2016 ᠣᠨ ᠳᠤ ᠥᠪᠥᠷ ᠮᠣᠩᠭᠤᠯ 21 ᠲᠦᠮᠡᠨ ᠬᠥᠮᠦᠨ ᠢ ᠶᠠᠳᠠᠭᠤ ᠠᠴᠠ ᠠᠩᠬᠢᠵᠢᠷᠠᠭᠤᠯᠤᠨ᠂ | ᠥᠪᠡᠷᠲᠡᠭᠡᠨ ᠵᠠᠰᠠᠬᠤ ᠣᠷᠣᠨ ᠤ 10 ᠠᠴᠠ ᠳᠡᠭᠡᠭᠰᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ︽ᠶᠠᠳᠠᠭᠤ | ᠬᠦᠴᠢᠷᠳᠡᠯᠲᠠᠢ ᠮᠠᠯᠠᠭᠠᠶ︾ ᠶᠢ ᠠᠪᠴᠤ ᠬᠠᠶᠠᠬᠤ ᠪᠤᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ | ᠳᠡᠳ᠋ ᠡᠷᠬᠢᠯᠡᠭᠴᠢ ᠬᠠᠨ ᠵᠢᠶᠠᠨ ᠭᠠᠩ ᠤᠨ ᠲᠠᠨᠢᠯᠴᠠᠭᠤᠯᠤᠭᠰᠠᠨ ᠢᠶᠠᠷ᠂ 2016 ᠣᠨ ᠳᠤ᠂ ᠥᠪᠥᠷ ᠮᠣᠩᠭᠤᠯ ︽ | ᠠᠷᠪᠠ ᠶᠢ ᠪᠦᠷᠢᠨ ᠪᠦᠷᠬᠦᠬᠦᠯᠬᠦ︾ ᠪᠠᠷ ᠬᠠᠮᠤᠭ ᠤᠨ ᠶᠡᠭᠡ ᠶᠠᠳᠠᠭᠤ ᠶᠢ ᠲᠡᠳᠬᠦᠬᠦ ᠢᠨᠵᠧᠨᠧᠷᠢᠩ ᠪᠤᠯᠭᠠᠵᠤ᠂ | ᠦᠯᠡᠳᠡᠭᠰᠡᠨ 413 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ︽ᠠᠷᠪᠠ ᠶᠢ ᠪᠦᠷᠢᠨ ᠪᠦᠷᠬᠦᠬᠦᠯᠬᠦ︾ ᠶᠢ | ᠪᠡᠶᠡᠯᠡᠬᠦᠯᠬᠦ ᠪᠤᠯᠤᠨ᠎ᠠ︔ ᠲᠥᠯᠥᠪᠵᠢᠭᠦᠯᠭᠡ᠂ ᠲᠦᠷᠦᠯ ᠵᠦᠢᠯ᠂ ᠺᠠᠳ᠋ᠷ ︽ᠭᠤᠷᠪᠠ ᠶᠢ ᠲᠣᠰᠬᠤᠨ ᠳᠤ ᠬᠦᠷᠦᠬᠦᠯᠬᠦ | ᠭᠤᠷᠪᠠ ᠶᠢ ᠡᠷᠦᠬᠡ ᠳᠤ ᠬᠦᠷᠦᠭᠦᠯᠬᠦ︾ ᠠᠵᠢᠯ ᠢ ᠦᠷᠭᠦᠯᠵᠢᠯᠡᠨ ᠭᠦᠨᠵᠡᠭᠡᠶ ᠲᠦᠯᠬᠢᠨ ᠠᠬᠢᠭᠤᠯᠵᠤ᠂ ᠦᠪᠡᠷᠮᠢᠴᠡ | ᠤᠨᠴᠠᠯᠢᠭ ᠪᠦᠬᠦᠢ ᠬᠠᠪᠰᠤᠷᠤᠨ ᠲᠡᠳᠭᠦᠵᠤ᠂ ᠨᠢᠭᠡ ᠲᠣᠰᠬᠤᠨ ᠳᠤ ᠨᠢᠭᠡ ᠪᠣᠳᠣᠯᠭ᠎ᠠ᠂ ᠨᠢᠭᠡ ᠡᠷᠦᠭᠡ ᠳᠤ ᠨᠢᠭᠡ | ᠠᠷᠭ᠎ᠠ ᠠᠪᠬᠤ ᠶᠢ ᠪᠡᠶᠡᠯᠡᠭᠦᠯᠬᠦ ᠪᠤᠯᠤᠨ᠎ᠠ︔ ᠮᠥᠩᠭᠦᠨ ᠬᠦᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ | ᠪᠠᠶᠠᠵᠢᠭᠤᠯᠬᠤ ᠢᠨᠵᠧᠨᠧᠷᠢᠩ ᠢ ᠭᠦᠨᠵᠡᠭᠡᠶ ᠲᠦᠯᠬᠢᠨ ᠠᠬᠢᠭᠤᠯᠤᠨ᠎ᠠ᠃ ᠬᠦᠭᠵᠢᠬᠦ ᠬᠦᠰᠡᠯ ᠲᠠᠢ ᠪᠠ ᠬᠥᠳᠡᠯᠮᠦᠷᠢᠯᠡᠬᠦ | ᠴᠢᠳᠠᠪᠤᠷᠢ ᠲᠠᠢ ᠲᠠᠩᠰᠠ ᠡᠪᠬᠡᠮᠡᠯ ᠳᠤ ᠲᠡᠮᠳᠡᠭᠯᠡᠵᠤ ᠺᠠᠷᠲ ᠪᠠᠶᠢᠭᠤᠯᠵᠤ ᠦᠭᠭᠦᠭᠰᠡᠨ ᠶᠠᠳᠠᠭᠤ ᠬᠦᠴᠢᠷᠳᠡᠯᠲᠡᠶ ᠡᠷᠦᠬᠡ | ᠪᠦᠷᠢ ᠳᠤ 3 — 5 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠵᠢᠭᠡᠯᠡᠯᠭᠡ ᠤᠯᠭᠤᠨ᠎ᠠ᠃ ᠡᠭᠦᠨ ᠠᠴᠠ | ᠭᠠᠳᠠᠨ᠎ᠠ᠂ ᠥᠪᠥᠷ ᠮᠣᠩᠭᠤᠯ ᠪᠠᠰᠠ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠢᠨᠵᠧᠨᠧᠷᠢᠩ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠢᠨᠵᠧᠨᠧᠷᠢᠩ | ᠬᠢᠭᠡᠳ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠰᠠᠶᠢᠲᠤᠷ ᠬᠡᠷᠡᠭᠵᠢᠬᠦᠯᠬᠦ ᠪᠤᠯᠤᠨ᠎ᠠ ᠭᠡᠪᠡ᠃ | ᠰᠢᠨᠬᠤᠸᠠ ᠰᠦᠯᠵᠢᠶᠡᠨ ᠤ ᠥᠪᠥᠷ ᠮᠣᠩᠭᠤᠯ ᠰᠤᠪᠠᠭ ᠠᠴᠠ ᠤᠶᠢᠯᠠᠭᠠᠭᠰᠠᠨ ᠨᠢ᠂ 2015 ᠣᠨ ᠤ | ᠵᠢᠯ ᠤᠨ ᠡᠴᠦᠰ ᠪᠣᠯᠲᠠᠯ᠎ᠠ᠂ ᠥᠪᠥᠷ ᠮᠣᠩᠭᠤᠯ ᠤᠨ ᠪᠦᠬᠦ ᠣᠷᠣᠨ ᠤ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ | ᠲᠤᠭ᠎ᠠ 2010 ᠣᠨ ᠤ ᠵᠢᠯ ᠤᠨ ᠡᠴᠦᠰ ᠲᠤ 258 ᠲᠦᠮᠡ ᠪᠠᠶᠢᠭᠰᠠᠨ ᠠᠴᠠ ᠤᠳᠤ 80 ᠲᠦᠮᠡ ᠪᠤᠯᠵᠤ ᠂ | ᠨᠡᠶᠢᠲᠡ 178 ᠲᠦᠮᠡᠨ ᠬᠥᠮᠦᠨ ᠢ ᠶᠠᠳᠠᠭᠤ ᠠᠴᠠ ᠠᠩᠬᠢᠵᠢᠷᠠᠭᠤᠯᠤᠨ᠂ ᠶᠠᠳᠠᠭᠤ ᠬᠦᠴᠢᠷᠳᠡᠯ ᠤᠨ ᠨᠣᠷᠮ᠎ᠠ | 19.7% ᠪᠠᠶᠢᠭᠰᠠᠨ ᠠᠴᠠ ᠪᠠᠭᠠᠰᠤᠭᠠᠳ 6% ᠪᠤᠯᠪᠠ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠵᠡᠮᠳᠡᠵᠦ | ᠪᠣᠯᠬᠤ ᠣᠷᠣᠯᠭ᠎ᠠ ᠨᠢ 2010 ᠣᠨ ᠤ ᠵᠢᠯ ᠤᠨ ᠡᠴᠦᠰ ᠲᠤ 1437 ᠲᠥᠭᠦᠷᠢᠭ ᠪᠠᠶᠢᠭᠰᠠᠨ ᠠᠴᠠ ᠪᠠᠨ | ᠨᠡᠮᠡᠭᠳᠡᠭᠡᠳ 3100 ᠲᠥᠭᠦᠷᠢᠭ ᠲᠤ ᠬᠦᠷᠴᠦ᠂ ᠵᠢᠯ ᠤᠨ ᠳᠤᠮᠳᠠᠴᠢ ᠨᠡᠮᠡᠭᠳᠡᠯ ᠤᠨ ᠬᠡᠮᠵᠢᠶ᠎ᠡ ᠨᠢ ᠪᠦᠬᠦ ᠣᠷᠣᠨ ᠤ | ᠮᠠᠯᠴᠢᠨ ᠲᠠᠷᠢᠶᠠᠴᠢᠳ ᠤᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢᠨ ᠨᠡᠮᠡᠭᠳᠡᠯ ᠤᠨ ᠳᠤᠮᠳᠠᠴᠢ | ᠲᠦᠪᠰᠢᠨ ᠠᠴᠠ ᠳᠡᠭᠡᠭᠦᠷ ᠪᠤᠯᠪᠠ᠃ | 2017 ᠣᠨ ᠪᠣᠯᠬᠤ ᠳᠤ᠂ ᠥᠪᠥᠷ ᠮᠣᠩᠭᠤᠯ ᠶᠠᠳᠠᠭᠤ ᠬᠦᠴᠢᠷᠳᠡᠯᠲᠡᠶ ᠦᠵᠡᠭᠳᠡᠯ ᠢ ᠦᠨᠳᠦᠰᠦᠨ ᠳᠡᠭᠡᠨ | ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ 26 ᠬᠤᠰᠢᠭᠤ | ᠰᠢᠶᠠᠨ ᠤ ︽ᠶᠠᠳᠠᠭᠤ ᠬᠦᠴᠢᠷᠳᠡᠯᠲᠠᠢ ᠮᠠᠯᠠᠭᠠᠶ︾ ᠶᠢ ᠪᠦᠬᠦᠨ ᠢᠶᠠᠷ ᠨᠢ ᠠᠪᠴᠤ ᠬᠠᠶᠠᠬᠤ ᠪᠤᠯᠤᠨ᠎ᠠ᠃ 2020 | ᠣᠨ ᠪᠣᠯᠬᠤ ᠳᠤ᠂ ᠪᠥᠬᠦ ᠣᠷᠣᠨ ᠤ ᠤᠳᠤ ᠪᠠᠶᠢᠭ᠎ᠠ 80 ᠭᠠᠷᠤᠶ ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ 31 | ᠬᠤᠰᠢᠭᠤ ᠰᠢᠶᠠᠨ ᠤ ︽ᠶᠠᠳᠠᠭᠤ ᠬᠦᠴᠢᠷᠳᠡᠯᠲᠠᠢ ᠮᠠᠯᠠᠭᠠᠶ︾ ᠶᠢ ᠪᠦᠬᠦᠨ ᠢᠶᠠᠷ ᠨᠢ ᠠᠪᠴᠤ ᠬᠠᠶᠠᠬᠤ ᠪᠤᠯᠤᠨ᠎ᠠ᠃ |