ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶᠠᠨ ᠤ ᠪᠦᠷᠢᠳᠬᠡᠯ ᠠᠴᠠ | ᠦᠵᠡᠪᠡᠯ᠂ 2015 ᠣᠨ ᠳᠤ ᠲᠤᠰ ᠲᠣᠪᠴᠢᠶ᠎ᠠ ᠶᠢᠨ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠭᠰᠠᠨ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠢᠳᠡᠭᠡᠨ ᠨᠡᠶᠢᠲᠡ100.14 ᠲᠦᠮᠡᠨ ᠲᠣᠨ᠂ 10. | 38 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.57%᠂ 53.86% ᠪᠠᠷ | ᠨᠡᠮᠡᠭᠳᠡᠪᠡ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠨᠢ | ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠤᠰᠠᠳᠠ᠂ ᠲᠦᠷᠦᠯ ᠬᠤᠪᠢᠶᠠᠨ ᠬᠠᠮᠢᠶᠠᠷᠬᠤ᠂ | ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢ ᠨᠢᠭᠡ ᠴᠤᠭᠴᠠᠵᠢᠭᠤᠯᠬᠤ ᠪᠠᠷ ᠭᠠᠷᠳᠠᠯ ᠪᠣᠯᠭᠠᠵᠤ᠂ | ᠭᠠᠳᠠᠭᠠᠳᠤ ᠳᠤ ᠭᠠᠷᠭᠠᠬᠤ ᠢᠳᠡᠭᠡᠨ ᠤ ᠠᠷᠠᠯᠵᠢᠶ᠎ᠠ ᠶᠢᠨ ︽ᠬᠤᠷᠳᠤᠴᠠ ᠪᠠᠨ ᠲᠦᠷᠭᠡᠳᠬᠡᠨ ᠦᠷ᠎ᠡ ᠠᠰᠢᠭ ᠢ | ᠨᠡᠮᠡᠭᠳᠡᠭᠦᠯᠬᠦ︾ ᠳᠤ ᠦᠢᠯᠡᠴᠢᠯᠡᠪᠡ᠃ ᠲᠦᠷᠦᠯ ᠬᠤᠪᠢᠶᠠᠨ ᠬᠠᠮᠢᠶᠠᠷᠬᠤ ᠶᠢ ᠢᠳᠡᠪᠬᠢᠲᠡᠢ ᠪᠠᠷ ᠨᠠᠷᠢᠯᠢᠭᠵᠢᠭᠤᠯᠬᠤ ᠢᠶᠠᠷ | ᠳᠠᠮᠵᠢᠨ᠂ ᠮᠠᠨ ᠤ ᠣᠷᠣᠨ ᠤ ᠭᠠᠳᠠᠭᠠᠳᠤ ᠳᠤ ᠭᠠᠷᠭᠠᠬᠤ ᠢᠳᠡᠭᠡᠨ ᠤ ᠪᠣᠭᠤᠮᠲᠠ ᠪᠠᠷ ᠥᠩᠭᠡᠷᠡᠬᠦ ᠴᠠᠭ ᠢ | ᠳᠤᠮᠳᠠᠴᠢ ᠪᠠᠷ ᠬᠠᠭᠠᠰ ︵10 ᠡᠳᠦᠷ︶ ᠠᠴᠠ ᠳᠡᠭᠡᠭᠰᠢ ᠪᠣᠭᠤᠨᠢᠰᠬᠠᠵᠤ᠂ ᠡᠭᠦᠨ ᠤ ᠬᠠᠮᠲᠤ᠂ ︽ᠤᠯᠤᠰ ᠤᠨ | ᠳᠡᠰ ᠤᠨ ᠭᠠᠳᠠᠭᠠᠳᠤ ᠳᠤ ᠭᠠᠷᠭᠠᠬᠤ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ | ᠥᠭᠡᠢ ᠶᠢᠨ ᠵᠢᠱᠢᠶ᠎ᠡ ᠦᠵᠡᠭᠦᠯᠬᠦ ᠲᠣᠭᠤᠷᠢᠭ︾ ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠦᠨᠳᠦᠰᠦᠲᠡᠨ ᠤ | ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠦᠢᠯᠡᠴᠢᠯᠡᠵᠦ᠂ ᠡᠳᠦᠭᠡ ᠨᠢᠭᠡᠨᠲᠡ ᠱᠤᠷᠠᠭᠯᠢᠭ | ᠵᠠᠮᠠᠭ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠥᠭᠡᠢ ᠶᠢᠨ ᠵᠢᠱᠢᠶ᠎ᠡ ᠦᠵᠡᠭᠦᠯᠬᠦ ᠲᠣᠭᠤᠷᠢᠭ᠂ ᠴᠠᠭᠠᠨ | ᠢᠳᠡᠭᠡᠨ ᠤ ᠶᠠᠰᠤ ᠴᠢᠨᠠᠷ ᠤᠨ ᠠᠶᠤᠯ ᠥᠭᠡᠢ ᠶᠢᠨ ᠵᠢᠱᠢᠶ᠎ᠡ ᠦᠵᠡᠭᠦᠯᠬᠦ ᠲᠣᠭᠤᠷᠢᠭ ᠪᠠ ᠨᠡᠷᠡᠨ ᠬᠤᠸᠠᠷ ᠤᠨ ᠦᠷ᠎ᠡ | ︵ ᠴᠥᠮ᠎ᠡ︶ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠥᠭᠡᠢ ᠶᠢᠨ ᠵᠢᠱᠢᠶ᠎ᠡ ᠦᠵᠡᠭᠦᠯᠬᠦ ᠲᠣᠭᠤᠷᠢᠭ | ᠵᠡᠷᠭᠡ ᠭᠤᠷᠪᠠᠨ ᠤᠯᠤᠰ ᠤᠨ ᠳᠡᠰ ᠤᠨ ᠢᠳᠡᠭᠡᠨ ᠤ ᠠᠶᠤᠯ ᠦᠭᠡᠢ ᠶᠢᠨ ᠶᠠᠰᠤ ᠴᠢᠨᠠᠷ ᠤᠨ ᠵᠢᠱᠢᠶ᠎ᠡ ᠦᠵᠡᠭᠦᠯᠬᠦ | ᠲᠣᠭᠤᠷᠢᠭ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠡᠭᠦᠨ ᠠᠴᠠ ᠭᠠᠳᠠᠨ᠎ᠠ ᠶᠡᠭᠡ ᠬᠡᠮᠵᠢᠶᠡᠨ ᠤ | ᠪᠦᠲᠦᠭᠡᠭᠳᠡᠬᠦᠨ ᠠᠮᠲᠠᠨ ᠣᠬᠢ ᠶᠢᠨ ᠭᠠᠳᠠᠭᠠᠳᠤ ᠳᠤ ᠭᠠᠷᠭᠠᠬᠤ ᠶᠢ ᠠᠬᠢᠭᠤᠯᠵᠤ᠂ ᠮᠠᠨ ᠤ ᠣᠷᠣᠨ ᠤ | ᠲᠠᠷᠢᠶᠠᠴᠢᠳ ᠤᠨ ᠣᠷᠣᠯᠭ᠎ᠠ ᠶᠢ 26.4 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠠᠵᠢᠯ ᠣᠯᠭᠤᠬᠤ ᠪᠠᠷᠤᠭ 1.1 | ᠲᠦᠮᠡᠨ ᠠᠵᠢᠯ ᠤᠨ ᠪᠠᠶᠢᠷᠢ ᠭᠠᠷᠭᠠᠵᠤ᠂ 8 ᠳ᠋ᠦᠩᠰᠢᠭᠤᠷ ᠰᠢᠬᠠᠮ ᠲᠥᠭᠦᠷᠢᠭ ᠤᠨ ᠭᠠᠶᠢᠯᠢ ᠲᠤᠰᠢᠶᠠᠪᠠ᠃ |