| 2 ᠳ᠋ᠤᠭᠠᠷ ᠰᠠᠷ᠎ᠠ ᠶᠢᠨ 22 ᠤᠨ ᠡᠳᠦᠷ᠂ ᠲᠥᠪ ᠬᠤᠳᠠ ᠶᠢᠨ ᠠᠷᠠᠳ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠪ ᠤᠨ ᠲᠤᠬᠠᠶᠢᠯᠠᠭᠰᠠᠨ ᠠᠵᠢᠯ ᠤᠨ ᠶᠡᠭᠡ ᠲᠠᠩᠬᠢᠮ ᠳᠤ | ᠯᠠᠪᠯᠠᠯᠭ᠎ᠠ ᠬᠢᠵᠦ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠭᠠᠷᠳᠠᠮ ᠭᠦᠢᠴᠡᠳᠬᠡᠵᠦ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ | ᠲᠥᠪ ᠠᠴᠠ ᠤᠶᠢᠯᠭᠠᠭᠰᠠᠨ ᠨᠢ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠮᠡᠳᠡᠭᠳᠡᠯ ᠪᠠᠭᠤᠯᠭᠠᠵᠤ | ᠱᠠᠭᠠᠷᠳᠠᠭᠰᠠᠨ ᠨᠢ᠂ 2 ᠳ᠋ᠤᠭᠠᠷ ᠰᠠᠷ᠎ᠠ ᠶᠢᠨ 21 ᠤ ᠡᠳᠦᠷ ᠠᠴᠠ ᠡᠬᠢᠯᠡᠨ᠂ ᠥᠪᠥᠷ ᠮᠣᠩᠭᠤᠯ ᠠᠵᠢᠯᠲᠠᠨ | ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠠᠩᠰᠠᠨ ᠡᠷᠦᠬᠡ ᠶᠢᠨ | ᠬᠠᠳᠠᠭᠠᠯᠠᠮᠵᠢ ᠶᠢᠨ ᠬᠦᠦ ᠮᠥᠩᠭᠦ ᠶᠢᠨ ᠨᠤᠷᠮ᠎ᠠ ᠶᠢ ᠨᠢᠭᠡᠳᠦᠯᠲᠡᠶ ᠪᠠᠷ ᠨᠢᠭᠡ ᠵᠢᠯ ᠤᠨ ᠬᠤᠭᠤᠴᠠᠭ᠎ᠠ ᠲᠠᠢ ᠲᠣᠭᠲᠠᠮᠠᠯ | ᠬᠤᠭᠤᠴᠠᠭᠠᠲᠤ ᠬᠠᠳᠠᠭᠠᠯᠠᠮᠵᠢ ᠶᠢᠨ ᠰᠠᠭᠤᠷᠢ ᠬᠦᠦ ᠶᠢᠨ ᠨᠣᠷᠮ᠎ᠠ ᠲᠠᠢ ᠠᠳᠠᠯᠢ ᠪᠣᠯᠭᠠᠨ ᠲᠤᠬᠢᠷᠠᠭᠤᠯᠤᠨ᠎ᠠ᠂ | ᠣᠳᠣᠬᠠᠨ ᠤ ᠨᠤᠷᠮ᠎ᠠ ᠨᠢ 1.5% ᠪᠤᠯᠤᠨ᠎ᠠ᠃ |