2015 ᠣᠨ ᠳᠤ᠂ ᠥᠪᠥᠷ ᠮᠣᠩᠭᠤᠯ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠲᠥᠷᠥ ᠶᠢᠨ | ᠪᠤᠳᠤᠯᠭ᠎ᠠ ᠶᠢ ᠲᠡᠭᠦᠯᠳᠡᠷᠵᠢᠭᠦᠯᠬᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ | ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ | ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠶᠢ ᠲᠥᠯᠬᠢᠨ ᠠᠬᠢᠭᠤᠯᠬᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠳᠠᠰᠤᠷᠠᠯᠳᠠ ᠦᠭᠡᠢ ᠴᠢᠩᠭᠠᠳᠬᠠᠬᠤ᠂ ᠠᠵᠢᠯ ᠣᠯᠭᠤᠯᠲᠠ ᠶᠢᠨ ᠠᠵᠢᠯ ᠤᠨ | ᠪᠠᠶᠢᠷᠢ ᠶᠢ ᠢᠳᠡᠪᠬᠢᠲᠡᠶ ᠲᠣᠭᠲᠠᠪᠤᠷᠢᠵᠢᠭᠤᠯᠬᠤ᠂ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ | ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠪᠠᠷ ᠳᠠᠮᠵᠢᠭᠤᠯᠤᠨ ᠠᠵᠢᠯ ᠣᠯᠭᠤᠬᠤ ᠠᠵᠢᠯ ᠢ ᠲᠦᠯᠬᠢᠨ ᠠᠬᠢᠭᠤᠯᠪᠠ᠃ | 2015 ᠣᠨ ᠳᠤ ᠪᠦᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠪᠠᠶᠢᠵᠤ᠂ ᠪᠦᠬᠦ ᠵᠢᠯ ᠳᠤ | ᠬᠤᠲᠠ ᠪᠠᠯᠭᠠᠰᠤ ᠶᠢᠨ 26.86 ᠲᠦᠮᠡᠨ ᠬᠥᠮᠦᠨ ᠰᠢᠨ᠎ᠡ ᠪᠠᠷ ᠠᠵᠢᠯ ᠣᠯᠵᠤ᠂ ᠠᠵᠢᠯ ᠠᠯᠳᠠᠭᠰᠠᠨ 6.11 | ᠲᠦᠮᠡᠨ ᠬᠥᠮᠦᠨ ᠳᠤ ᠲᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 6.67 ᠲᠦᠮᠡᠨ ᠬᠥᠮᠦᠨ ᠳᠤ | ᠠᠵᠢᠯ ᠣᠯᠭᠤᠨ ᠵᠢᠯ ᠤᠨ ᠡᠭᠦᠷᠭᠡ ᠪᠠᠨ ᠲᠤᠰ ᠲᠤᠰ 107%᠂ 122%᠂ 111% ᠪᠠᠷ ᠪᠡᠶᠡᠯᠡᠭᠦᠯᠪᠡ︔ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠨᠢ 3.65% ᠪᠠᠶᠢᠵᠤ᠂ ᠵᠢᠯ ᠤᠨ | ᠡᠬᠢᠨ ᠤ 4.0% ᠶᠢᠨ ᠬᠢᠵᠠᠭᠠᠷᠯᠠᠬᠤ ᠬᠠᠷᠠᠯᠲᠠ ᠠᠴᠠ ᠳᠣᠣᠷ᠎ᠠ ᠪᠣᠯᠪᠠ᠃ 13.7 ᠲᠦᠮᠡᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠤᠶᠤ ᠠᠵᠢᠯ ᠣᠯᠭᠤᠭᠰᠠᠨ ᠬᠠᠨᠳᠤᠰᠢ ᠶᠢ ᠨᠠᠶᠢᠳᠠᠪᠤᠷᠢᠵᠢᠭᠤᠯᠵᠤ | ᠂ ᠵᠢᠯ ᠤᠨ ᠡᠭᠦᠷᠭᠡ ᠪᠠᠨ 105% ᠪᠠᠷ ᠪᠡᠶᠡᠯᠡᠭᠦᠯᠪᠡ︔ ᠪᠦᠬᠦ ᠣᠷᠣᠨ ᠤ ᠲᠠᠷᠢᠶᠠᠴᠢᠨ ᠮᠠᠯᠴᠢᠳ ᠤᠨ ᠨᠡᠶᠢᠲᠡ | 257.41 ᠲᠦᠮᠡᠨ ᠬᠥᠮᠦᠨ ᠳᠤ ᠠᠵᠢᠯ ᠣᠯᠭᠤᠨ ᠰᠢᠯᠵᠢᠭᠦᠯᠵᠦ᠂ ᠵᠢᠯ ᠤᠨ ᠡᠭᠦᠷᠭᠡ ᠪᠠᠨ 105% ᠪᠠᠷ | ᠪᠡᠶᠡᠯᠡᠭᠦᠯᠪᠡ᠃ 2015 ᠣᠨ ᠳᠤ ᠥᠪᠡᠷᠲᠡᠭᠡᠨ ᠵᠠᠰᠠᠬᠤ ᠣᠷᠣᠨ ᠠᠴᠠ ᠰᠢᠨ᠎ᠡ ᠶᠢ ᠡᠭᠦᠳᠴᠦ ᠠᠳᠠᠯ ᠦᠢᠯᠡᠰ | ᠴᠣᠭᠴᠠᠯᠠᠬᠤ ᠶᠢ ᠵᠣᠷᠢᠭᠵᠢᠭᠤᠯᠤᠨ ᠲᠡᠮᠵᠢᠵᠦ᠂ ᠠᠳᠠᠯ ᠦᠢᠯᠡᠰ ᠴᠣᠭᠴᠠᠯᠠᠬᠤ ᠬᠥᠭᠵᠢᠭᠦᠯᠦᠯᠲᠡ ᠶᠢᠨ ᠪᠡᠯᠡ | ᠮᠥᠩᠭᠦ ᠶᠢ 6.1 ᠳ᠋ᠦᠩᠰᠢᠭᠤᠷ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 26. | 89 ᠳ᠋ᠦᠩᠰᠢᠭᠤᠷ ᠲᠥᠭᠦᠷᠢᠭ ᠲᠠᠯᠪᠢᠪᠠ᠃ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠲᠠᠪᠴᠠᠩ ᠢ | ᠪᠠᠶᠢᠭᠤᠯᠵᠤ᠂ ᠪᠦᠬᠦ ᠵᠢᠯ ᠳᠤ ︽; ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠪᠡᠯᠡ ᠮᠥᠩᠭᠦ 7750 ᠲᠦᠮᠡᠨ | ᠲᠥᠭᠦᠷᠢᠭ ᠲᠠᠷᠬᠠᠭᠠᠵᠤ᠂ 34 ᠲᠥᠷᠥᠯ ᠵᠦᠢᠯ ᠢ ᠱᠠᠩᠨᠠᠵᠤ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠣᠯᠤᠨ | ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠡᠮᠵᠢᠪᠡ᠃ | |