ᠡᠨᠡ ᠵᠢᠯ᠂ ᠮᠠᠨ ᠤ ᠣᠷᠣᠨ ︽︿ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ | ᠬᠢᠷᠢ ᠬᠡᠮ ᠤᠨ ᠲᠦᠷᠢᠮ ᠢ ᠲᠡᠭᠦᠯᠳᠡᠷᠵᠢᠭᠦᠯᠬᠦ ᠲᠤᠬᠠᠶ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠦᠪ | ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠬᠦᠯᠬᠦ | ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ | ᠭᠡᠵᠦ ᠲᠣᠪᠴᠢᠯᠠᠨ᠎ᠠ︶ ᠢ ᠨᠡᠶᠢᠲᠡᠯᠡᠨ ᠬᠡᠷᠡᠭᠵᠢᠬᠦᠯᠵᠤ᠂ ᠬᠠᠤᠯᠢ ᠴᠠᠭᠠᠵᠠ ᠶᠢᠨ ᠰᠢᠯᠭᠠᠯᠲᠠ ᠶᠢᠨ ᠳᠦᠷᠢᠮ ᠢ | ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠪᠣᠯᠭᠠᠨ | ᠲᠤᠬᠢᠷᠠᠭᠤᠯᠪᠠ᠃ | ︽ᠰᠠᠨᠠᠯ︾ ᠳᠤ ᠶᠡᠷᠦᠩᠬᠡᠶ ᠱᠠᠭᠠᠷᠳᠠᠯᠭ᠎ᠠ᠂ ᠬᠠᠤᠯᠢ ᠴᠠᠭᠠᠵᠠ ᠶᠢᠨ ᠠᠵᠢᠯ ᠡᠷᠬᠢᠯᠡᠬᠦ ᠬᠦᠷᠢᠶ᠎ᠡ ᠬᠡᠪᠴᠢᠶ᠎ᠡ | ᠪᠤᠯᠤᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠢ ᠤᠯᠬᠤ ᠨᠥᠬᠦᠴᠡᠯ᠂ ᠤᠯᠤᠰ ᠤᠨ ᠨᠢᠭᠡᠳᠦᠯᠲᠡᠶ | ᠬᠠᠤᠯᠢ ᠴᠠᠭᠠᠵᠠ ᠶᠢᠨ ᠬᠢᠷᠢ ᠬᠡᠮ ᠤᠨ ᠰᠢᠯᠭᠠᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠬᠦᠯᠬᠦ᠂ ᠬᠠᠤᠯᠢ | ᠴᠠᠭᠠᠵᠠ ᠶᠢᠨ ᠠᠵᠢᠯ ᠮᠡᠷᠭᠡᠵᠢᠯ ᠤᠨ ᠠᠵᠢᠯᠳᠠᠨ ᠤ ᠲᠤᠰᠢᠶᠠᠯ ᠳᠤ ᠭᠠᠷᠬᠤ ᠠᠴᠠ ᠡᠮᠦᠨᠡᠬᠢ ᠨᠢᠭᠡᠳᠦᠯᠲᠡᠶ | ᠪᠣᠯᠪᠠᠰᠤᠷᠠᠯ ᠤᠨ ᠲᠦᠷᠢᠮ ᠢ ᠪᠠᠶᠢᠭᠤᠯᠬᠤ᠂ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ | ᠬᠡᠮ ᠤᠨ ᠬᠠᠮᠢᠶᠠᠷᠤᠯᠲᠠ ᠶᠢᠨ ᠲᠦᠷᠢᠮ ᠢ ᠲᠡᠬᠦᠯᠳᠡᠷᠵᠢᠬᠦᠯᠬᠦ᠂ ᠬᠠᠮᠢᠶ᠎ᠠ ᠪᠥᠬᠦᠢ ᠲᠥᠷᠢᠮ ᠤᠨ ᠵᠣᠯᠭᠠᠭᠤᠯᠤᠯᠲᠠ ᠶᠢ | ᠰᠠᠶᠢᠲᠤᠷ ᠬᠢᠬᠦ᠂ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ | ᠲᠡᠬᠦᠯᠳᠡᠷᠵᠢᠬᠦᠯᠬᠦ ᠠᠵᠢᠯ ᠤᠨ ᠱᠠᠭᠠᠷᠳᠠᠯᠭ᠎ᠠ ᠵᠡᠷᠭᠡ 7 ᠲᠠᠯ᠎ᠠ ᠪᠠᠷ ᠨᠠᠷᠢᠨ ᠲᠣᠳᠣᠷᠬᠠᠶ ᠲᠣᠭᠲᠠᠭᠠᠯ ᠭᠠᠷᠭᠠᠵᠠᠶ᠃ | 2001 ᠣᠨ ᠳᠤ ᠤᠯᠤᠰ ᠤᠨ ᠬᠠᠤᠯᠢ ᠴᠠᠭᠠᠵᠠ ᠶᠢᠨ ᠨᠢᠭᠡᠳᠦᠯᠲᠡᠶ ᠰᠢᠯᠭᠠᠯᠲᠠ ᠶᠢᠨ ᠲᠦᠷᠢᠮ ᠵᠢᠩᠬᠢᠨᠢ ᠪᠠᠷ | ᠪᠠᠶᠢᠭᠤᠯᠤᠭᠳᠠᠭᠰᠠᠨ ᠠᠴᠠ ᠨᠠᠰᠢ᠂ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢ ᠨᠢᠭᠡᠨᠲᠡ 14 ᠤᠳᠠᠭ᠎ᠠ | ᠵᠤᠬᠢᠶᠠᠨ ᠪᠠᠶᠢᠭᠤᠯᠵᠤ᠂ ᠮᠠᠨ ᠤ ᠣᠷᠣᠨ ᠳᠤ ᠨᠡᠶᠢᠳᠡ 11.15 ᠲᠦᠮᠡᠨ ᠬᠦᠮᠦᠨ ᠨᠡᠷ᠎ᠡ ᠮᠡᠳᠡᠭᠦᠯᠵᠤ᠂ ᠨᠡᠷ᠎ᠡ | ᠮᠡᠳᠡᠭᠦᠯᠦᠭᠰᠡᠨ ᠬᠥᠮᠦᠨ ᠤ ᠲᠤᠭ᠎ᠠ ᠶᠡᠷᠦᠩᠬᠡᠶ ᠳᠡᠭᠡᠨ ᠨᠡᠮᠡᠭᠳᠡᠬᠦ ᠬᠠᠨᠳᠤᠰᠢ ᠲᠠᠢ ᠪᠠᠶᠢᠵᠤ᠂ A ᠲᠥᠷᠥᠯ ᠤᠨ | ᠦᠨᠡᠮᠯᠡᠯ ᠤᠯᠤᠭᠰᠠᠨ ᠬᠦᠮᠦᠨ ᠤ ᠲᠤᠭ᠎ᠠ 6300 ᠭᠠᠷᠤᠶ ᠳᠤ ᠬᠦᠷᠴᠦ᠂ B ᠲᠥᠷᠥᠯ ᠤᠨ ᠦᠨᠡᠮᠯᠡᠯ ᠣᠯᠤᠭᠰᠠᠨ | ᠬᠦᠮᠦᠨ ᠤ ᠲᠤᠭ᠎ᠠ 300 ᠭᠠᠷᠤᠶ ᠳᠤ ᠬᠦᠷᠴᠦ᠂ C ᠲᠦᠷᠦᠯ ᠤᠨ ᠦᠨᠡᠮᠯᠡᠯ ᠣᠯᠤᠭᠰᠠᠨ ᠬᠦᠮᠦᠨ ᠤ ᠲᠤᠭ᠎ᠠ | 9900 ᠭᠠᠷᠤᠶ ᠳᠤ ᠬᠦᠷᠪᠡ᠃ ᠡᠭᠦᠨ ᠳᠤ᠂ 2015 ᠣᠨ ᠳᠤ᠂ ᠮᠠᠨ ᠤ ᠣᠷᠣᠨ ᠤ ᠨᠡᠷ᠎ᠡ ᠮᠡᠳᠡᠭᠦᠯᠦᠭᠰᠡᠨ | ᠬᠥᠮᠦᠨ ᠤ ᠲᠤᠭ᠎ᠠ 17054 ᠳᠤ ᠬᠦᠷᠴᠦ᠂ 3944 ᠬᠥᠮᠦᠨ ᠰᠢᠨ᠎ᠡ ᠪᠠᠷ ᠨᠡᠮᠡᠭᠳᠡᠨ᠂ ᠰᠢᠨ᠎ᠡ ᠪᠠᠷ ᠨᠡᠮᠡᠭᠳᠡᠭᠰᠡᠨ | ᠬᠥᠮᠦᠨ ᠤ ᠲᠤᠭ᠎ᠠ ᠪᠣᠯᠤᠨ ᠨᠡᠮᠡᠭᠳᠡᠯ ᠤᠨ ᠬᠠᠷᠢᠴᠠᠯ ᠨᠢ ᠪᠦᠷ ᠪᠦᠬᠦ ᠤᠯᠤᠰ ᠤᠨ ᠲᠡᠷᠢᠭᠦᠨ ᠳᠤ ᠤᠷᠤᠪᠠ᠃ ᠡᠳᠡᠭᠡᠷ | ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠤᠭᠰᠠᠨ ᠰᠢᠯᠭᠠᠭᠤᠯᠤᠭᠰᠠᠳ ᠬᠠᠤᠯᠢ | ᠶᠣᠰᠣᠭᠠᠷ ᠣᠷᠣᠨ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠴᠢᠳᠠᠪᠤᠷᠢᠲᠠᠨ ᠤ ᠪᠠᠲᠤᠯᠠᠭ᠎ᠠ | ᠬᠠᠩᠭᠠᠭᠰᠠᠨ ᠪᠠᠶᠢᠨ᠎ᠠ᠃ | ᠬᠠᠤᠯᠢ ᠶᠣᠰᠣᠭᠠᠷ ᠣᠷᠣᠨ ᠢᠶᠠᠨ ᠵᠠᠰᠠᠬᠤ ᠠᠬᠢᠴᠠ ᠶᠢᠨ ᠲᠦᠷᠭᠡᠳᠬᠦ ᠶᠢ ᠳᠠᠭᠠᠯᠳᠤᠨ᠂ ᠵᠠᠷᠢᠮ ᠳᠦᠷᠢᠮ | ᠲᠣᠭᠲᠠᠭᠠᠯ ᠨᠢ ᠨᠢᠭᠡᠨᠲᠡ ᠣᠳᠣᠬᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭᠴᠡᠭᠡ ᠳᠤ ᠵᠤᠬᠢᠴᠠᠬᠤ ᠦᠭᠡᠢ | ᠪᠤᠯᠵᠠᠢ᠃ 2015 ᠤᠨ ᠤ 9 ᠳ᠋ᠤᠭᠡᠷ ᠰᠠᠷ᠎ᠠ ᠶᠢᠨ 30 ᠤ ᠡᠳᠦᠷ᠂ ᠲᠦᠪ ᠬᠤᠷᠢᠶ᠎ᠠ ᠶᠢᠨ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠤᠯᠤᠰ ᠤᠨ ᠨᠢᠭᠡᠳᠦᠯᠲᠡᠶ ᠬᠠᠤᠯᠢ | ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠲᠡᠭᠦᠯᠳᠡᠷᠵᠢᠭᠦᠯᠬᠦ ᠲᠤᠬᠠᠶ ᠰᠠᠨᠠᠯ︾ ᠢ ᠲᠠᠷᠬᠠᠭᠠᠵᠤ᠂ | ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠪᠦᠭᠦ ᠲᠠᠯ᠎ᠠ ᠪᠠᠷ | ᠪᠠᠶᠢᠷᠢᠯᠠᠭᠤᠯᠪᠠ᠃ ᠮᠠᠨ ᠤ ᠣᠷᠣᠨ ᠬᠠᠤᠯᠢ ᠶᠣᠰᠣᠭᠠᠷ ᠣᠷᠣᠨ ᠢᠶᠠᠨ ᠵᠠᠰᠠᠬᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠬᠤᠯᠪᠣᠭᠳᠠᠯ ᠪᠦᠬᠦᠢ ᠬᠡᠷᠡᠭᠵᠢᠭᠦᠯᠬᠦ ᠰᠠᠨᠠᠯ ᠢ ᠴᠠᠭ ᠲᠤᠬᠠᠶ ᠳᠤᠨᠢ ᠲᠤᠭᠤᠷᠪᠢᠨ᠂ ᠨᠡᠶᠢᠭᠡᠮ ᠤᠨ | ᠠᠩᠬᠠᠷᠤᠯ ᠢ ᠥᠷᠭᠡᠨ ᠢᠶᠠᠷ ᠲᠠᠲᠠᠭᠰᠠᠨ ᠪᠠᠶᠢᠨ᠎ᠠ᠃ ᠲᠤᠰᠬᠠᠶ ᠮᠡᠷᠭᠡᠵᠢᠯᠲᠡᠨ ᠤ ᠦᠵᠡᠬᠦ ᠪᠠᠷ᠂ ︽ᠰᠠᠨᠠᠯ︾ ᠢ | ᠨᠡᠶᠢᠲᠡᠯᠡᠨ ᠬᠡᠷᠡᠭᠵᠢᠬᠦᠯᠦᠭᠰᠡᠨ ᠨᠢ᠂ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ | ᠲᠦᠷᠢᠮ ᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠬᠠᠤᠯᠢᠵᠢᠭᠤᠯᠬᠤ ᠶᠢ ᠳᠡᠭᠡᠭᠰᠢᠯᠡᠭᠦᠯᠬᠦ ᠪᠠ ᠦᠨᠳᠦᠷ | ᠬᠡᠪ ᠪᠤᠯᠪᠠᠰᠤᠷᠠᠯ ᠲᠠᠢ ᠬᠠᠤᠯᠢ ᠪᠠᠷ ᠵᠠᠰᠠᠬᠤ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ ᠬᠡᠪᠡ᠃ |