ᠥᠪᠥᠷ ᠮᠣᠩᠭᠤᠯ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠬᠠᠷᠠᠭᠠᠯᠵᠠᠯ ᠢ ᠳᠡᠭᠡᠭᠰᠢᠯᠡᠭᠦᠯᠵᠦ  ᠨᠢᠳᠤᠨᠤᠨ 200 ᠰᠢᠬᠠᠮ ᠲᠦᠮᠡᠨ ᠲᠥᠭᠦᠷᠢᠭ ᠤᠨ ᠨᠥᠬᠦᠪᠥᠷᠢ ᠣᠯᠭᠤᠪᠠ
ᠨᠡᠶᠢᠲᠡᠯᠡᠭᠰᠡᠨ ᠴᠠᠭ᠄
2016/2/24
   
     ᠥᠪᠥᠷ ᠮᠣᠩᠭᠤᠯ ᠤᠨ 2016 ᠣᠨ ᠤ ᠪᠦᠬᠦ ᠣᠷᠣᠨ ᠤ ᠠᠬᠠᠮᠠᠳ ᠺᠠᠳ᠋ᠷ ᠤᠨ ᠲᠣᠪᠴᠢᠶ᠎ᠠ ︵ᠭᠠᠵᠠᠷ︶᠎ ᠶᠢᠨ ᠬᠤᠷᠠᠯ ᠠᠴᠠ ᠣᠶᠢᠯᠭᠠᠭᠰᠠᠨ ᠢᠶᠠᠷ᠂ 2015 ᠣᠨ ᠤ ᠥᠪᠥᠷ ᠮᠣᠩᠭᠤᠯ ᠤᠨ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠺᠠᠳ᠋ᠷ ᠤᠨ ᠠᠮᠢᠳᠤᠷᠠᠯ ᠤᠨ ᠬᠠᠷᠠᠭᠠᠯᠵᠠᠯ ᠢ ᠳᠡᠭᠡᠭᠰᠢᠯᠡᠭᠦᠯᠵᠦ᠂ ᠨᠡᠶᠢᠲᠡ 200 ᠲᠦᠮᠡᠨ ᠲᠥᠭᠦᠷᠢᠭ ᠤᠨ ᠡᠯ᠎ᠡ ᠵᠦᠢᠯ ᠤᠨ ᠨᠥᠬᠦᠪᠥᠷᠢ ᠣᠯᠭᠤᠪᠠ᠃      ᠬᠤᠷᠠᠯ ᠠᠴᠠ ᠮᠡᠳᠡᠭᠰᠡᠨ ᠨᠢ᠂ ᠥᠪᠥᠷ ᠮᠣᠩᠭᠤᠯ ᠤᠨ ᠠᠬᠠᠮᠠᠳ ᠺᠠᠳ᠋ᠷᠴᠤᠳ ᠤᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠥᠬᠡᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠬᠥᠮᠦᠰ ᠤᠨ ᠨᠥᠬᠦᠪᠥᠷᠢ ᠎ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠵᠤ 5 ᠪᠢᠴᠢᠭ ᠮᠠᠲ᠋ᠧᠷᠢᠶᠠᠯ ᠢ ᠨᠡᠶᠢᠲᠡᠯᠡᠨ ᠬᠡᠷᠡᠭᠵᠢᠭᠦᠯᠵᠦ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠲᠤᠰ ᠱᠠᠲᠤᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠡᠮ ᠡᠮᠨᠡᠯᠭᠡ ᠶᠢᠨ ᠵᠠᠷᠤᠳᠠᠯ ᠢ ᠲᠣᠭᠲᠠᠭᠰᠠᠨ ᠲᠤᠭ᠎ᠠ ᠪᠠᠷ ᠨᠥᠬᠦᠪᠥᠷᠢ ᠥᠭᠬᠦ ᠪᠠᠷᠢᠮᠵᠢᠶ᠎ᠠ᠂ ᠳᠡᠳ᠋ ᠲᠡᠷᠢᠭᠦᠯᠡᠭᠴᠢ ᠶᠢᠨ ᠳᠡᠰ ᠠᠴᠠ ᠳᠡᠭᠡᠭᠰᠢᠬᠢ ᠺᠠᠳ᠋ᠷ ᠤᠨ ᠬᠤᠪᠢ ᠬᠥᠮᠦᠨ ᠤ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ᠂ ᠪᠦᠬᠦ ᠣᠷᠣᠨ ᠤ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠡ ᠶᠢᠨ ᠲᠤᠰᠢᠶᠠᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠡᠪᠡᠳᠴᠢᠨ ᠢᠶᠠᠷ ᠨᠠᠰᠤ ᠪᠠᠷᠠᠭᠰᠠᠳ ᠲᠤ ᠨᠢᠭᠡ ᠯᠡ ᠤᠳᠠᠭᠠᠨ ᠤ ᠴᠢᠨᠠᠷᠲᠠᠶ ᠠᠰᠠᠷᠠᠮᠵᠢ ᠶᠢᠨ ᠮᠥᠩᠭᠦ ᠥᠭᠬᠦ ᠪᠠᠷᠢᠮᠵᠢᠶ᠎ᠠ ᠶᠢ ᠲᠣᠰᠪᠤᠷᠢ ᠲᠣᠬᠢᠷᠠᠭᠤᠯᠵᠠᠶ᠃      ᠶᠠᠫᠣᠨ ᠢ ᠡᠰᠡᠷᠭᠦᠴᠡᠬᠦ ᠳᠠᠶᠢᠨ ᠤ ᠦᠶ᠎ᠡ ᠳᠤ ᠬᠤᠪᠢᠰᠬᠠᠯ ᠤᠨ ᠠᠵᠢᠯ ᠳᠤ ᠣᠷᠣᠯᠴᠠᠭᠰᠠᠨ ᠲᠤᠰᠢᠶᠠᠯ ᠠᠴᠠ ᠪᠠᠨ ᠪᠠᠭᠤᠵᠤ ᠠᠮᠠᠷᠠᠭᠰᠠᠨ ᠬᠡᠰᠡᠭ ᠺᠠᠳ᠋ᠷᠴᠤᠳ ᠤᠨ ᠡᠮ ᠡᠮᠨᠡᠯᠭᠡ ᠶᠢᠨ ᠬᠠᠷᠠᠭᠠᠯᠵᠠᠯ ᠢ ᠳᠡᠭᠡᠭᠰᠢᠯᠡᠭᠦᠯᠵᠦ᠂ ᠶᠠᠫᠣᠨ ᠢ ᠡᠰᠡᠷᠭᠦᠴᠡᠬᠦ ᠲᠠᠶᠢᠨ ᠠᠴᠠ ᠡᠮᠦᠨ᠎ᠡ ᠬᠤᠪᠢᠰᠬᠠᠯ ᠤᠨ ᠠᠵᠢᠯ ᠳᠤ ᠣᠷᠣᠯᠴᠠᠭᠰᠠᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠲᠤ ᠨᠢᠭᠡ ᠯᠡ ᠤᠳᠠᠭ᠎ᠠ ᠶᠢᠨ ᠴᠢᠨᠠᠷᠲᠠᠢ ᠲᠣᠬᠤᠨᠢᠭᠤᠯᠤᠯ ᠤᠨ ᠮᠥᠩᠭᠦ ᠣᠯᠭᠤᠪᠠ᠃ ᠣᠷᠣᠨ ᠤ ᠰᠢᠭᠤᠳ ᠬᠠᠷᠢᠶ᠎ᠠ ᠨᠢᠭᠡᠴᠡ ᠶᠢᠨ ᠤᠯᠠᠭᠠᠨ ᠴᠡᠷᠢᠭ ᠪᠠ ᠤᠯᠠᠭᠠᠨ ᠴᠡᠷᠢᠭ ᠤᠨ ᠪᠡᠯᠪᠡᠰᠦᠨ ᠠᠪᠠᠭ᠋ᠠᠢ ᠶᠢᠨ ᠠᠮᠢᠳᠤᠷᠠᠯ ᠤᠨ ᠬᠦᠴᠢᠷᠳᠡᠯ ᠤᠨ ᠲᠤᠰᠠᠯᠠᠮᠵᠢ ᠶᠢᠨ ᠮᠥᠩᠭᠦ᠂ ᠣᠷᠣᠨ ᠤ ᠰᠢᠭᠤᠳ ᠬᠠᠷᠢᠶ᠎ᠠ ᠨᠢᠭᠡᠴᠡ ᠶᠢᠨ ︽ᠬᠠᠭᠠᠭᠰᠠᠨ᠂ ᠵᠣᠭᠰᠣᠭᠠᠭᠰᠠᠨ᠂ ᠲᠠᠮᠫᠣᠷᠠᠭᠤᠯᠤᠭᠰᠠᠨ︾ ᠬᠦᠴᠢᠷᠳᠡᠯ ᠲᠠᠢ ᠠᠵᠤ ᠠᠬᠤᠶᠢᠯᠠᠯ ᠤᠨ ᠲᠤᠰᠢᠶᠠᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ︽ᠭᠤᠷᠪᠠᠨ ᠵᠦᠢᠯ ︾᠎ ᠤᠨ ᠵᠠᠷᠤᠳᠠᠯ᠂ ᠣᠷᠣᠨ ᠤ ᠰᠢᠭᠤᠳ ᠬᠠᠷᠢᠶ᠎ᠠ ᠳᠤᠮᠳᠠ ᠵᠢᠵᠢᠭ ᠬᠦᠴᠢᠷᠳᠡᠯ ᠲᠠᠢ ᠠᠵᠤ ᠠᠬᠤᠶᠢᠯᠠᠯ ᠤᠨ ᠲᠤᠰᠢᠶᠠᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠡᠮ ᠡᠮᠨᠡᠯᠭᠡ ᠶᠢᠨ ᠵᠠᠷᠤᠳᠠᠯ ᠤᠨ ᠲᠣᠭᠲᠠᠭᠰᠠᠨ ᠲᠤᠭ᠎ᠠ ᠪᠠᠷ ᠨᠥᠬᠦᠪᠥᠷᠢ ᠥᠭᠬᠦ ᠵᠡᠷᠭᠡ ᠎ ᠨᠢ ᠨᠡᠶᠢᠲᠡ 200 ᠰᠢᠬᠠᠮ ᠲᠦᠮᠡᠨ ᠲᠥᠭᠦᠷᠢᠭ ᠬᠦᠷᠪᠡ᠃      ᠥᠪᠥᠷ ᠮᠣᠩᠭᠤᠯ ᠤᠨ ᠪᠦᠬᠦ ᠣᠷᠣᠨ ᠤ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠣᠨᠴᠠ ᠬᠦᠴᠢᠷᠳᠡᠯᠲᠡᠶ ᠺᠠᠳ᠋ᠷ ᠢ ᠬᠠᠪᠰᠤᠷᠤᠨ ᠲᠡᠳᠬᠦᠬᠦ ᠲᠣᠭᠲᠠᠴᠠ ᠶᠢ ᠨᠡᠶᠢᠳᠡᠮ ᠪᠠᠶᠢᠭᠤᠯᠵᠤ᠂ ᠬᠡᠰᠡᠭ ᠭᠠᠵᠠᠷ ᠣᠷᠣᠨ ᠳᠤ ᠣᠨᠴᠠ ᠬᠦᠴᠢᠷᠳᠡᠯᠲᠡᠶ ᠬᠠᠪᠰᠤᠷᠤᠨ ᠲᠡᠳᠬᠦᠬᠦ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠺᠠᠳ᠋ᠷ ᠤᠨ ᠪᠣᠳᠠᠲᠠᠶ ᠠᠰᠠᠭᠤᠳᠠᠯ ᠢ ᠢᠳᠡᠪᠬᠢᠲᠡᠶ ᠪᠠᠷ ᠰᠢᠢᠳᠪᠦᠷᠢᠯᠡᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号