ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ | ᠣᠶᠢᠯᠭᠠᠭᠰᠠᠨ ᠢᠶᠠᠷ᠂ 2015 ᠣᠨ ᠳᠤ ᠥᠪᠥᠷ ᠮᠣᠩᠭᠤᠯ ᠤᠨ 39 ᠲᠦᠮᠡᠨ ᠮᠠᠯᠴᠢᠨ ᠲᠠᠷᠢᠶᠠᠴᠢᠨ ᠠᠵᠤ | ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ ᠳᠤ ᠠᠵᠢᠯ ᠣᠯᠵᠦ᠂ 213.6 ᠲᠦᠮᠡᠨ ᠮᠠᠯᠴᠢᠨ | ᠲᠠᠷᠢᠶᠠᠴᠢᠨ ᠡᠷᠦᠬᠡ ᠠᠵᠤ ᠦᠢᠯᠡᠰᠵᠢᠭᠰᠡᠨ ᠡᠵᠡᠩᠨᠡᠯᠲᠡ ᠶᠢᠨ ᠬᠡᠯᠬᠢᠶᠡᠵᠢᠯ ᠳᠤ ᠣᠷᠣᠵᠤ᠂ ᠮᠠᠯᠴᠢᠨ ᠲᠠᠷᠢᠶᠠᠴᠢᠨ ᠤ | ᠬᠥᠮᠥᠨ ᠳᠤᠮᠳᠠᠴᠢ ᠣᠷᠣᠯᠭ᠎ᠠ ᠠᠵᠤ ᠦᠢᠯᠡᠰᠵᠢᠭᠰᠡᠨ ᠡᠵᠡᠩᠨᠡᠯᠲᠡ ᠠᠴᠠ 4829 ᠲᠥᠭᠦᠷᠢᠭ ᠤᠨ ᠴᠡᠪᠡᠷ | ᠣᠷᠣᠯᠭ᠎ᠠ ᠣᠯᠵᠤ᠂ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 4 | ᠬᠤᠪᠢ ᠢᠯᠡᠭᠦᠦ ᠶᠢ ᠡᠵᠡᠯᠡᠪᠡ᠃ | ᠲᠠᠨᠢᠯᠴᠠᠭᠤᠯᠤᠭᠰᠠᠨ ᠢᠶᠠᠷ᠂ ︽12᠂ 5︾ ᠠᠴᠠ ᠨᠠᠰᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠵᠤ ᠠᠬᠤᠢ ᠶᠢᠨ ᠠᠵᠤ ᠦᠢᠯᠡᠰᠵᠢᠯᠲᠡ ᠢᠳᠡᠪᠬᠢ ᠠᠬᠢᠵᠤ᠂ ︽ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠲᠡ ᠪᠠᠷ ᠭᠠᠷᠳᠠᠴᠠ ᠪᠣᠯᠭᠠᠵᠤ᠂ ᠨᠢᠭᠡ ᠬᠤᠶᠠᠷ ᠭᠤᠷᠪᠠᠳᠤᠭᠠᠷ ᠠᠵᠤ ᠠᠬᠤᠶᠢᠯᠠᠯ ᠢ ᠬᠤᠯᠪᠣᠭᠠᠯᠠᠨ | ᠬᠥᠭᠵᠢᠭᠦᠯᠬᠦ ᠶᠢ ᠠᠬᠢᠭᠤᠯᠬᠤ︾ ᠠᠵᠤ ᠠᠬᠤᠶᠢᠯᠠᠯ ᠤᠨ ᠬᠡᠯᠬᠢᠶᠡᠵᠢᠭᠰᠡᠨ ᠬᠥᠭᠵᠢᠯᠲᠡ ᠶᠢᠨ ᠵᠠᠭᠪᠤᠷ ᠢ | ᠪᠦᠷᠢᠯᠳᠦᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ | ᠦᠢᠯᠡᠳᠪᠦᠷᠢ ᠨᠢ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ | ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠳᠠᠷᠠᠭᠠᠬᠢ ᠭᠤᠷᠪᠠᠳᠤᠭᠠᠷ ᠶᠡᠭᠡ ᠲᠤᠯᠭᠠᠭᠤᠷᠢᠯᠠᠬᠤ ᠠᠵᠤ | ᠦᠢᠯᠡᠰ ᠪᠣᠯᠵᠠᠢ᠃ | ᠲᠤᠭ᠎ᠠ ᠪᠦᠷᠢᠳᠬᠡᠯ ᠳᠤ ᠢᠯᠡᠷᠡᠭᠰᠡᠨ ᠢᠶᠠᠷ᠂ 2015 ᠣᠨ ᠳᠤ ᠥᠪᠥᠷ ᠮᠣᠩᠭᠤᠯ ᠤᠨ ᠪᠣᠷᠣᠯᠠᠭᠤᠯᠭ᠎ᠠ ᠶᠢᠨ | ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ | ᠠᠵᠤ ᠠᠬᠤᠶᠢᠯᠠᠯ 4097.9 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠶᠢ ᠪᠡᠶᠡᠯᠡᠭᠦᠯᠵᠦ᠂ | 1225 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠪᠡ᠂ 2010 ᠣᠨ ᠲᠠᠢ ᠬᠠᠷᠢᠴᠠᠭᠤᠯᠪᠠᠯ | ᠲᠤᠰ ᠲᠤᠰ 69.3% ᠪᠠ 63% ᠪᠠᠷ ᠨᠡᠮᠡᠭᠳᠡᠪᠡ᠃ ᠲᠠᠷᠢᠶᠠᠯᠠᠩ ᠤᠨ ᠪᠦᠲᠦᠭᠡᠭᠳᠡᠬᠦᠨ ᠤ ᠳᠤᠮᠳᠠᠳᠤ ᠤᠯᠤᠰ ᠤᠨ | ᠨᠡᠷᠡᠲᠦ ᠲᠡᠮᠳᠡᠭᠲᠦ 66 ᠬᠦᠷᠴᠦ᠂ 2010 ᠣᠨ ᠲᠠᠢ ᠬᠠᠷᠢᠴᠠᠭᠤᠯᠪᠠᠯ ᠨᠢᠭᠡ ᠳᠠᠬᠢᠨ ᠢᠶᠠᠷ ᠨᠡᠮᠡᠭᠳᠡᠪᠡ᠃ | ᠦᠢᠷ᠎ᠠ ᠶᠢᠨ ᠵᠢᠯ ᠳᠤ᠂ ᠠᠵᠤ ᠦᠢᠯᠡᠰᠵᠢᠭᠰᠡᠨ ᠡᠵᠡᠩᠨᠡᠯᠲᠡ ᠶᠢᠨ ᠳᠠᠶᠢᠴᠢᠯᠠᠯᠲᠠ ᠳᠤᠤᠷ᠎ᠠ᠂ ᠥᠪᠥᠷ | ᠮᠣᠩᠭᠤᠯ ᠲᠠᠷᠢᠶᠠᠯᠠᠩ ᠤᠨ ᠪᠦᠲᠦᠭᠡᠭᠳᠦᠬᠦᠨ ᠭᠠᠷᠭᠠᠬᠤ ᠢᠨᠵᠧᠨᠧᠷᠢᠩ ᠢ ᠡᠬᠢᠯᠡᠭᠦᠯᠵᠦ᠂ ᠭᠤᠷᠪᠠᠳᠤᠭᠠᠷ ᠬᠤᠭᠤᠴᠠᠭᠠᠨ | ᠤ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢ ᠡᠷᠬᠢᠯᠡᠭᠰᠡᠨ ᠢᠶᠠᠷ ᠪᠠᠷᠠᠬᠤ ᠦᠭᠡᠢ᠂ | ᠪᠡᠭᠡᠵᠢᠩ᠂ ᠱᠠᠩᠬᠠᠢ ᠳᠤ ᠥᠪᠥᠷ ᠮᠣᠩᠭᠤᠯ ᠤᠨ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ | ᠲᠠᠸᠠᠷ ᠤᠨ ᠲᠢᠩᠬᠢᠮ ᠪᠠᠶᠢᠭᠤᠯᠵᠤ᠂ ︽ᠮᠧᠩ ᠶᠢᠦ ᠾᠦ᠋ᠢ︾ ᠡᠯᠧᠺᠲᠷᠣᠨ ᠬᠤᠳᠠᠯᠳᠤᠭᠠᠨ ᠤ ᠲᠠᠪᠴᠠᠩ ᠨᠡᠭᠡᠭᠡᠵᠦ᠂ | ︽ᠡᠯᠧᠺᠲᠷᠣᠨ ᠬᠤᠳᠠᠯᠳᠤᠭᠠᠨ ᠤ ᠲᠠᠪᠴᠠᠩ + ᠳᠡᠯᠭᠡᠨ ᠪᠣᠷᠣᠯᠠᠭᠤᠯᠬᠤ ᠲᠥᠪ + ᠵᠢᠵᠢᠭᠯᠡᠨ ᠬᠤᠳᠠᠯᠳᠤᠬᠤ | ᠲᠤᠷᠰᠢᠮᠵᠢ ᠶᠢᠨ ᠳᠡᠯᠭᠡᠭᠦᠷ︾ ᠤᠨ ᠪᠦᠬᠦ ᠲᠠᠯ᠎ᠠ ᠶᠢᠨ᠂ ᠪᠡᠶᠡᠲᠦ ᠬᠡᠯᠪᠡᠷᠢ ᠶᠢᠨ ᠪᠣᠷᠣᠯᠠᠭᠤᠯᠬᠤ ᠵᠠᠭᠪᠤᠷ ᠢ ᠠᠩᠬ᠎ᠠ | ᠠᠯᠬᠤᠮ ᠪᠠᠶᠢᠭᠤᠯᠪᠠ᠃ | ᠠᠵᠤ ᠠᠬᠤᠶᠢᠯᠠᠯ ᠢ ᠬᠥᠭᠵᠢᠭᠦᠯᠬᠦ ᠪᠠᠷ ᠪᠠᠷᠠᠬᠤ ᠦᠭᠡᠢ ᠲᠠᠷᠢᠶᠠᠴᠢᠳ ᠢ ᠨᠡᠩ ᠴᠦ ᠪᠠᠶᠠᠵᠢᠭᠤᠯᠬᠤ ᠬᠡᠷᠡᠭᠲᠡᠢ᠃ | ︽12᠂ 5︾ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠮᠠᠯᠴᠢᠨ ᠲᠠᠷᠢᠶᠠᠴᠢᠨ ᠤ ᠬᠥᠮᠥᠨ ᠳᠤᠮᠳᠠᠴᠢ | ᠶᠢᠨ ᠣᠷᠣᠯᠭ᠎ᠠ ᠨᠢ 2010 ᠣᠨ ᠤ 5781 ᠲᠥᠭᠦᠷᠢᠭ ᠠᠴᠠ ᠨᠡᠮᠡᠭᠳᠡᠭᠡᠳ 10776 ᠲᠥᠭᠦᠷᠢᠭ ᠪᠣᠯᠵᠤ᠂ | ᠵᠢᠯ ᠤᠨ ᠳᠤᠮᠳᠠᠴᠢ ᠨᠡᠮᠡᠭᠳᠡᠯ ᠨᠢ 13.3% ᠪᠠᠶᠢᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠵᠡᠮᠳᠡᠵᠦ | ᠪᠤᠯᠠᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠪᠠ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠳᠡᠭᠡᠭᠦᠷ | ᠪᠠᠶᠢᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ 3.1᠄ 1 ᠪᠠᠶᠢᠭᠰᠠᠨ ᠠᠴᠠ | 2.8᠄ 1 ᠪᠣᠯᠣᠨ ᠪᠠᠭᠠᠰᠪᠠ᠃ |