ᠡᠨᠡ ᠵᠢᠯ ᠥᠪᠥᠷ ᠮᠣᠩᠭᠤᠯ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/2/22
     2016 ᠣᠨ ᠳᠤ᠂ ᠦᠪᠡᠷᠲᠡᠭᠡᠨ ᠵᠠᠰᠠᠬᠤ ᠣᠷᠣᠨ ᠰᠢᠨ᠎ᠡ ᠶᠢ ᠡᠭᠦᠳᠬᠦ᠂ ᠵᠤᠬᠢᠴᠠᠭᠤᠯᠬᠤ᠂ ᠪᠤᠬᠢᠷᠳᠦᠯ ᠦᠬᠡᠢ ᠪᠠᠶᠢᠬᠤ᠂ ᠨᠡᠭᠡᠭᠡᠯᠳᠡ ᠬᠢᠬᠦ᠂ ᠬᠠᠮᠲᠤ ᠪᠠᠷ ᠡᠳ᠋ᠯᠡᠬᠦ ᠬᠦᠭᠵᠢᠯᠲᠡ ᠶᠢᠨ ᠣᠨᠣᠯᠵᠢᠬᠤᠨ ᠢ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠡᠭᠦᠨ ᠤ ᠤᠯᠠᠮ ᠢᠶᠠᠷ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠥᠪᠥᠷ ᠮᠣᠩᠭᠤᠯ ᠤᠨ  ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠦᠷᠢᠮ ᠢ ᠨᠡᠩ ᠪᠣᠯᠪᠠᠰᠤᠷᠠᠩᠭᠤᠶ ᠪᠤᠯᠭᠠᠨ ᠠᠬᠢᠭᠤᠯᠬᠤ ᠪᠠᠷ ᠪᠠᠶᠢᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠤᠷᠰᠢᠯᠲᠠ ᠶᠢᠨ ᠴᠢᠭ᠋ ᠤᠨ ᠬᠤᠳᠠ ᠶᠢᠨ ᠪᠦᠭᠦ ᠲᠤᠭ᠎ᠠ ᠶᠢ 6 ᠬᠦᠷᠲᠡᠯ᠎ᠡ ᠦᠷᠭᠡᠳᠭᠡᠬᠦ ᠪᠤᠯᠤᠨ᠎ᠠ᠃ ᠬᠦᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠯᠭᠤᠬᠤ ᠵᠠᠰᠠᠭ ᠤᠨ ᠣᠷᠳᠣᠨ ᠤ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ ᠳᠤ ᠳᠤᠮᠳᠠᠴᠢ ᠪᠠᠷ 420 ᠲᠥᠭᠦᠷᠢᠭ ᠪᠤᠯᠭᠠᠨ ᠳᠡᠭᠡᠭᠰᠢᠯᠡᠭᠦᠯᠵᠤ᠂ ᠬᠥᠮᠦᠨ ᠪᠦᠷᠢ ᠶᠢᠨ ᠳᠤᠮᠳᠠᠴᠢ ᠪᠡᠯᠡ ᠴᠤᠭᠯᠠᠭᠤᠯᠬᠤ ᠬᠢᠷᠢ ᠬᠡᠮᠵᠢᠶ᠎ᠡ ᠶᠢ 540 ᠲᠥᠭᠦᠷᠢᠭ ᠲᠤ ᠬᠦᠷᠦᠬᠦᠯᠦᠨ᠎ᠡ᠃ ᠬᠦᠨᠳᠦ ᠡᠪᠡᠳᠴᠢᠨ ᠤ ᠳᠠᠭᠠᠳᠬᠠᠯ ᠢ ᠭᠤᠣᠯᠳᠠᠯᠭ᠎ᠠ ᠲᠠᠢ ᠪᠠᠲᠤᠯᠠᠵᠤ᠂ ᠲᠡᠩᠰᠠ ᠲᠠᠶᠢᠯᠬᠤ ᠬᠠᠷᠢᠴᠠᠯ ᠢ 50%᠎ ᠠᠴᠠ ᠳᠡᠭᠡᠭᠰᠢ ᠳᠤ ᠲᠣᠭᠲᠠᠭᠤᠨ ᠪᠠᠶᠢᠯᠭᠠᠨ᠎ᠠ᠃  ᠡᠭᠦᠳᠡᠨ ᠡᠮᠨᠡᠯᠭᠡ ᠶᠢᠨ ᠵᠠᠷᠤᠳᠠᠯ᠂ ᠤᠳᠠᠭᠠᠨ ᠴᠢᠨᠠᠷᠲᠠᠶ ᠡᠪᠡᠳᠴᠢᠨ ᠪᠤᠯᠤᠨ ᠣᠨᠴᠠᠭᠠᠶ ᠡᠪᠡᠳᠴᠢᠨ ᠤ ᠳᠠᠩᠰᠠᠨ ᠠᠴᠠ ᠲᠠᠶᠢᠯᠬᠤ ᠬᠢᠷᠢ ᠬᠡᠮᠵᠢᠶ᠎ᠡ ᠶᠢ ᠲᠣᠭᠲᠠᠭᠤᠨ ᠪᠠᠶᠢᠯᠭᠠᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠥᠷᠢᠮ ᠢ ᠡᠮᠬᠢᠯᠡᠨ ᠨᠡᠶᠢᠯᠡᠭᠦᠯᠬᠦ ᠶᠢ ᠢᠳᠡᠪᠬᠢᠲᠡᠶ ᠳᠡᠮᠵᠢᠬᠦ ᠪᠠ ᠨᠠᠶᠢᠳᠠᠪᠤᠷᠢᠵᠢᠭᠤᠯᠤᠨ᠎ᠠ᠃      2016 ᠣᠨ ᠳᠤ᠂ ᠥᠪᠡᠷᠲᠡᠭᠡᠨ ᠵᠠᠰᠠᠬᠤ ᠣᠷᠣᠨ ᠱᠠᠳᠤ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠶᠢᠨ ᠴᠢᠭ᠋ ᠤᠨ ᠬᠤᠲᠠ ᠶᠢ 9 ᠪᠣᠯᠭᠠᠨ ᠨᠡᠮᠡᠭᠳᠡᠬᠦᠯᠵᠤ᠂ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠠᠶᠢᠮᠠᠭ ᠬᠤᠳᠠ ᠨᠤᠭᠤᠳ ᠲᠤ ᠪᠦᠬᠦ ᠲᠠᠯ᠎ᠠ ᠎ ᠪᠠᠷ ᠳᠡᠯᠭᠡᠷᠡᠭᠦᠯᠦᠨ᠎ᠡ᠃ ᠡᠮ ᠤᠨ ᠵᠦᠢᠯ ᠢ ᠲᠥᠷᠥᠯ ᠬᠤᠪᠢᠶᠠᠨ ᠬᠤᠳᠠᠯᠳᠤᠨ ᠠᠪᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂  ᠬᠡᠯᠡᠯᠴᠡᠭᠡᠷ ᠬᠢᠵᠤ ᠬᠤᠳᠠᠯᠳᠤᠨ ᠠᠪᠬᠤ ᠲᠤᠷᠰᠢᠯᠲᠠ ᠶᠢᠨ ᠠᠵᠢᠯ ᠢ ᠡᠬᠢᠯᠡᠭᠦᠯᠵᠦ᠂ ᠡᠮ ᠤᠨ ᠦᠨ᠎ᠡ ᠬᠡᠢ ᠬᠤᠭᠤᠰᠣᠨ ᠥᠨᠳᠥᠷ ᠪᠠᠶᠢᠬᠤ ᠶᠢ ᠦᠨᠡᠨ ᠬᠦ ᠪᠠᠭᠤᠷᠠᠭᠤᠯᠤᠨ᠎ᠠ᠃ ᠦᠨᠳᠦᠰᠦᠨ ᠱᠠᠲᠤᠨ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂  ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠡᠮᠨᠡᠯᠭᠡ ᠶᠢᠨ ᠬᠤᠷᠢᠶ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠶᠢᠭᠡᠮ ᠤᠨ ᠬᠥᠷᠥᠩᠭᠡ ᠪᠠᠷ ᠠᠰᠢᠭ ᠣᠯᠵᠠᠪᠤᠷᠢ ᠶᠢᠨ ᠪᠤᠰᠤ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠪᠠᠶᠢᠭᠤᠯᠬᠤ ᠶᠢ ᠤᠷᠢᠳᠠᠪᠠᠷ ᠵᠤᠷᠢᠭᠵᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠡᠮᠴᠢᠯᠡᠭᠡ ᠪᠤᠯᠤᠨ ᠰᠤᠪᠢᠯᠠᠯᠲᠠ ᠶᠢ  ᠤᠶᠠᠯᠳᠤᠭᠤᠯᠤᠭᠰᠠᠨ ᠲᠥᠷᠥᠯ ᠵᠦᠢᠯ ᠤᠨ ᠲᠤᠷᠰᠢᠯᠲᠠ ᠶᠢ ᠨᠠᠶᠢᠳᠠᠪᠤᠷᠢᠵᠢᠭᠤᠯᠤᠨ᠎ᠠ᠃ ᠪᠦᠬᠦ ᠠᠷᠠᠳ ᠤᠨ ᠬᠥᠮᠦᠨ ᠠᠮᠠ ᠶᠢᠨ ᠮᠡᠳᠡᠭᠡ ᠵᠠᠩᠭᠢ᠂ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ᠳᠠᠩᠰᠠ ᠡᠪᠬᠡᠮᠡᠯ ᠪᠤᠯᠤᠨ ᠡᠯᠧᠺᠲᠷᠣᠨ ᠡᠪᠡᠳᠴᠢᠨ ᠤ ᠲᠡᠦᠬᠡ ᠵᠡᠷᠭᠡ ᠭᠤᠷᠪᠠᠨ ᠶᠡᠭᠡ ᠰᠠᠭᠤᠷᠢ ᠡᠬᠢ ᠪᠠᠶᠠᠯᠢᠭ ᠤᠨ ᠬᠥᠮᠥᠷᠭᠡ ᠶᠢ ᠲᠡᠭᠦᠯᠳᠡᠷᠵᠢᠬᠦᠯᠦᠨ᠎ᠡ᠃ ︽ ᠢᠨᠲ᠋ᠧᠷ ᠰᠦᠯᠵᠢᠶ᠎ᠡ + ᠡᠮ ᠡᠮᠨᠡᠯᠭᠡ︾᠎ ᠶᠢᠨ ᠪᠦᠲᠦᠭᠡᠨ ᠪᠠᠶᠢᠭᠤᠯᠤᠯᠲᠠ ᠪᠤᠯᠤᠨ ᠬᠡᠷᠡᠭᠯᠡᠯᠲᠡ ᠶᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号