ᠥᠪᠥᠷ ᠮᠣᠩᠭᠤᠯ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ︾᠂ ︽ᠨᠢᠭᠡ ᠠᠵᠢᠯ ᠎ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2016/2/23
    ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠢ ᠠᠯᠢ ᠤᠯᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠬᠠᠮᠲᠤᠷᠠᠨ ᠣᠷᠴᠢᠮᠬᠠᠨ ︽ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ︾᠎ ᠶᠢ ᠳᠠᠷᠤᠮᠠᠯᠯᠠᠨ ᠲᠠᠷᠬᠠᠭᠠᠪᠠ᠃ ᠡᠨᠡ ᠪᠣᠯ ᠡᠯ᠎ᠡ ᠭᠠᠵᠠᠷ ᠤᠨ ᠠᠩᠬ᠎ᠠ ᠤᠳᠠᠭ᠎ᠠ ᠨᠠᠮ ᠤᠨ ᠬᠤᠷᠢᠶ᠎ᠠ ᠶᠢᠨ ᠨᠡᠷ᠎ᠡ ᠪᠠᠷ ᠳᠠᠷᠤᠮᠠᠯᠯᠠᠨ ᠲᠠᠷᠬᠠᠭᠠᠭᠰᠠᠨ ︽ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ︾᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠴᠢᠬᠤᠯᠠ ᠪᠢᠴᠢᠭ ᠮᠠᠲ᠋ᠧᠷᠢᠶᠠᠯ ᠪᠣᠯᠣᠨ᠎ᠠ᠃      ᠪᠢᠴᠢᠭ ᠮᠠᠲ᠋ᠧᠷᠢᠶᠠᠯ ᠳᠤ ︽ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ︾᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠵᠠᠷᠴᠢᠮ ᠢ ᠪᠠᠷᠢᠮᠲᠠᠯᠠᠵᠤ᠂ ︽ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠣᠷᠴᠢᠨ ᠲᠣᠭᠤᠷᠢᠨ ᠢ ᠬᠠᠮᠠᠭᠠᠯᠠᠯᠲᠠ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠨᠠᠮ ᠵᠠᠰᠠᠭ ᠤᠨ ᠭᠤᠣᠯ ᠤᠳᠤᠷᠢᠳᠤᠯᠭ᠎ᠠ ᠣᠷᠴᠢᠨ ᠲᠣᠭᠤᠷᠢᠨ ᠢ ᠬᠠᠮᠠᠭᠠᠯᠠᠬᠤ ᠠᠵᠢᠯ ᠳᠤ ᠪᠦᠬᠦ ᠲᠠᠯ᠎ᠠ ᠶᠢᠨ ᠤᠳᠤᠷᠢᠳᠬᠤ ᠬᠠᠷᠢᠭᠤᠴᠠᠯᠭ᠎ᠠ ᠡᠭᠦᠷᠭᠡᠯᠡᠨ᠎ᠡ︾ ᠭᠡᠵᠦ ᠲᠣᠳᠣᠷᠬᠠᠶᠢᠯᠠᠵᠠᠢ᠃ ᠣᠷᠴᠢᠨ ᠣᠷᠴᠢᠨ ᠲᠣᠭᠤᠷᠢᠨ ᠢ ᠬᠠᠮᠠᠭᠠᠯᠠᠬᠤ ᠰᠠᠯᠠᠭ᠎ᠠ ᠮᠥᠴᠢᠷ ᠤᠳ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠨᠢᠭᠡᠳᠦᠯᠲᠡᠶ ᠬᠢᠨᠠᠵᠤ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠬᠤ ᠪᠠᠷ ᠭᠤᠣᠯ ᠪᠣᠯᠭᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ ᠰᠤᠷᠲᠠᠯ ᠤᠬᠠᠭᠤᠯᠭ᠎ᠠ ᠶᠢᠨ ᠰᠠᠯᠠᠭ᠎ᠠ ᠮᠥᠴᠢᠷ ᠵᠡᠷᠭᠡ ᠨᠠᠮ ᠤᠨ ᠬᠤᠷᠢᠶ᠎ᠠ ᠶᠢᠨ ᠡᠭᠦᠷᠭᠡ ᠲᠤᠰᠢᠶᠠᠯᠲᠤ 3 ᠰᠠᠯᠠᠭ᠎ᠠ ᠮᠥᠴᠢᠷ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠬᠤᠯᠪᠣᠭᠳᠠᠬᠤ ᠵᠠᠰᠠᠭ ᠤᠨ ᠣᠷᠳᠣᠨ ᠤ 36 ᠪᠦᠷᠢᠯᠳᠦᠬᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠢᠶᠠᠷ ᠪᠠᠷᠠᠬᠤ ᠦᠭᠡᠢ ᠰᠢᠭᠦᠨ ᠲᠠᠰᠤᠯᠬᠤ ᠪᠠ ᠪᠠᠶᠢᠴᠠᠭᠠᠬᠤ ᠪᠠᠶᠢᠭᠤᠯᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠦ ᠲᠣᠳᠣᠷᠬᠠᠶᠢᠯᠠᠭᠰᠠᠨ ᠪᠠᠶᠢᠨ᠎ᠠ᠃      ᠪᠢᠴᠢᠭ ᠮᠠᠲ᠋ᠧᠷᠢᠶᠠᠯ ᠢ ᠨᠡᠶᠢᠲᠡᠯᠡᠨ ᠬᠡᠷᠡᠭᠵᠢᠭᠦᠯᠦᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ ᠣᠷᠴᠢᠨ ᠲᠣᠭᠤᠷᠢᠨ ᠢ ᠬᠠᠮᠠᠭᠠᠯᠠᠬᠤ ᠰᠠᠯᠠᠭ᠎ᠠ ᠮᠥᠴᠢᠷ ᠨᠢᠭᠡᠳᠦᠯᠲᠡᠶ ᠬᠢᠨᠠᠨ ᠬᠠᠮᠢᠶᠠᠷᠬᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠲᠣᠭᠲᠠᠴᠠ ᠶᠢ ᠪᠠᠶᠢᠭᠤᠯᠬᠤ ᠳᠤ ᠴᠢᠬᠤᠯᠠ ᠲᠦᠷᠦ ᠶᠢᠨ ᠪᠤᠳᠤᠯᠭ᠎ᠠ ᠶᠢᠨ ᠦᠨᠳᠦᠰᠦ ᠪᠠᠷᠢᠮᠲᠠ ᠪᠠ ᠳᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠬᠠᠷᠢᠭᠤᠴᠠᠯᠭ᠎ᠠ ᠶᠢ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠬᠤ ᠪᠠᠷ ᠳᠠᠮᠵᠢᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠲᠠᠯ᠎ᠠ ᠶᠢ ᠶᠡᠷᠦᠩᠬᠡᠶᠢᠯᠡᠨ ᠵᠠᠬᠢᠷᠴᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠎ ᠨᠦᠭᠦᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠨᠡᠶᠢᠭᠡᠮ ᠢᠶᠠᠷ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠪ ᠪᠠᠶᠢᠳᠠᠯ ᠢ ᠪᠤᠢ ᠪᠣᠯᠭᠠᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号