ᠥᠪᠥᠷ ᠮᠣᠩᠭᠤᠯ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠳᠠᠭᠠᠯᠠᠮᠵᠢ ᠶᠢᠨ ᠬᠦᠦ ᠶᠢ1.5% ᠪᠤᠯᠭᠠᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2016/2/24
2 ᠳ᠋ᠤᠭᠠᠷ ᠰᠠᠷ᠎ᠠ ᠶᠢᠨ 22᠎ ᠎ ᠤᠨ ᠡᠳᠦᠷ᠂ ᠲᠥᠪ ᠬᠤᠳᠠ ᠶᠢᠨ ᠠᠷᠠᠳ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠪ ᠤᠨ ᠲᠤᠬᠠᠶᠢᠯᠠᠭᠰᠠᠨ ᠠᠵᠢᠯ ᠤᠨ ᠶᠡᠭᠡ ᠲᠠᠩᠬᠢᠮ ᠳᠤ ᠯᠠᠪᠯᠠᠯᠭ᠎ᠠ ᠬᠢᠵᠦ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠭᠠᠷᠳᠠᠮ ᠭᠦᠢᠴᠡᠳᠬᠡᠵᠦ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ᠤᠶᠢᠯᠭᠠᠭᠰᠠᠨ ᠨᠢ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠮᠡᠳᠡᠭᠳᠡᠯ ᠪᠠᠭᠤᠯᠭᠠᠵᠤ ᠱᠠᠭᠠᠷᠳᠠᠭᠰᠠᠨ ᠨᠢ᠂ 2 ᠳ᠋ᠤᠭᠠᠷ ᠰᠠᠷ᠎ᠠ ᠶᠢᠨ 21᠎ ᠤ ᠡᠳᠦᠷ ᠠᠴᠠ ᠡᠬᠢᠯᠡᠨ᠂ ᠥᠪᠥᠷ ᠮᠣᠩᠭᠤᠯ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠠᠩᠰᠠᠨ ᠡᠷᠦᠬᠡ ᠶᠢᠨ ᠬᠠᠳᠠᠭᠠᠯᠠᠮᠵᠢ ᠶᠢᠨ ᠬᠦᠦ ᠮᠥᠩᠭᠦ ᠶᠢᠨ ᠨᠤᠷᠮ᠎ᠠ ᠶᠢ ᠨᠢᠭᠡᠳᠦᠯᠲᠡᠶ ᠪᠠᠷ ᠨᠢᠭᠡ ᠵᠢᠯ ᠤᠨ ᠬᠤᠭᠤᠴᠠᠭ᠎ᠠ ᠲᠠᠢ ᠲᠣᠭᠲᠠᠮᠠᠯ ᠬᠤᠭᠤᠴᠠᠭᠠᠲᠤ ᠬᠠᠳᠠᠭᠠᠯᠠᠮᠵᠢ ᠶᠢᠨ ᠰᠠᠭᠤᠷᠢ ᠬᠦᠦ ᠶᠢᠨ ᠨᠣᠷᠮ᠎ᠠ ᠲᠠᠢ ᠠᠳᠠᠯᠢ ᠪᠣᠯᠭᠠᠨ ᠲᠤᠬᠢᠷᠠᠭᠤᠯᠤᠨ᠎ᠠ᠂ ᠣᠳᠣᠬᠠᠨ ᠤ ᠨᠤᠷᠮ᠎ᠠ ᠨᠢ 1.5% ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号