ᠦᠪᠦᠷ ᠮᠤᠩᠭᠤᠯ ᠤᠨ 39 ᠲᠦᠮᠡ ᠰᠢᠬᠠᠮ ᠮᠠᠯᠴᠢᠨ ᠲᠠᠷᠢᠶᠠᠴᠢᠳ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠳᠤ ᠠᠵᠢᠯ ᠤᠯᠪᠠ
ᠨᠡᠶᠢᠲᠡᠯᠡᠭᠰᠡᠨ ᠴᠠᠭ᠄
2016/2/19
     2 ᠳ᠋ᠤᠭᠠᠷ ᠰᠠᠷ᠎ᠠ ᠶᠢᠨ 18᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠤᠶᠢᠯᠠᠭᠠᠭᠰᠠᠨ ᠨᠢ᠂ 2015 ᠤᠨ ᠳᠤ ᠦᠪᠦᠷ ᠮᠤᠩᠭᠤᠯ ᠤᠨ 39 ᠲᠦᠮᠡ ᠰᠢᠬᠠᠮ ᠮᠠᠯᠴᠢᠨ ᠲᠠᠷᠢᠶᠠᠴᠢᠳ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠳᠤ ᠠᠵᠢᠯ ᠤᠯᠵᠤ᠂ 213.6 ᠲᠦᠮᠡᠨ ᠮᠠᠯᠴᠢᠨ ᠲᠠᠷᠢᠶᠠᠴᠢᠨ ᠡᠷᠦᠬᠡ ᠠᠵᠤ ᠦᠢᠯᠡᠰᠵᠢᠭᠰᠡᠨ ᠬᠡᠯᠬᠢᠶᠡᠵᠢᠯ ᠳᠤ ᠤᠷᠤᠵᠤ᠂ ᠮᠠᠯᠴᠢᠨ ᠲᠠᠷᠢᠶᠠᠴᠢᠳ ᠠᠵᠤ ᠦᠢᠯᠡᠰᠵᠢᠭᠰᠡᠨ ᠡᠵᠡᠩᠨᠡᠯᠲᠡ ᠠᠴᠠ ᠬᠦᠮᠦᠨ ᠪᠦᠷᠢ ᠳᠤᠮᠳᠠᠴᠢ ᠪᠠᠷ 4829 ᠲᠦᠬᠦᠷᠢᠭ ᠤᠨ ᠴᠡᠪᠡᠷ ᠤᠷᠤᠯᠭ᠎ᠠ ᠤᠯᠵᠤ᠂ ᠮᠠᠯᠴᠢᠨ ᠲᠠᠷᠢᠶᠠᠴᠢᠳ ᠤᠨ ᠬᠦᠮᠦᠨ ᠪᠦᠷᠢ ᠶᠢᠨ ᠳᠤᠮᠳᠠᠴᠢ ᠤᠷᠤᠯᠭ᠎ᠠ ᠶᠢᠨ 4 ᠬᠤᠪᠢ ᠠᠴᠠ    ᠳᠡᠭᠡᠭᠰᠢᠬᠢ ᠶᠢ ᠡᠵᠡᠯᠡᠪᠡ᠃      ᠤᠶᠢᠯᠠᠭᠠᠭᠰᠠᠨ ᠢᠶᠠᠷ᠂ ︽12·5︾᠎ ᠶᠢᠨ ᠲᠦᠯᠦᠪᠵᠢᠬᠦᠯᠭᠡ ᠠᠴᠠ ᠨᠠᠰᠢ᠂ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠢᠳᠡᠪᠬᠢᠲᠠᠢ ᠠᠬᠢᠵᠤ᠂ ︽ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠪᠠᠷ ᠭᠠᠷᠳᠠᠴᠠ ᠪᠤᠯᠭᠠᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠠᠮᠲᠤᠷᠠᠨ ᠬᠦᠭᠵᠢᠬᠦ ᠶᠢ ᠠᠬᠢᠭᠤᠯᠬᠤ︾ ᠠᠵᠤ ᠦᠢᠯᠡᠰ ᠤᠨ ᠴᠦᠷᠭᠦᠯᠭᠡ ᠬᠦᠭᠵᠢᠯᠲᠡ ᠶᠢᠨ ᠵᠠᠭᠪᠤᠷᠰᠢᠯ ᠢ ᠪᠦᠷᠢᠯᠳᠦᠬᠦᠯᠵᠤ᠂ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠮᠠᠯ ᠤᠨ ᠠᠰᠢᠭ ᠰᠢᠮ᠎ᠡ ᠪᠤᠯᠪᠠᠰᠤᠷᠠᠭᠤᠯᠬᠤ ᠦᠢᠯᠡᠰ ᠨᠢ ᠦᠪᠦᠷ ᠮᠤᠩᠭᠤᠯ ᠤᠨ ᠡᠨᠧᠷᠬᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠠᠭᠤᠯᠬᠤ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠳᠠᠷᠠᠭᠠᠬᠢ ᠭᠤᠷᠪᠠᠳᠤᠭᠠᠷ ᠲᠤᠯᠭᠠᠭᠤᠷᠢ ᠠᠵᠤ ᠦᠢᠯᠡᠰ ᠪᠤᠯᠪᠠ᠃ 2015 ᠤᠨ ᠳᠤ ᠮᠠᠨ ᠤ ᠤᠷᠤᠨ ᠤ ᠪᠤᠷᠤᠯᠠᠭᠤᠯᠭ᠎ᠠ ᠶᠢᠨ ᠤᠷᠤᠯᠭ᠎ᠠ 500 ᠲᠦᠮᠡᠨ ᠲᠦᠬᠦᠷᠢᠭ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠠᠵᠤ ᠠᠬᠤᠶᠢᠯᠠᠯ ᠤᠳ ᠪᠤᠷᠤᠯᠠᠭᠤᠯᠭ᠎ᠠ ᠶᠢᠨ ᠤᠷᠤᠯᠭ᠎ᠠ ᠪᠠᠨ 4097.9 ᠳ᠋ᠦᠡᠭᠰᠢᠭᠤᠷ ᠲᠦᠬᠦᠷᠢᠭ ᠢ ᠪᠡᠶᠡᠯᠡᠬᠦᠯᠵᠤ᠂ ᠨᠡᠮᠡᠭᠳᠡᠯ ᠦᠷᠲᠡᠭ ᠨᠢ 1225 ᠳ᠋ᠦᠡᠭᠰᠢᠭᠤᠷ ᠲᠦᠬᠦᠷᠢᠭ ᠲᠤ ᠬᠦᠷᠴᠦ᠂ 2010 ᠤᠨ ᠤ ᠬᠢ ᠠᠴᠠ ᠲᠤᠰ ᠲᠤᠰ 69.3% ᠪᠠ 63%᠎ ᠪᠠᠷ ᠨᠡᠮᠡᠭᠳᠡᠪᠡ᠃ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠮᠠᠯ ᠤᠨ ᠠᠰᠢᠭ ᠰᠢᠮ᠎ᠡ ᠶᠢᠨ ᠳᠤᠮᠳᠠᠲᠤ ᠤᠯᠤᠰ ᠤᠨ ᠨᠡᠷᠡᠲᠦ ᠲᠡᠮᠳᠡᠭᠲᠦ ᠨᠢ 66 ᠪᠤᠯᠵᠤ᠂ 2010 ᠤᠨ ᠤ ᠬᠢ ᠠᠴᠠ ᠨᠢᠭᠡ ᠳᠠᠬᠢᠨ ᠨᠡᠮᠡᠭᠳᠡᠭᠰᠡᠨ ᠪᠠᠶᠢᠨ᠎ᠠ᠃ ︽12·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠦᠪᠦᠷ ᠮᠤᠩᠭᠤᠯ ᠤᠨ ᠮᠠᠯᠴᠢᠨ ᠲᠠᠷᠢᠶᠠᠴᠢᠳ ᠤᠨ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ 2010 ᠤᠨ ᠤ 5781 ᠲᠦᠬᠦᠷᠢᠭ ᠪᠠᠶᠢᠭᠰᠠᠨ ᠠᠴᠠ 10776 ᠲᠦᠬᠦᠷᠢᠭ ᠪᠤᠯᠵᠤ ᠨᠡᠮᠡᠭᠳᠡᠨ᠂ ᠵᠢᠯ ᠪᠦᠷᠢ ᠳᠤᠮᠳᠠᠴᠢ ᠪᠠᠷ 13.3%᠎ ᠪᠠᠷ ᠦᠰᠴᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠪᠤᠯᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠵᠦᠷᠢᠶ᠎ᠡ ᠨᠢ 3.1᠄1 ᠪᠠᠶᠢᠭᠰᠠᠨ ᠠᠴᠠ 2.8᠄1 ᠪᠤᠯᠵᠤ ᠪᠠᠭᠠᠰᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号