ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠨ ᠬᠤᠶᠠᠳᠤᠭᠠᠷ ᠬᠤᠷᠠᠯᠳᠤᠭᠠᠨ ᠤ ᠶᠡᠷᠦᠩᠬᠡᠶ | ᠪᠠᠶᠢᠷᠢᠯᠠᠭᠤᠯᠤᠯᠲᠠ ᠶᠢ ᠦᠨᠳᠦᠰᠦᠯᠡᠪᠡᠯ᠂ ᠡᠨᠡ ᠵᠢᠯ ᠤᠨ 3 ᠳ᠋ᠤᠭᠠᠷ ᠰᠠᠷ᠎ᠠ ᠠᠴᠠ ᠡᠬᠢᠯᠡᠨ ᠮᠠᠨ ᠤ ᠣᠷᠣᠨ | ᠬᠤᠳᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠪᠠ ᠬᠤᠲᠠ ᠶᠢᠨ ᠬᠠᠮᠢᠶᠠᠷᠤᠯᠲᠠ ᠶᠢᠨ | ᠠᠵᠢᠯ ᠢ ᠰᠠᠶᠢᠵᠢᠷᠠᠭᠤᠯᠬᠤ ᠲᠤᠷᠰᠢᠯᠲᠠ ᠶᠢ ᠬᠡᠷᠡᠭᠵᠢᠭᠦᠯᠵᠤ᠂ ᠬᠤᠳᠠ ᠶᠢᠨ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠵᠠᠰᠠᠨ ᠲᠣᠭᠲᠠᠭᠠᠬᠤ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢ ᠶᠡᠷᠦᠩᠬᠡᠶᠢᠯᠡᠨ ᠲᠣᠭᠲᠠᠭᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠲᠦᠯᠬᠢᠨ | ᠠᠬᠢᠭᠤᠯᠬᠤ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠬᠤ᠂ ᠮᠡᠳᠡᠭᠡ ᠵᠠᠩᠭᠢ ᠶᠢᠨ ᠲᠠᠪᠴᠠᠩ ᠢ | ᠡᠮᠬᠢᠯᠡᠨ ᠨᠡᠶᠢᠯᠡᠭᠦᠯᠬᠦ᠂ ᠤᠶᠤᠠᠲᠦ ᠬᠤᠲᠠ ᠶᠢ ᠪᠠᠶᠢᠭᠤᠯᠬᠤ ᠵᠡᠷᠭᠡ ᠠᠯᠢ ᠤᠯᠠᠨ ᠥᠭᠡᠷᠡᠴᠢᠯᠡᠯᠲᠡ ᠶᠢᠨ ᠰᠢᠨ᠎ᠡ ᠶᠢ | ᠡᠭᠦᠳᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠ ᠬᠠᠮᠢᠶᠠᠷᠤᠯᠲᠠ | ᠶᠢᠨ ᠣᠳᠣᠬᠢᠴᠢᠯᠠᠬᠤ ᠶᠢ ᠲᠥᠯᠬᠢᠨ ᠠᠬᠢᠭᠤᠯᠤᠨ᠎ᠠ᠃ | 2015 ᠣᠨ ᠤ ᠡᠴᠦᠰ ᠪᠣᠯᠬᠤ ᠳᠤ᠂ ᠪᠦᠬᠦ ᠣᠷᠣᠨ ᠤ ᠬᠤᠲᠠ ᠪᠠᠯᠭᠠᠰᠤ ᠶᠢᠨ ᠪᠠᠶᠢᠭᠤᠯᠤᠭᠰᠠᠨ | ᠲᠣᠭᠤᠷᠢᠭ ᠤᠨ ᠶᠡᠷᠦᠩᠬᠡᠶ ᠲᠠᠯᠠᠪᠠᠶ ᠨᠢ ᠨᠡᠶᠢᠲᠡ 2158.25 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ | 2001 ᠣᠨ ᠤ ᠬᠢ ᠠᠴᠠ 969.25 ᠲᠡᠭᠰᠢ ᠳᠥᠷᠪᠡᠯᠵᠢᠨ ᠺᠢᠯᠣᠮᠧᠲᠷ ᠨᠡᠮᠡᠭᠳᠡᠪᠡ᠃ ᠬᠤᠳᠠ ᠶᠢᠨ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠳᠠᠷᠤᠶ ᠮᠠᠨ ᠤ ᠣᠷᠣᠨ ᠤ | ᠬᠤᠳᠠ ᠶᠢᠨ ᠶᠠᠪᠤᠳᠠᠯ ᠤᠨ ᠬᠠᠮᠢᠶᠠᠷᠤᠯᠲᠠ᠂ ᠵᠠᠮ ᠬᠠᠷᠢᠯᠴᠠᠭᠠᠨ ᠤ ᠠᠵᠢᠯᠯᠠᠭ᠎ᠠ᠂ ᠬᠦᠮᠦᠨ ᠠᠷᠠᠳ ᠤᠨ ᠣᠷᠣᠰᠢᠨ | ᠰᠠᠭᠤᠬᠤ ᠣᠷᠴᠢᠨ ᠲᠣᠭᠤᠷᠢᠨ᠂ ᠪᠠᠴᠢᠮ ᠪᠠᠶᠢᠳᠠᠯ ᠢ ᠠᠷᠭᠠᠴᠠᠭᠠᠬᠤ᠂ ᠤᠯᠠᠨ ᠨᠡᠶᠢᠲᠡ ᠶᠢᠨ ᠡᠮᠬᠢ ᠵᠢᠷᠤᠮ ᠵᠡᠷᠭᠡ | ᠲᠠᠯ᠎ᠠ ᠪᠠᠷ ᠬᠢ ᠳᠤᠲᠠᠭᠤᠳᠠᠯ ᠢ ᠤᠯᠠᠮ ᠨᠢᠭᠡ ᠠᠯᠬᠤᠮ ᠨᠦᠬᠦᠪᠦᠷᠢᠯᠡᠵᠦ᠂ ᠬᠠᠮᠢᠶᠠᠷᠤᠯᠲᠠ ᠶᠢᠨ ᠪᠠᠶᠢᠭᠤᠯᠤᠯ ᠢ | ᠰᠢᠯᠤᠭᠤᠳᠬᠠᠨ᠂ ᠡᠭᠦᠷᠭᠡ ᠬᠠᠷᠢᠭᠤᠴᠠᠯᠭ᠎ᠠ ᠶᠢᠨ ᠵᠠᠭᠠᠭ ᠢ ᠲᠣᠳᠤᠷᠬᠠᠶᠢᠯᠠᠨ᠂ ᠬᠠᠮᠢᠶᠠᠷᠤᠯᠲᠠ ᠶᠢᠨ ᠬᠠᠤᠯᠢ | ᠲᠣᠭᠲᠠᠭᠠᠯ ᠢ ᠲᠡᠭᠦᠯᠳᠡᠷᠵᠢᠭᠦᠯᠦᠨ᠂ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠪᠠᠶᠠᠯᠢᠭᠵᠢᠭᠤᠯᠤᠨ᠂ ᠦᠢᠯᠡᠴᠢᠯᠡᠭᠡᠨ ᠤ | ᠤᠬᠠᠮᠰᠠᠷ ᠪᠠ ᠬᠢᠷᠢ ᠬᠡᠮᠵᠢᠶ᠎ᠡ ᠶᠢ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠦ᠂ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ | ᠬᠠᠮᠤᠭ ᠤᠨ ᠪᠣᠳᠠᠲᠠᠶ ᠠᠰᠠᠭᠤᠳᠠᠯ ᠢ ᠦᠨᠡᠨᠬᠦ ᠰᠢᠢᠳᠪᠦᠷᠢᠯᠡᠨ᠂ ᠡᠯ᠎ᠡ ᠵᠦᠢᠯ ᠤᠨ ︽ᠬᠤᠳᠠ ᠶᠢᠨ ᠡᠪᠡᠳᠴᠢᠨ︾ ᠢ | ᠴᠢᠷᠮᠠᠶᠢᠨ ᠠᠷᠢᠯᠭᠠᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠤᠷᠤᠭᠰᠢᠲᠠᠶ ᠲᠦᠯᠬᠢᠨ ᠠᠬᠢᠭᠤᠯᠬᠤ ᠶᠢ | ᠦᠨᠡᠨᠬᠦ ᠪᠠᠲᠤᠯᠠᠨ᠂ ᠬᠤᠳᠠ ᠶᠢᠨ ᠥᠩᠭᠡ ᠳᠥᠷᠰᠦ ᠶᠢ ᠳᠡᠭᠡᠭᠰᠢᠯᠡᠭᠦᠯᠬᠦ ᠶᠢᠨ ᠬᠠᠮᠲᠤ ᠬᠤᠳᠠ ᠶᠢᠨ | ᠠᠭᠤᠯᠠᠭᠳᠠᠬᠤᠨ ᠢ ᠲᠡᠭᠦᠯᠳᠡᠷᠵᠢᠭᠦᠯᠬᠦ ᠶᠠᠪᠤᠳᠠᠯ ᠮᠦᠨ᠃ ᠣᠶᠢᠯᠠᠭᠠᠭᠰᠠᠨ ᠢᠶᠠᠷ᠂ ᠠᠩᠬ᠎ᠠ ᠠᠯᠬᠤᠮ ᠤᠨ | ᠲᠤᠷᠰᠢᠯᠲᠠ ᠶᠢᠨ ᠬᠡᠪᠴᠢᠶᠡᠨ ᠳᠤ ᠣᠷᠣᠭᠤᠯᠬᠤ ᠪᠠᠷ ᠲᠣᠭᠲᠠᠭᠠᠭᠰᠠᠨ ᠨᠢ ᠬᠥᠬᠡᠬᠤᠲᠠ᠂ ᠪᠤᠭᠤᠲᠤ ᠬᠤᠳᠠ ᠪᠣᠯᠤᠨ᠎ᠠ᠂ | 2016 ᠣᠨ ᠤ ᠰᠡᠭᠦᠯᠴᠢ ᠪᠣᠯᠬᠤ ᠳᠤ᠂ ᠲᠤᠷᠰᠢᠯᠲᠠ ᠶᠢᠨ ᠬᠤᠲᠠ ᠰᠢᠶᠠᠨ ᠬᠤᠰᠢᠭᠤ ᠲᠣᠭᠤᠷᠢᠭ ᠤᠨ ᠵᠠᠰᠠᠭ ᠤᠨ | ᠣᠷᠳᠣᠨ ᠤ ᠬᠤᠳᠠ ᠶᠢᠨ ᠶᠠᠪᠤᠳᠠᠯ ᠤᠨ ᠬᠠᠮᠢᠶᠠᠷᠤᠯᠲᠠ ᠶᠢᠨ ᠬᠦᠷᠢᠶᠡᠨ ᠳᠠᠬᠢ ᠪᠠᠶᠢᠭᠤᠯᠤᠮᠵᠢ ᠶᠢ ᠶᠡᠷᠦᠩᠬᠡᠶᠢᠯᠡᠨ | ᠪᠠᠶᠢᠭᠤᠯᠵᠤ᠂ ᠬᠠᠤᠯᠢ ᠬᠡᠷᠡᠭᠵᠢᠭᠦᠯᠬᠦ ᠪᠠᠶᠢᠭᠤᠯᠤᠯ ᠢ ᠦᠨᠳᠦᠰᠦᠨ ᠳᠤᠨᠢ ᠰᠢᠯᠤᠭᠤᠳᠬᠠᠵᠤ᠂ ᠬᠤᠳᠠ ᠶᠢᠨ | ᠬᠠᠮᠢᠶᠠᠷᠤᠯᠲᠠ ᠶᠢᠨ ᠪᠠᠷᠢᠮᠵᠢᠶᠠᠨ ᠤ ᠰᠢᠰᠲ᠋ᠧᠮ ᠢ ᠦᠨᠳᠦᠰᠦᠨ ᠳᠤᠨᠢ ᠪᠦᠷᠢᠯᠳᠦᠭᠦᠯᠦᠨ᠂ ᠪᠠᠶᠢᠭᠤᠯᠤᠮᠵᠢ ᠪᠠ | ᠡᠩᠨᠡᠭᠡᠨ ᠤ ᠪᠠᠶᠢᠭᠤᠯᠤᠯᠲᠠ ᠶᠢ ᠢᠯᠡᠳᠲᠡ ᠴᠢᠩᠭᠠᠳᠬᠠᠵᠤ᠂ ᠪᠠᠲᠤᠯᠠᠭ᠎ᠠ ᠶᠢᠨ ᠲᠣᠭᠲᠠᠴᠠ ᠶᠢ ᠠᠩᠬ᠎ᠠ ᠠᠯᠬᠤᠮ | ᠪᠦᠷᠢᠨᠰᠢᠭᠦᠯᠵᠦ᠂ ᠦᠢᠯᠡᠴᠢᠯᠡᠭᠡᠨ ᠢ ᠤᠯᠠᠨ ᠲᠦᠮᠡᠨ ᠳᠤ ᠳᠦᠭᠦᠮ ᠪᠥᠭᠡᠳ ᠥᠨᠳᠥᠷ ᠪᠦᠲᠦᠮᠵᠢᠲᠡᠶ ᠪᠠᠶᠢᠯᠭᠠᠵᠤ᠂ | ᠠᠷᠠᠳ ᠲᠦᠮᠡᠨ ᠤ ᠲᠠᠭᠠᠯᠠᠮᠵᠢ ᠶᠢ ᠢᠯᠡᠳᠲᠡ ᠳᠡᠭᠡᠭᠰᠢᠯᠡᠭᠦᠯᠦᠨ᠎ᠡ︔ 2017 ᠣᠨ ᠤ ᠵᠢᠯ ᠤᠨ ᠡᠬᠢᠨ ᠳᠤ᠂ | ᠬᠤᠳᠠ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠴᠠᠭᠠᠵᠠ ᠬᠠᠤᠯᠢ ᠲᠣᠭᠲᠠᠭᠠᠯ ᠳᠤ | ᠵᠠᠰᠠᠪᠤᠷᠢ ᠣᠷᠣᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ︔ 2018 ᠣᠨ ᠤ ᠡᠴᠦᠰ ᠲᠤ᠂ | ᠲᠤᠷᠰᠢᠯᠲᠠ ᠶᠢᠨ ᠭᠠᠵᠠᠷ ᠣᠷᠣᠨ ᠳᠤ ᠣᠳᠣ ᠦᠶ᠎ᠡ ᠶᠢᠨ ᠬᠤᠲᠠ ᠶᠢᠨ ᠵᠠᠰᠠᠯᠲᠠ ᠶᠢᠨ ᠰᠢᠰᠲ᠋ᠧᠮᠵᠢ ᠶᠢ ᠠᠩᠬ᠎ᠠ | ᠠᠯᠬᠤᠮ ᠪᠤᠢ ᠪᠣᠯᠭᠠᠵᠤ᠂ ᠬᠤᠳᠠ ᠶᠢᠨ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ |