ᠬᠤᠶᠢᠰᠢᠳᠠ ᠶᠢᠨ ᠨᠢᠭᠡ ᠬᠤᠭᠤᠴᠠᠭᠠᠨ ᠳᠤ᠂ ᠥᠪᠥᠷ ᠮᠣᠩᠭᠤᠯ ᠮᠠᠯᠴᠢᠨ ᠲᠠᠷᠢᠶᠠᠴᠢᠳ ᠤᠨ ᠬᠤᠳᠠ ᠣᠷᠣᠵᠤ | ᠭᠡᠷ ᠪᠠᠶᠢᠰᠢᠩ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ | ᠭᠡᠷ ᠪᠠᠶᠢᠰᠢᠩ ᠭᠠᠵᠠᠷ ᠬᠦᠷᠦᠩᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠭᠡᠬᠦ ᠠᠯᠬᠤᠴᠠ ᠶᠢ ᠲᠦᠷᠭᠡᠳᠬᠡᠬᠦ ᠪᠠᠷ | ᠪᠤᠢ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠭᠡᠷ ᠪᠠᠶᠢᠰᠢᠩ ᠭᠠᠵᠠᠷ | ᠬᠦᠷᠦᠩᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠬᠡᠬᠦ ᠠᠵᠢᠯ ᠢ ᠰᠠᠶᠢᠲᠤᠷ ᠬᠢᠬᠦ ᠲᠣᠬᠠᠢ ᠰᠠᠨᠠᠯ ᠨᠡᠶᠢᠲᠡᠯᠡᠵᠦ᠂ | ᠨᠥᠬᠦᠴᠡᠯ ᠪᠦᠷᠢᠯᠳᠦᠭᠦᠯᠦᠭᠰᠡᠨ ᠪᠥᠭᠡᠳ ᠬᠤᠲᠠᠨ ᠳᠤ ᠣᠷᠣᠵᠤ ᠭᠡᠷ ᠪᠠᠶᠢᠰᠢᠩ ᠬᠤᠳᠠᠯᠳᠤᠨ ᠠᠪᠬᠤ ᠬᠦᠰᠡᠯ ᠲᠠᠢ | ᠮᠠᠯᠴᠢᠨ ᠲᠠᠷᠢᠶᠠᠴᠢᠳ ᠬᠤᠳᠠ ᠣᠷᠣᠵᠤ ᠭᠡᠷ ᠪᠠᠶᠢᠰᠢᠩ ᠬᠤᠳᠠᠯᠳᠤᠨ ᠠᠪᠬᠤ ᠶᠢ ᠵᠣᠷᠢᠭᠵᠢᠭᠤᠯᠬᠤ ᠪᠠᠷ ᠳᠤᠷᠠᠳᠪᠠ᠃ | ᠠᠩᠬᠠᠨ ᠤ ᠣᠷᠣᠨ ᠰᠠᠭᠤᠴᠠ ᠬᠤᠳᠠᠯᠳᠤᠨ ᠠᠪᠤᠭᠴᠢᠳ ᠬᠤᠳᠠᠯᠳᠤᠭᠠᠨ ᠤ ᠪᠣᠯᠣᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠳᠠᠬᠢ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ | ᠨᠢᠭᠡ ᠯᠡ ᠠᠳᠠᠯᠢᠬᠠᠨ 20 % ᠠᠴᠠ ᠬᠡᠲᠦᠷᠡᠭᠦᠯᠬᠦ ᠦᠭᠡᠢ ᠪᠥᠭᠡᠳ ᠣᠷᠣᠨ ᠰᠠᠭᠤᠴᠠ ᠬᠤᠳᠠᠯᠳᠤᠨ ᠠᠪᠬᠤ ︵ | ᠭᠠᠷ ᠳᠠᠮᠵᠢᠭᠰᠠᠨ ᠣᠷᠣᠨ ᠰᠠᠭᠤᠴᠠ ᠪᠠᠭᠲᠠᠨ᠎ᠠ︶ ᠭᠡᠷ᠎ᠡ ᠶᠢᠨ ᠭᠠᠶᠢᠯᠢ ᠶᠢ 50% ᠪᠠᠷ ᠬᠦᠩᠭᠡᠷᠡᠭᠦᠯᠵᠤ | ᠬᠡᠯᠲᠦᠷᠢᠭᠦᠯᠬᠦ ᠨᠥᠬᠦᠪᠥᠷᠢ ᠥᠭᠬᠦ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠭᠡᠨ᠎ᠡ᠃ ᠡᠨᠡ ᠬᠦ ᠲᠦᠷᠦ ᠶᠢᠨ | ᠪᠤᠳᠤᠯᠭ᠎ᠠ ᠳᠤ ᠵᠣᠬᠢᠴᠠᠯᠳᠤᠭᠤᠯᠤᠨ᠂ ᠥᠪᠥᠷ ᠮᠣᠩᠭᠤᠯ ᠬᠤᠳᠠ ᠳᠤ ᠣᠷᠣᠭᠰᠠᠨ ᠮᠠᠯᠴᠢᠨ ᠲᠠᠷᠢᠶᠠᠴᠢᠳ ᠤᠨ | ᠤᠤᠯ ᠤᠨ ᠡᠷᠦᠬᠡ ᠠᠮᠠ ᠶᠢᠨ ᠳᠠᠩᠰᠠᠨ ᠳᠤ ᠪᠠᠶᠢᠭᠰᠠᠨ ᠭᠠᠵᠠᠷ ᠰᠢᠷᠤᠢ ᠶᠢᠨ ᠪᠤᠢ ᠪᠦᠬᠦᠢ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠰᠠᠭᠤᠷᠢᠨ ᠳᠡᠭᠡᠷ᠎ᠡ᠂ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠪᠥᠭᠡᠳ | ᠲᠣᠭᠲᠠᠪᠤᠷᠢᠲᠠᠶ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠤᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠳ ᠪᠦᠬᠦᠨ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠲᠠᠢ ᠠᠳᠠᠯᠢ ᠪᠠᠷ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠳᠤ ᠣᠷᠣᠯᠴᠠᠭᠰᠠᠨ ᠲᠦᠷᠢᠮ ᠢ ᠪᠦᠬᠦ ᠲᠠᠯ᠎ᠠ ᠪᠠᠷ ᠪᠠᠶᠢᠭᠤᠯᠤᠨ᠎ᠠ᠃ ᠡᠭᠦᠨ ᠤ ᠬᠠᠮᠲᠤ | ᠂ ᠬᠤᠳᠠ ᠳᠤ ᠣᠷᠣᠵᠤ ᠠᠮᠢᠳᠤᠯᠢᠭ ᠢᠶᠠᠷ ᠠᠵᠢᠯ ᠬᠢᠭᠰᠡᠳ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠷᠦᠭᠡ᠂ ᠴᠢᠯᠥᠭᠡᠲᠦ ᠠᠵᠢᠯᠲᠠᠨ ᠵᠡᠷᠭᠡ ᠬᠦᠮᠦᠰ ᠨᠡᠶᠢᠲᠡ ᠶᠢᠨ ᠬᠤᠷᠠᠮᠳᠤᠯᠠᠭ᠎ᠠ ᠶᠢᠨ ᠮᠥᠩᠭᠦ ᠲᠤᠰᠢᠶᠠᠵᠤ | ᠬᠠᠳᠠᠭᠠᠯᠠᠭᠤᠯᠬᠤ ᠶᠢ ᠵᠣᠷᠢᠭᠵᠢᠭᠤᠯᠤᠨ᠎ᠠ᠃ ᠡᠭᠦᠨ ᠠᠴᠠ ᠭᠠᠳᠠᠨ᠎ᠠ᠂ ᠮᠠᠯᠵᠢᠬᠤ ᠲᠠᠷᠢᠶᠠᠯᠠᠬᠤ ᠣᠷᠣᠨ ᠤ ᠣᠷᠣᠨ | ᠰᠠᠭᠤᠴᠠ ᠶᠢᠨ ᠭᠠᠵᠠᠷ᠂ ᠳᠠᠭᠠᠭᠠᠴᠢᠯᠠᠯᠲᠠ ᠶᠢᠨ ᠭᠠᠵᠠᠷ᠂ ᠨᠤᠲᠤᠭ ᠪᠡᠯᠴᠢᠭᠡᠷ᠂ ᠤᠢ ᠮᠣᠳᠣᠨ ᠤ ᠥᠮᠴᠢᠯᠡᠬᠦ ᠡᠷᠬᠡ | ᠲᠠᠢ ᠭᠠᠵᠠᠷ ᠵᠡᠷᠭᠡ ᠶᠢ ᠳᠠᠨᠵᠢᠯᠠᠬᠤ ᠪᠠ ᠳᠠᠭᠠᠭᠠᠯᠲᠠᠳᠤ ᠵᠢᠭᠡᠯᠡᠯᠭᠡ ᠲᠠᠯᠪᠢᠬᠤ ᠲᠤᠷᠰᠢᠯᠲᠠ ᠶᠢᠨ ᠴᠢᠭ᠋ ᠤᠨ ᠬᠦᠷᠢᠶ᠎ᠡ | ᠬᠡᠪᠴᠢᠶ᠎ᠡ ᠶᠢ ᠰᠦᠪᠡᠭᠴᠢᠯᠡᠵᠦ᠂ ᠮᠠᠯᠴᠢᠨ ᠲᠠᠷᠢᠶᠠᠴᠢᠳ ᠤᠨ ᠭᠡᠷ ᠪᠠᠶᠢᠰᠢᠩ ᠬᠤᠳᠠᠯᠳᠤᠨ ᠠᠪᠬᠤ ᠪᠡᠯᠡ ᠮᠥᠩᠭᠦ | ᠬᠤᠷᠠᠮᠳᠤᠭᠤᠯᠬᠤ ᠴᠢᠳᠠᠪᠤᠷᠢ ᠶᠢ ᠨᠢ ᠴᠢᠩᠭᠠᠳᠬᠠᠨ᠎ᠠ᠃ ᠠᠮᠢ ᠠᠬᠤᠶ ᠶᠢᠨ ᠨᠡᠭᠦᠳᠡᠯ ᠠᠷᠠᠳ ᠢ ᠰᠢᠯᠵᠢᠭᠦᠯᠦᠨ | ᠨᠡᠭᠦᠯᠭᠡᠬᠦ᠂ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠪᠠᠷᠢᠯᠭ᠎ᠠ ᠶᠢᠨ | ᠬᠦᠷᠢᠶ᠎ᠡ ᠬᠡᠪᠴᠢᠶᠡᠨ ᠳᠠᠬᠢ ᠮᠠᠯᠴᠢᠨ ᠲᠠᠷᠢᠶᠠᠴᠢᠳ ᠢ ᠪᠣᠯ᠂ ᠨᠥᠬᠦᠴᠡᠯ ᠲᠠᠢ ᠭᠠᠵᠠᠷ ᠣᠷᠣᠨ ᠨᠢ ᠵᠣᠭᠤᠰ ᠤᠨ | ᠬᠡᠯᠪᠡᠷᠢ ᠪᠠᠷ ᠨᠥᠬᠦᠪᠥᠷᠢ ᠥᠭᠴᠦ᠂ ᠬᠤᠲᠠ ᠳᠤ ᠣᠷᠣᠵᠤ ᠭᠡᠷ ᠪᠠᠶᠢᠰᠢᠩ ᠬᠤᠳᠠᠯᠳᠤᠨ ᠠᠪᠬᠤ ᠪᠤᠶᠤ ᠭᠡᠷ | ᠲᠦᠷᠢᠶᠡᠰᠦᠯᠡᠵᠦ ᠰᠠᠭᠤᠬᠤ ᠶᠢ ᠨᠢ ᠵᠣᠷᠢᠭᠵᠢᠭᠤᠯᠬᠤ ᠶᠢᠨ ᠬᠠᠮᠲᠤ ᠨᠢᠭᠡ ᠬᠤᠲᠠᠴᠢᠯᠠᠬᠤ ᠨᠡᠶᠢᠭᠡᠮ ᠤᠨ | ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠡᠳ᠋ᠯᠡᠭᠦᠯᠦᠨ᠎ᠡ᠃ | 2015 ᠣᠨ ᠪᠣᠯᠬᠤ ᠳᠤ᠂ ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠤᠨ ᠬᠥᠮᠥᠷᠭᠡ ᠶᠢᠨ | ᠬᠠᠳᠠᠭᠠᠯᠠᠮᠵᠢ ᠦᠷᠭᠦᠯᠵᠢᠯᠡᠨ ᠨᠡᠮᠡᠭᠳᠡᠬᠦ ᠬᠠᠨᠳᠤᠰᠢ ᠡᠴᠦᠰᠯᠡᠵᠦ᠂ ᠠᠩᠬ᠎ᠠ ᠤᠳᠠᠭ᠎ᠠ ᠪᠠᠭᠤᠷᠠᠬᠤ ᠪᠠᠶᠢᠳᠠᠯ ᠢᠯᠡᠷᠡᠭᠰᠡᠨ | ᠪᠣᠯᠪᠠᠴᠤ ᠮᠥᠨ ᠯᠡ ᠥᠨᠳᠥᠷ ᠪᠠᠶᠢᠷᠢᠨ ᠳᠤ ᠣᠷᠣᠰᠢᠵᠤ ᠪᠤᠢ᠂ ᠢᠯᠠᠩᠭᠤᠶ᠎ᠠ ᠭᠠᠵᠠᠷ ᠣᠷᠣᠨ ᠤ ᠬᠤᠭᠤᠷᠣᠨᠳᠣᠬᠢ᠂ | ᠣᠷᠣᠨ ᠰᠠᠭᠤᠴᠠ ᠪᠣᠯᠣᠨ ᠣᠷᠣᠨ ᠰᠠᠭᠤᠴᠠ ᠶᠢᠨ ᠪᠤᠰᠤ᠂ ᠣᠷᠣᠨ ᠰᠠᠭᠤᠴᠠ ᠶᠢᠨ ᠲᠥᠷᠥᠯ ᠢᠯᠭᠠᠯ ᠵᠡᠷᠭᠡ | ᠪᠦᠲᠦᠴᠡ ᠶᠢᠨ ᠴᠢᠨᠠᠷᠲᠠᠶ ᠵᠥᠷᠢᠴᠡᠯ ᠢᠯᠡᠳᠲᠡ ᠪᠠᠶᠢᠵᠤ᠂ 40 % ᠰᠢᠬᠠᠮ ᠤᠨ ᠭᠠᠵᠠᠷ ᠣᠷᠣᠨ ᠤ | ᠬᠦᠮᠦᠷᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠭᠡᠬᠦ ᠳᠠᠷᠤᠯᠲᠠ ᠮᠦᠨ ᠨᠡᠯᠢᠶᠡᠳ ᠶᠡᠭᠡ ᠪᠠᠶᠢᠭᠰᠠᠭᠠᠷ ᠶᠤᠮ᠃ |