᠦᠷᠦᠯ ᠵᠦᠢᠯ ᠤᠨ ᠮᠠᠯᠴᠢᠨ ᠲᠠᠷᠢᠶᠠᠴᠢᠨ ᠤ ᠲᠤᠰᠬᠠᠢ ᠮᠡᠷᠭᠡᠵᠢᠯ ᠤᠨ ᠬᠠᠮᠲᠤᠷᠠᠯᠴᠠᠭᠠᠨ ᠤ ᠵᠣᠬᠢᠶᠠᠨ  ᠪᠠᠶᠢᠭᠤᠯᠤᠯᠲᠠ ᠶᠢᠨ ᠬᠥᠭᠵᠢᠯᠲᠡ ᠲᠠᠢ ᠵᠤᠯᠭᠠᠭᠤᠯᠬᠤ ᠬᠠᠮᠢᠶ᠎ᠠ ᠪᠦᠬᠦᠢ ᠲᠥᠷᠦ ᠶᠢᠨ ᠪᠣᠳᠤᠯᠭ᠎ᠠ ᠶᠢ ᠢᠳᠡᠪᠬᠢᠲᠡᠢ ᠰᠢᠨᠡᠴᠢᠯᠡᠨ᠂ ᠪᠦᠬᠦ ᠤᠷᠤᠨ ᠤ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ᠂ ᠪᠠᠭ᠎ᠠ ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠵᠡᠷᠭᠡ ᠲᠦᠷᠦᠯ ᠵᠦᠢᠯ ᠢ ᠳᠡᠳᠬᠦᠨ ᠳᠡᠮᠵᠢᠬᠦ ᠪᠡᠯᠡ ᠮᠦᠩᠭᠦ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ᠵᠤᠯᠭᠠᠭᠤᠯᠬᠤ ᠲᠣᠭᠲᠠᠴᠠ ᠶᠢ ᠢᠳᠡᠪᠬᠢᠲᠡᠢ ᠬᠠᠶᠢᠨ ᠰᠦᠪᠡᠭᠴᠢᠯᠡᠨ ᠰᠢᠨ᠎ᠡ ᠶᠢ ᠡᠭᠦᠳᠴᠦ᠂ ᠮᠠᠯᠴᠢᠨ ᠲᠠᠷᠢᠶᠠᠴᠢᠨ ᠤ ᠲᠤᠰᠬᠠᠢ ᠮᠡᠷᠭᠡᠵᠢᠯ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠬᠦᠲᠦᠯᠦᠨ ᠵᠢᠯᠤᠭᠤᠳᠴᠤ ᠪᠡᠯᠡ ᠮᠦᠩᠭᠦ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠨᠢ ᠪᠦᠷᠢᠨᠰᠢᠭᠦᠯᠦᠨ ᠲᠡᠭᠦᠯᠳᠡᠷᠵᠢᠭᠦᠯᠪᠡ᠃ ᠮᠠᠯᠴᠢᠨ ᠲᠠᠷᠢᠶᠠᠴᠢᠨ ᠤ ᠲᠤᠰᠬᠠᠢ ᠮᠡᠷᠭᠡᠵᠢᠯ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠨᠢ ᠡᠷᠴᠢᠮᠯᠡᠭ᠂ ᠵᠤᠯᠭᠠᠭᠤᠯᠬᠤ ᠠᠷᠭ᠎ᠠ ᠬᠡᠮᠵᠢᠶ᠎ᠡ ᠨᠢ ᠰᠢᠨᠡᠷᠬᠡᠭ᠂ ᠠᠵᠢᠯ ᠦᠢᠯᠡᠰ ᠨᠢ ᠦᠷ᠎ᠡ ᠪᠦᠲᠦᠮᠵᠢᠲᠡᠢ ᠠᠶᠢᠮᠠᠭ ᠬᠤᠲᠠ ᠶᠢ ᠵᠣᠬᠢᠬᠤ ᠬᠡᠮᠵᠢᠶ᠎ᠡ ᠪᠠᠷ ᠱᠠᠩᠨᠠᠨ ᠬᠦᠬᠢᠭᠦᠯᠪᠡ︔ ᠲᠠᠷᠢᠶᠠᠯᠠᠩ ᠮᠠᠯ ᠠᠵᠤ ᠠᠬᠤᠢ ᠳᠤ ᠠᠰᠢᠭ ᠬᠦᠷᠲᠡᠭᠡᠵᠦ ᠪᠡᠯᠡ ᠮᠦᠩᠭᠦ ᠨᠦᠬᠦᠪᠦᠷᠢᠯᠡᠬᠦ ᠲᠥᠷᠦ ᠶᠢᠨ ᠪᠣᠳᠤᠯᠭ᠎ᠠ ᠶᠢ ᠦᠨᠡᠨᠬᠦ ᠭᠦᠢᠴᠡᠳᠬᠡᠨ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠨᠦᠬᠦᠪᠦᠷᠢᠯᠡᠬᠦ ᠪᠡᠯᠡ ᠮᠦᠩᠭᠦ ᠶᠢ ᠨᠠᠶᠢᠳᠠᠪᠤᠷᠢᠵᠢᠭᠤᠯᠬᠤ ᠪᠠᠷ ᠳᠠᠮᠵᠢᠨ᠂ ᠮᠠᠨ ᠤ ᠤᠷᠤᠨ ᠤ ᠰᠢᠯᠢᠳᠡᠭ ᠦᠷ᠎ᠡ ᠶᠢᠨ ᠪᠦᠷᠬᠦᠴᠡ ᠶᠢᠨ ᠨᠤᠷᠮ᠎ᠠ ᠪᠠ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭᠵᠢᠭᠤᠯᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠵᠢᠯ ᠪᠦᠷᠢ ᠲᠠᠷᠢᠮᠠᠯ ᠤᠨ ᠰᠢᠯᠢᠳᠡᠭ ᠦᠷ᠎ᠡ ᠶᠢᠨ ᠨᠦᠬᠦᠪᠦᠷᠢᠯᠡᠬᠦ ᠲᠠᠯᠠᠪᠠᠢ ᠨᠢ ᠪᠠᠷᠤᠭ 7500 ᠰᠢᠬᠠᠮ ᠲᠦᠮᠡᠨ ᠮᠦ ᠬᠦᠷᠴᠦ᠂ ᠡᠷᠳᠡᠨᠢ ᠶᠢᠨ ᠰᠢᠰᠢ᠂ ᠤᠰᠤᠨ ᠳᠣᠲᠤᠷᠭ᠎ᠠ᠂ ᠪᠣᠭᠤᠳᠠᠢ᠂ ᠪᠤᠷᠴᠠᠭ ᠤᠨ ᠰᠢᠯᠢᠳᠡᠭ ᠦᠷ᠎ᠡ ᠶᠢᠨ ᠨᠦᠬᠦᠪᠦᠷᠢ ᠶᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ︔ ᠲᠠᠷᠢᠶᠠᠯᠠᠩ ᠤᠨ ᠦᠢᠯᠡᠰ ᠲᠠᠬᠢ ᠰᠢᠨᠵᠢᠯᠡᠭᠡ ᠮᠡᠷᠭᠡᠵᠢᠯ ᠤᠨ ᠪᠡᠯᠡ ᠣᠷᠤᠭᠤᠯᠤᠯᠲᠠ ᠪᠠᠨ ᠶᠡᠬᠡᠳᠬᠡᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠳᠡᠯᠭᠡᠷᠡᠭᠦᠯᠦᠯᠲᠡ᠂ ᠲᠠᠷᠢᠶᠠᠯᠠᠩ ᠤᠨ ᠦᠨᠳᠦᠷ ᠤᠨᠠᠯᠲᠠ ᠶᠢᠨ ᠡᠭᠦᠳᠦᠯᠲᠠ᠂ ᠠᠮᠢᠲᠠᠨ ᠠᠷᠢᠶᠠᠲᠠᠨ ᠤ ᠴᠢᠬᠤᠯᠠ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠵᠡᠷᠭᠡ ᠳᠤ ᠦᠨᠡᠨᠬᠦ ᠵᠠᠷᠤᠳᠠᠯ ᠤᠨ ᠪᠠᠲᠤᠯᠠᠭ᠎ᠠ ᠬᠠᠩᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号