ᠦᠪᠦᠷ ᠮᠤᠩᠭᠤᠯ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠨᠠᠷ ᠳᠤᠭᠤᠶᠢᠯᠠᠩ ᠳᠠᠭᠠᠭᠤᠯᠵᠤ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ᠤᠨ ︽ᠲᠡᠭ ᠴᠠᠭ ᠤᠨ ᠰᠦᠨᠢ ᠶᠢᠨ ᠪᠠᠶᠢᠴᠠᠭᠠᠯᠲᠠ︾᠎ ᠶᠢᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2016/2/23
     2 ᠳ᠋ᠤᠭᠠᠷ ᠰᠠᠷ᠎ᠠ ᠶᠢᠨ 21᠎ ᠤ ᠡᠳᠦᠷ ᠤᠨ ᠦᠳᠡᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠸᠠᠩ ᠷᠦᠢ ᠹᠸᠡᠭ᠂ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠶᠡᠷᠦᠩᠬᠡᠶ ᠠᠩᠬᠢ ᠶᠢᠨ ᠤᠯᠤᠰ ᠲᠦᠷᠦ ᠶᠢᠨ ᠭᠡᠰᠢᠭᠦᠨ ᠭᠧ ᠮᠢᠩ ᠯᠢ ᠲᠤᠰ ᠲᠤᠰ ᠠᠩᠬᠢ ᠳᠠᠭᠠᠭᠤᠯᠤᠨ  ᠬᠥᠬᠡᠬᠤᠲᠠ ᠶᠢᠨ ᠵᠠᠷᠢᠮ ᠭᠤᠣᠯᠳᠠᠯᠭ᠎ᠠ ᠲᠠᠢ ᠨᠢᠭᠡᠴᠡ ᠪᠤᠯᠤᠨ ᠲᠤᠮᠤ ᠬᠡᠯᠪᠡᠷᠢ ᠶᠢᠨ ᠠᠵᠢᠯᠯᠠᠭ᠎ᠠ ᠡᠷᠬᠢᠯᠡᠬᠦ ᠭᠠᠵᠠᠷ ᠲᠤ ᠬᠦᠨᠵᠡᠭᠡᠶᠢᠷᠡᠨ᠂ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ᠤᠨ ︽ᠲᠡᠭ ᠴᠠᠭ ᠤᠨ ᠰᠥᠨᠢ ᠶᠢᠨ ᠪᠠᠶᠢᠴᠠᠭᠠᠯᠲᠠ︾᠎ ᠶᠢᠨ ᠠᠵᠢᠯᠯᠠᠭ᠎ᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠶᠡᠷᠦᠩᠬᠡᠶ ᠠᠩᠭᠢ ᠶᠢᠨ ᠳᠡᠳ᠋ ᠤᠯᠤᠰ ᠲᠦᠷᠦ ᠶᠢᠨ ᠭᠡᠰᠢᠭᠦᠨ ᠴᠠᠩ ᠰᠢᠶᠠᠩ ᠶᠠᠩ᠂ ᠶᠡᠷᠦᠩᠬᠡᠶ ᠢᠨᠵᠧᠨᠧᠷᠴᠢ ᠯᠢ ᠵᠦᠡᠭ ᠵᠡᠷᠭᠡ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠪᠠ᠃      ᠳᠡᠳ᠋ ᠡᠷᠬᠢᠯᠡᠭᠴᠢ ᠸᠠᠩ ᠷᠦᠢ ᠹᠸᠡᠭ ᠨᠠᠷ ᠤᠷᠢᠳ ᠬᠤᠵᠢᠳ ᠬᠥᠬᠡᠬᠤᠲᠠ ᠶᠢᠨ ᠸᠠᠨ ᠳ᠋ᠠ ᠲᠠᠯᠠᠪᠠᠢ᠂ ᠵᠢᠶᠧ ᠯᠠ ᠲᠤᠤᠷ ᠰᠦᠯᠵᠢᠶᠡᠨ ᠪᠠᠭᠠᠷ᠂ ᠬᠤᠸᠠᠩ ᠳ᠋ᠦ᠋ KTV᠂  ᠎ ᠶᠢᠨ ᠺᠦ᠋ KTV᠂ ᠮᠠᠩ ᠬᠦᠸᠧ KTV᠎ ᠳᠤ ᠪᠠᠶᠢᠴᠠᠭᠠᠯᠲᠠ ᠬᠢᠭᠰᠡᠨ ᠪᠠᠶᠢᠨ᠎ᠠ᠃      ᠳᠡᠳ᠋ ᠡᠷᠬᠢᠯᠡᠭᠴᠢ ᠸᠠᠩ ᠷᠦᠢ ᠹᠸᠡᠭ ᠪᠠᠶᠠᠷ ᠤᠨ ᠡᠳᠦᠷ ᠤᠨ ᠬᠤᠭᠤᠴᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠲᠤᠬᠠᠶ ᠳᠥᠷᠪᠡᠨ ᠱᠠᠭᠠᠷᠳᠠᠯᠭ᠎ᠠ ᠳᠤᠷᠠᠳᠪᠠ᠄ ᠨᠢᠭᠡ ᠳᠤ ᠨᠡᠶᠢᠭᠡᠮ ᠤᠨ ᠨᠢᠭᠡᠴᠡ ᠨᠦᠭᠦᠳ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠵᠦ᠂ ᠡᠬᠦᠷᠭᠡ ᠬᠦᠢᠴᠡᠳᠭᠡᠬᠦ ᠪᠠ ᠰᠥᠨᠢ ᠶᠢᠨ ᠵᠢᠵᠢᠬᠦᠷᠯᠡᠬᠦ ᠲᠦᠷᠢᠮ ᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠠᠩᠬᠢ ᠶᠢᠨ ᠥᠷᠳᠡᠭᠡ ᠶᠢᠨ ᠦᠢᠯᠡᠳᠦᠯ ᠢᠶᠠᠨ ᠪᠠᠳᠠᠷᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠭᠠᠯ ᠤᠨᠲᠠᠷᠠᠭᠠᠬᠤ ᠠᠩᠬᠢ ᠡᠭᠦᠷᠭᠡ ᠭᠦᠢᠴᠡᠳᠬᠡᠬᠦ ᠪᠡᠯᠡᠳᠬᠡᠯ ᠠᠵᠢᠯ ᠢᠶᠠᠨ ᠴᠢᠩᠭᠠᠳᠬᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳᠤ ᠰᠠᠶᠢᠲᠤᠷ ᠪᠡᠯᠡᠳᠭᠡᠯ ᠬᠢᠵᠤ᠂ ᠭᠠᠯ ᠤᠨ ᠠᠶᠤᠯ ᠡᠭᠦᠰᠬᠦ ᠳᠤ ᠬᠦᠷᠪᠡᠯ᠂ ᠲᠦᠷᠭᠡᠨ ᠬᠦᠳᠡᠯᠵᠤ᠂ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ᠂ ᠠᠶᠤᠯ ᠥᠭᠡᠢ ᠪᠠᠷ ᠰᠢᠢᠳᠪᠦᠷᠢᠯᠡᠬᠦ ᠶᠢ ᠪᠠᠲᠤᠯᠠᠵᠤ᠂ ᠬᠥᠮᠦᠨ ᠤ ᠦᠬᠦᠯ ᠰᠢᠷᠬᠠᠲᠤᠯ ᠪᠤᠯᠤᠨ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠠᠢ᠃ ᠭᠤᠷᠪᠠ ᠳᠤ᠂ ᠭᠤᠣᠯᠳᠠᠯᠭ᠎ᠠ ᠲᠠᠢ ᠭᠠᠵᠠᠷ ᠣᠷᠣᠨ ᠢ ᠲᠣᠭᠤᠷᠢᠨ ᠴᠠᠭᠳᠠᠬᠤ ᠡᠷᠴᠢᠮ ᠢᠶᠠᠨ ᠴᠢᠩᠭᠠᠷᠠᠭᠤᠯᠵᠤ᠂ ᠪᠠᠶᠠᠷ ᠳᠤᠷᠠᠰᠬᠠᠯ ᠤᠨ ᠡᠳᠦᠷ ᠤᠨ ᠠᠵᠢᠯᠯᠠᠭ᠎ᠠ ᠡᠷᠬᠢᠯᠡᠬᠦ ᠭᠠᠵᠠᠷ᠂ ᠫᠤᠤᠵᠢᠩ ᠲᠠᠯᠪᠢᠬᠤ ᠭᠠᠵᠠᠷ ᠲᠠᠯᠠᠪᠤᠷ ᠲᠤ ᠴᠢᠭᠯᠡᠭᠦᠯᠦᠨ᠂ ᠴᠠᠭᠳᠠᠭᠠᠨ ᠤ ᠬᠦᠴᠦᠨ ᠢ ᠰᠤᠩᠭᠤᠨ᠂ ᠲᠣᠭᠤᠷᠢᠨ ᠴᠠᠭᠳᠠᠵᠤ ᠡᠭᠦᠷᠭᠡ ᠭᠦᠢᠴᠡᠳᠬᠡᠬᠦ ᠬᠦᠴᠦᠨ ᠢ ᠲᠤᠮᠢᠯᠠᠵᠤ᠂ ᠲᠠᠰᠤᠯᠳᠠᠭᠤᠯᠤᠯ ᠦᠭᠡᠢ ᠲᠣᠭᠤᠷᠢᠨ ᠪᠠᠶᠢᠴᠠᠭᠠᠵᠤ᠂ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠵᠤ᠂ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠠᠢ᠃ ᠲᠦᠷᠪᠡ ᠳᠤ ᠨᠢᠭᠡᠴᠡ ᠨᠦᠭᠦᠳ ᠲᠤᠰ ᠪᠡᠶ᠎ᠡ ᠶᠢᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠷᠢᠨ ᠵᠦᠢᠯᠡᠰ ᠢ ᠠᠩᠬᠠᠷᠴᠤ᠂ ᠪᠠᠭᠤᠷᠠᠶ ᠭᠤᠭᠴᠤᠭ᠎ᠠ ᠶᠢ ᠠᠳᠬᠤᠵᠤ᠂ ᠬᠥᠮᠦᠨ ᠪᠤᠯᠭᠠᠨ ᠢ ᠰᠤᠷᠭᠠᠵᠤ᠂ ᠰᠢᠮᠳᠠᠭᠤᠯᠤᠨ ᠪᠠᠶᠢᠴᠠᠭᠠᠬᠤ ᠠᠵᠢᠯ ᠢᠶᠠᠨ ᠰᠠᠶᠢᠲᠤᠷ ᠬᠢᠵᠦ᠂ ᠨᠢᠭᠡᠴᠡ ᠶᠢᠨ ᠠᠵᠢᠯᠲᠠᠨ ᠠᠵᠢᠯᠲᠠᠳ ᠭᠠᠯ ᠴᠠᠬᠢᠯᠭᠠᠨ ᠢ ᠵᠥᠪ ᠤᠨᠤᠪᠴᠢᠲᠠᠢ ᠪᠠᠷ ᠬᠡᠷᠡᠭᠯᠡᠬᠦ ᠶᠢ ᠪᠠᠲᠤᠯᠠᠵᠤ᠂ ᠨᠢᠭᠡᠴᠡ ᠶᠢᠨ ᠠᠵᠢᠯᠳᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠤᠨ ︽ᠲᠥᠷᠪᠡᠨ ᠴᠢᠳᠠᠪᠤᠷᠢ︾᠎ ᠶᠢᠨ ᠪᠠᠶᠢᠭᠤᠯᠤᠯᠲᠠ ᠶᠢ ᠬᠦᠴᠦᠯᠡᠨ ᠳᠡᠭᠡᠭᠰᠢᠯᠡᠬᠦᠯᠬᠦ ᠬᠡᠷᠡᠭᠲᠠᠢ ᠬᠡᠵᠠᠢ  ᠃      ᠤᠯᠤᠰ ᠲᠦᠷᠦ ᠶᠢᠨ ᠬᠡᠰᠢᠬᠦᠨ ᠭᠧ ᠮᠢᠩ ᠯᠢ ᠨᠠᠷ ᠤᠷᠢᠳ ᠬᠤᠵᠢᠳ ᠪᠢ ᠬᠠᠢ ᠶᠦᠨ ᠲᠢᠶᠠᠨ᠂ ᠨᠢᠦᠢ ᠱᠧᠨ ᠲᠤᠮᠤ ᠪᠠᠭᠤᠳᠠᠯ ᠵᠡᠷᠭᠡ ᠨᠢᠭᠡᠴᠡ ᠳᠤ ᠪᠠᠶᠢᠴᠠᠭᠠᠯᠲᠠ ᠬᠢᠪᠡ᠃ ᠤᠯᠤᠰ ᠲᠦᠷᠦ ᠶᠢᠨ ᠬᠡᠰᠢᠬᠦᠨ ᠭᠧ ᠮᠢᠩ ᠯᠢ ᠱᠠᠭᠠᠷᠳᠠᠭᠰᠠᠨ ᠨᠢ᠂ ᠡᠯ᠎ᠡ ᠨᠢᠭᠡᠴᠡ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠪᠡᠶᠡᠴᠢ ᠴᠤᠭᠴᠠ ᠶᠢᠨ ᠬᠠᠷᠢᠴᠠᠭᠤᠯᠭ᠎ᠠ ᠪᠠᠨ ᠴᠢᠩᠭ᠎ᠠ ᠬᠦᠢᠴᠡᠳᠭᠡᠵᠤ᠂ ᠠᠵᠢᠯ ᠤᠨ ᠪᠠᠶᠢᠷᠢ ᠶᠢᠨ ᠬᠠᠷᠢᠴᠠᠭᠤᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠦᠰᠦᠪ ᠢ ᠲᠡᠬᠦᠯᠳᠡᠷᠵᠢᠬᠦᠯᠵᠤ᠂ ᠲᠤᠭᠲᠠᠭᠰᠠᠨ ᠬᠤᠭᠤᠴᠠᠭ᠎ᠠ ᠲᠠᠢ ᠪᠠᠷ ᠭᠠᠯ ᠤᠨᠲᠠᠷᠠᠭᠠᠬᠤ ᠰᠤᠷᠢᠯᠲᠠ ᠬᠢᠵᠤ᠂ ᠪᠡᠯᠡᠳᠬᠡᠮᠵᠢ ᠲᠦᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠪᠠᠨ ᠴᠢᠩᠭᠠᠳᠬᠠᠵᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠬᠦᠮᠦᠵᠢᠯ ᠪᠤᠯᠪᠠᠰᠤᠷᠠᠭᠤᠯᠤᠯ ᠢ ᠴᠢᠩᠭᠠᠷᠠᠭᠤᠯᠤᠨ᠂ ᠪᠠᠶᠢᠭᠤᠯᠭ᠎ᠠ ᠨᠢᠭᠡᠴᠡ ᠶᠢᠨ ︽ᠳᠦᠷᠪᠡᠨ ᠴᠢᠳᠠᠪᠤᠷᠢ︾᠎ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠬᠦᠯᠬᠦ ᠬᠡᠷᠡᠭᠲᠠᠢ ᠭᠡᠪᠡ᠃      ᠡᠬᠦᠨ ᠤ ᠬᠠᠮᠲᠤ᠂ ᠦᠪᠡᠷᠲᠡᠭᠡᠨ ᠵᠠᠰᠠᠬᠤ ᠤᠷᠤᠨ ᠤ ᠭᠠᠯ ᠤᠨᠲᠠᠷᠠᠭᠠᠬᠤ ᠶᠡᠷᠦᠩᠭᠡᠢ ᠠᠩᠬᠢ ᠶᠢᠨ ᠪᠤᠰᠤᠳ ᠳᠦᠷᠪᠡᠨ ᠰᠢᠮᠳᠠᠭᠤᠯᠤᠨ ᠵᠢᠭᠤᠯᠤᠳᠬᠤ ᠳᠤᠭᠤᠶᠢᠯᠠᠩ ᠦᠪᠡᠷᠲᠡᠭᠡᠨ ᠵᠠᠰᠠᠬᠤ ᠤᠷᠤᠨ ᠤ ᠭᠠᠯ ᠤᠨᠲᠠᠷᠠᠭᠠᠬᠤ ᠶᠡᠷᠦᠩᠭᠡᠢ ᠠᠩᠬᠢ ᠶᠢᠨ ᠳᠡᠳ᠋ ᠳᠠᠷᠤᠭ᠎ᠠ ᠰᠢᠦᠢ ᠵᠢᠶᠠᠨ ᠮᠢᠨ᠂ ᠵᠢᠶᠠᠩ ᠬᠠᠢ ᠲᠤᠤ᠂ ᠦᠪᠡᠷᠲᠡᠭᠡᠨ ᠵᠠᠰᠠᠬᠤ ᠤᠷᠤᠨ ᠤ ᠭᠠᠯ ᠤᠨᠲᠠᠷᠠᠭᠠᠬᠤ ᠶᠡᠷᠦᠩᠭᠡᠢ ᠠᠩᠬᠢ ᠶᠢᠨ ᠳᠡᠳ᠋ ᠳᠠᠷᠤᠭ᠎ᠠ ᠸᠠᠩ ᠶᠢᠨ ᠵᠦᠡᠭ᠂ ᠦᠪᠡᠷᠲᠡᠭᠡᠨ ᠵᠠᠰᠠᠬᠤ ᠤᠷᠤᠨ ᠤ ᠭᠠᠯ ᠤᠨᠲᠠᠷᠠᠭᠠᠬᠤ ᠶᠡᠷᠦᠩᠭᠡᠢ ᠠᠩᠬᠢ ᠶᠢᠨ ᠵᠦᠪᠯᠡᠭᠴᠢ ᠳᠠᠷᠤᠭ᠎ᠠ ᠰᠢᠦᠢ ᠰᠢᠶᠠᠩ ᠳ᠋ᠦᠡᠭ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠮᠠ ᠹᠸᠢ ᠶᠢᠨ ᠳᠠᠭᠠᠭᠤᠯᠭ᠎ᠠ ᠳᠤᠤᠷ᠎ᠠ᠂ ᠲᠤᠰ ᠲᠤᠰ ᠪᠠᠶᠠᠷ ᠳᠤᠷᠠᠰᠬᠠᠯ ᠤᠨ ᠡᠳᠦᠷ ᠤᠨ ᠲᠤᠮᠤ ᠬᠡᠯᠪᠡᠷᠢ ᠶᠢᠨ ᠠᠵᠢᠯᠯᠠᠭ᠎ᠠ ᠡᠷᠬᠢᠯᠡᠬᠦ ᠪᠠᠷ ᠨᠡᠯᠢᠶᠡᠳ ᠲᠦᠪᠯᠡᠷᠡᠩᠭᠦᠢ ᠪᠠᠶᠢᠬᠤ ᠪᠤᠭᠤᠲᠤ ᠬᠤᠲᠠ᠂ ᠤᠯᠠᠭᠠᠨᠴᠠᠪ᠂ ᠤᠷᠳᠤᠰ᠂ ᠪᠠᠶᠠᠨᠨᠠᠭᠤᠷ ᠬᠤᠲᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠰᠢᠮᠳᠠᠭᠤᠯᠤᠨ ᠪᠠᠶᠢᠴᠠᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号