ᠲᠦᠪ ᠤᠨ ᠡᠳ᠋ ᠤᠨ ᠵᠠᠰᠠᠭ ᠠᠴᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 2016 ᠤᠨ ᠤ ᠳᠡᠭᠡᠲᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠤ ᠨᠢᠭᠡ ᠶᠢ ᠲᠡᠳᠭᠦᠬᠦ︾ ᠲᠦᠯᠦᠪᠯᠡᠭᠡ ᠶᠢᠨ 5200 ᠲᠦᠮᠡᠨ ᠲᠦᠭᠦᠷᠢᠭ ᠤᠨ ᠨᠦᠬᠦᠪᠦᠷᠢ ᠮᠦᠡᠭᠭᠦ ᠶᠢ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2016/2/19
      ᠤᠶᠢᠷ᠎ᠠ ᠳᠤ᠂ ᠳᠡᠭᠡᠲᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠤ ᠨᠢᠭᠡ ᠶᠢ ᠲᠡᠳᠭᠦᠬᠦ︾ ᠲᠦᠯᠦᠪᠯᠡᠭᠡ ᠶᠢᠨ ᠵᠠᠷᠤᠳᠠᠯ ᠤᠨ ᠪᠠᠲᠤᠯᠠᠭ᠎ᠠ ᠪᠤᠯᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠯᠠᠳᠠ᠂ ᠲᠦᠪ ᠤᠨ ᠡᠳ᠋ ᠤᠨ ᠵᠠᠰᠠᠭ ᠠᠴᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 2016 ᠤᠨ ᠤ ᠳᠡᠭᠡᠲᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠤ ᠨᠢᠭᠡ ᠶᠢ ᠲᠡᠳᠭᠦᠬᠦ︾ ᠲᠦᠯᠦᠪᠯᠡᠭᠡ ᠶᠢᠨ 5200 ᠲᠦᠮᠡᠨ ᠲᠦᠭᠦᠷᠢᠭ ᠤᠨ ᠨᠦᠬᠦᠪᠦᠷᠢ ᠮᠦᠡᠭᠭᠦ ᠶᠢ ᠤᠷᠢᠳᠴᠢᠯᠠᠨ ᠪᠠᠭᠤᠯᠭᠠᠪᠠ᠃ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠳᠡᠭᠡᠲᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠤ ᠨᠢᠭᠡ ᠶᠢ ᠲᠡᠳᠭᠦᠬᠦ︾ ᠲᠦᠯᠦᠪᠯᠡᠭᠡ ᠶᠢᠨ ᠬᠤᠯᠪᠤᠭᠳᠠᠯ ᠪᠦᠬᠦᠢ ᠠᠵᠢᠯ ᠢ ᠢᠮᠠᠭᠲᠠ ᠳᠡᠭᠡᠲᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠤ᠂ ᠲᠦᠪ ᠤᠨ ᠡᠳ᠋ ᠤᠨ ᠵᠠᠰᠠᠭ ᠤᠨ ᠳᠡᠭᠡᠲᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠤ ᠨᠢᠭᠡ ᠶᠢ ᠲᠡᠳᠭᠦᠬᠦ︾ ᠲᠦᠯᠦᠪᠯᠡᠭᠡ ᠶᠢᠨ ᠨᠦᠬᠦᠪᠦᠷᠢ ᠶᠢᠨ ᠮᠦᠡᠭᠭᠦ ᠶᠢᠨ ᠬᠠᠮᠢᠶᠠᠷᠤᠯᠲᠠ ᠶᠢ ᠦᠨᠡᠨᠬᠦ ᠵᠢᠷᠤᠮᠵᠢᠭᠤᠯᠤᠨ ᠴᠢᠩᠭᠠᠳᠬᠠᠵᠤ᠂ ᠨᠢᠭᠡᠳᠦᠯᠲᠠᠢ ᠲᠦᠯᠦᠪᠯᠡᠨ ᠲᠤᠬᠢᠷᠠᠭᠤᠯᠵᠤ᠂ ᠡᠬᠢ ᠪᠠᠶᠠᠯᠢᠭ ᠢ ᠨᠡᠶᠢᠯᠡᠬᠦᠯᠵᠤ᠂ ᠲᠤᠰᠬᠠᠢ ᠮᠦᠡᠭᠭᠦ ᠶᠢ ᠲᠤᠰᠬᠠᠢ ᠬᠡᠷᠡᠭᠯᠡᠵᠤ᠂ ᠦᠷ᠎ᠡ ᠠᠰᠢᠭ ᠢ ᠪᠠᠲᠤᠯᠠᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号