ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠣᠳᠣᠷᠬᠠᠶ ᠳᠤᠷᠠᠳᠤᠭᠰᠠᠨ ᠨᠢ᠂ 2017 ᠣᠨ | ᠪᠣᠯᠬᠤ ᠳᠤ ᠲᠦᠢᠯ ᠤᠨ ᠶᠠᠳᠠᠭᠤ ᠦᠵᠡᠭᠳᠡᠯ ᠢ ᠦᠨᠳᠦᠰᠦᠨ ᠳᠡᠭᠡᠨ ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ 26 ᠬᠤᠰᠢᠭᠤ ᠰᠢᠶᠠᠨ ᠪᠥᠬᠦᠡ ᠢ ᠶᠠᠳᠠᠭᠤ ᠨᠡᠷ᠎ᠡ ᠶᠢ ᠨᠢ | ᠲᠠᠶᠠᠭᠳᠠᠭᠤᠯᠵᠤ᠂ 2020 ᠣᠨ ᠪᠣᠯᠬᠤ ᠳᠤ ᠪᠥᠬᠦ ᠣᠷᠣᠨ ᠤ ᠣᠳᠣᠬᠢ ᠪᠠᠶᠢᠭ᠎ᠠ 80 ᠭᠠᠷᠤᠶ ᠲᠦᠮᠡᠨ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠪᠥᠬᠦᠳᠡ ᠶᠢ ᠨᠢ ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ | ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ 31 ᠰᠢᠶᠠᠨ ᠪᠦᠬᠦᠨ ᠢ ᠶᠠᠳᠠᠭᠤ ᠨᠡᠷ᠎ᠡ ᠶᠢ ᠨᠢ ᠲᠠᠶᠠᠭᠳᠠᠭᠤᠯᠤᠨ᠎ᠠ ᠭᠡᠪᠡ ᠃ | | ᠣᠶᠢᠯᠠᠭᠠᠭᠰᠠᠨ ᠢᠶᠠᠷ᠂ 2016 ᠣᠨ ᠳᠤ ᠥᠪᠥᠷ ᠮᠣᠩᠭᠤᠯ 21 ᠲᠦᠮᠡᠨ ᠬᠥᠮᠦᠨ ᠢ ᠶᠠᠳᠠᠭᠤ ᠠᠴᠠ | ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠵᠤ᠂ 10 ᠠᠴᠠ ᠳᠡᠭᠡᠭᠰᠢ ᠥᠪᠡᠷᠲᠡᠭᠡᠨ ᠵᠠᠰᠠᠬᠤ ᠣᠷᠣᠨ ᠤ ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠤ ᠶᠠᠳᠠᠭᠤ ᠨᠡᠷ᠎ᠡ ᠶᠢ ᠨᠢ ᠲᠠᠶᠠᠭᠳᠠᠭᠤᠯᠬᠤ ᠪᠦᠭᠡᠳ ︽ᠠᠷᠪᠠ ᠶᠢ ᠪᠦᠷᠢᠨ | ᠪᠦᠷᠬᠦᠭᠦᠯᠬᠦ︾ ᠢᠨᠵᠧᠨᠧᠷᠢᠩ ︔ ᠲᠥᠯᠥᠪᠵᠢᠭᠦᠯᠭᠡ᠂ ᠲᠦᠷᠦᠯ ᠵᠦᠢᠯ᠂ ᠺᠠᠳ᠋ᠷ ᠵᠡᠷᠭᠡ ︽ᠭᠤᠷᠪᠠ ᠶᠢ ᠲᠣᠰᠬᠤᠨ | ᠪᠣᠯᠤᠨ ᠡᠷᠦᠬᠡ ᠳᠤ ᠬᠦᠷᠦᠭᠦᠯᠬᠦ︾ ᠠᠵᠢᠯ︔ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ | ᠪᠠᠶᠠᠵᠢᠭᠤᠯᠬᠤ ᠢᠨᠵᠧᠨᠧᠷᠢᠩ︔ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ︔ ᠰᠤᠷᠭᠠᠨ | ᠬᠥᠮᠦᠵᠢᠯ ᠢᠶᠠᠷ ᠶᠠᠳᠠᠭᠤ ᠶᠢ ᠲᠡᠳᠬᠦᠬᠦ ᠢᠨᠵᠧᠨᠧᠷᠢᠩ︔ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ | ᠵᠡᠷᠭᠡ ᠳᠤᠯᠤᠭᠠᠨ ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠡᠨᠡ | ᠬᠤᠭᠤᠴᠠᠭᠠᠨ ᠳᠤ᠂ ᠦᠯᠡᠳᠡᠵᠦ ᠪᠠᠶᠢᠭ᠎ᠠ 413 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ︽ᠠᠷᠪᠠ ᠶᠢ | ᠪᠦᠷᠢᠨ ᠪᠦᠷᠬᠦᠭᠦᠯᠬᠦ︾ ᠢᠨᠵᠧᠨᠧᠷᠢᠩ ᠢ ᠪᠡᠶᠡᠯᠡᠭᠦᠯᠦᠨ᠎ᠡ᠃ ᠬᠦᠭᠵᠢᠭᠦᠯᠬᠦ ᠡᠷᠡᠮᠡᠯᠵᠡᠯ ᠲᠠᠢ ᠪᠠ ᠬᠥᠳᠡᠯᠮᠦᠷᠢ ᠶᠢᠨ | ᠴᠢᠳᠠᠪᠤᠷᠢ ᠲᠠᠢ ᠲᠠᠩᠰᠠ ᠡᠪᠬᠡᠮᠡᠯ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠪᠦᠷᠢ 3 — 5 | ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠵᠢᠭᠡᠯᠡᠯᠭᠡ ᠣᠯᠭᠤᠨ᠎ᠠ᠃ ︽13᠂ 5︾ ᠶᠢᠨ ᠬᠤᠭᠤᠴᠠᠭᠠᠨ ᠳᠤ᠂ | ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠬᠦᠬᠦ ᠪᠡᠯᠡ ᠮᠦᠩᠭᠦ ᠶᠢ 800 ᠳ᠋ᠦᠩᠰᠢᠭᠤᠷ ᠲᠥᠭᠦᠷᠢᠭ ᠠᠴᠠ | ᠳᠡᠭᠡᠭᠰᠢ ᠲᠣᠬᠢᠷᠠᠭᠤᠯᠬᠤ ᠪᠠᠷ ᠴᠢᠷᠮᠠᠶᠢᠨ᠎ᠠ᠃ 2016 ᠣᠨ ᠳᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ | ᠵᠢᠭᠡᠯᠡᠯᠭᠡ ᠶᠢ 150 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠡᠭᠦᠨ ᠤ ᠬᠠᠮᠲᠤ᠂ | ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ︽︿13 · 5﹀ ᠶᠢᠨ ᠬᠤᠭᠤᠴᠠᠭᠠᠨ ᠳᠤ ᠣᠨᠳᠣᠣ ᠭᠠᠵᠠᠷ | ᠨᠡᠭᠦᠯᠭᠡᠵᠦ ᠶᠠᠳᠠᠭᠤ ᠶᠢ ᠲᠡᠳᠬᠦᠬᠦ ᠬᠡᠷᠡᠭᠵᠢᠭᠦᠯᠦᠯᠲᠡ ᠶᠢᠨ ᠲᠥᠰᠦᠯ︾ ᠤᠨ ᠶᠣᠰᠣᠭᠠᠷ ᠪᠡᠯᠡ ᠮᠦᠩᠭᠦ ᠪᠠᠨ ᠰᠠᠶᠢᠲᠤᠷ | ᠵᠠᠯᠭᠠᠯᠳᠤᠭᠤᠯᠵᠤ᠂ ᠲᠦᠷᠦᠯ ᠵᠦᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 6.9 ᠲᠦᠮᠡᠨ ᠡᠷᠦᠬᠡ᠂ | 20 ᠲᠦᠮᠡᠨ ᠲᠠᠩᠰᠠ ᠡᠪᠬᠡᠮᠡᠯ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠰᠠᠶᠢᠲᠤᠷ | ᠨᠡᠭᠦᠯᠭᠡᠨ ᠲᠥᠪᠬᠢᠨᠡᠭᠦᠯᠵᠦ᠂ ᠨᠡᠭᠦᠯᠭᠡᠨ ᠭᠠᠷᠭᠠᠬᠤ᠂ ᠲᠣᠭᠲᠠᠭᠤᠨ ᠪᠠᠶᠢᠯᠭᠠᠬᠤ᠂ ᠪᠠᠶᠠᠵᠢᠭᠤᠯᠵᠦ ᠴᠢᠳᠠᠬᠤ ᠶᠢ ᠦᠨᠡᠨ | ᠬᠦ ᠪᠠᠲᠤᠯᠠᠨ᠎ᠠ᠃ 2016 ᠣᠨ ᠳᠤ 5 ᠲᠦᠮᠡ ᠰᠢᠬᠠᠮ ᠬᠥᠮᠦᠨ ᠢ ᠰᠢᠯᠵᠢᠭᠦᠯᠦᠨ ᠨᠡᠭᠦᠯᠭᠡᠬᠦ ᠡᠭᠦᠷᠭᠡ ᠶᠢ | ᠪᠡᠶᠡᠯᠡᠭᠦᠯᠦᠨ᠎ᠡ᠃ ᠭᠤᠣᠯᠳᠠᠭᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠪᠠᠶᠢᠬᠤ | ᠦᠭᠡᠢ ᠲᠠᠩᠰᠠ ᠡᠪᠬᠡᠮᠡᠯ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠠᠶᠢᠯ ᠡᠷᠦᠬᠡ ᠶᠢᠨ ᠦᠷ᠎ᠡ ᠬᠡᠤᠬᠡᠳ ᠤᠳ | ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠬᠦ ᠳᠤ ᠲᠤᠰᠠᠯᠠᠮᠵᠢ ᠦᠵᠡᠭᠦᠯᠦᠨ᠎ᠡ᠃ | ᠬᠥᠮᠦᠨ ᠪᠦᠷᠢ ᠳᠤ 1500 ᠲᠥᠭᠦᠷᠢᠭ ᠤᠨ ᠨᠦᠬᠦᠪᠦᠷᠢ ᠣᠯᠭᠤᠵᠤ᠂ ᠵᠢᠯ ᠪᠦᠷᠢ 7000 ᠰᠢᠬᠠᠮ | ᠰᠤᠷᠤᠭᠴᠢ ᠶᠢ ᠲᠡᠳᠬᠦᠨ ᠲᠤᠰᠠᠯᠠᠨ᠎ᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠪᠠᠰᠠ ᠲᠥᠪ ᠤᠨ ᠶᠠᠳᠠᠭᠤ ᠶᠢ ᠲᠡᠳᠬᠦᠬᠦ ᠪᠡᠯᠡ | ᠣᠷᠣᠭᠤᠯᠤᠯᠲᠠ ᠶᠢ ᠢᠳᠡᠪᠬᠢᠲᠡᠶ ᠲᠡᠮᠡᠴᠡᠨ ᠣᠯᠵᠤ᠂ ᠠᠶᠢᠮᠠᠭ ᠬᠤᠳᠠ᠂ ᠬᠤᠰᠢᠭᠤ ᠰᠢᠶᠠᠨ ᠢ ᠬᠥᠲᠥᠯᠥᠨ | ᠵᠢᠯᠣᠭᠤᠳᠴᠤ ᠪᠠᠶᠢᠭᠠᠳ ᠡᠳ᠋ ᠤᠨ ᠵᠠᠰᠠᠭ ᠢᠶᠠᠷ ᠶᠠᠳᠠᠭᠤ ᠶᠢ ᠲᠡᠳᠬᠦᠬᠦ ᠪᠡᠯᠡ ᠣᠷᠣᠭᠤᠯᠤᠯᠲᠠ ᠶᠢ ᠨᠢ | ᠨᠡᠮᠡᠭᠳᠡᠭᠦᠯᠦᠨ᠎ᠡ᠃ ︽13᠂ 5︾ ᠶᠢᠨ ᠬᠤᠭᠤᠴᠠᠭᠠᠨ ᠳᠤ ᠶᠠᠳᠠᠭᠤ ᠶᠢ ᠲᠡᠳᠬᠦᠬᠦ ᠪᠡᠯᠡ ᠣᠷᠣᠭᠤᠯᠤᠯᠲᠠ ᠶᠢ | 1000 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠲᠡᠷᠡᠴᠢᠯᠡᠨ | ᠲᠥᠷᠥᠯ ᠬᠤᠪᠢᠶᠠᠨ ᠲᠡᠳᠬᠦᠬᠦ ᠶᠢ ᠬᠡᠷᠡᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠲᠠᠢ 35 ᠲᠦᠮᠡᠨ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠦᠪᠡᠷᠮᠢᠴᠡ ᠤᠨᠴᠠᠯᠢᠭᠳᠤ ᠠᠵᠤ ᠦᠢᠯᠡᠰ ᠢ ᠨᠢ ᠲᠡᠳᠬᠦᠨ ᠬᠥᠭᠵᠢᠭᠦᠯᠬᠦ ᠪᠠᠷ | ᠳᠠᠮᠵᠢᠭᠤᠯᠤᠨ᠂ ᠠᠵᠢᠯ ᠣᠯᠵᠤ ᠶᠠᠳᠠᠭᠤ ᠠᠴᠠ ᠠᠩᠭᠢᠵᠢᠷᠠᠬᠤ ᠶᠢ ᠨᠢ ᠬᠠᠪᠰᠤᠷᠤᠨ ᠪᠡᠶᠡᠯᠡᠭᠦᠯᠦᠨ᠎ᠡ︔ ᠠᠮᠢ | ᠠᠬᠤᠶ ᠶᠢᠨ ᠣᠷᠴᠢᠨ ᠨᠥᠬᠦᠴᠡᠯ ᠮᠠᠭᠤ ᠭᠠᠵᠠᠷ ᠣᠷᠣᠨ ᠳᠤ ᠤᠷᠤᠰᠢᠨ ᠰᠠᠭᠤᠵᠤ ᠪᠠᠶᠢᠭ᠎ᠠ 20 ᠲᠦᠮᠡᠨ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠣᠨᠳᠣᠣ ᠭᠠᠵᠠᠷ ᠰᠢᠯᠵᠢᠭᠦᠯᠦᠨ ᠨᠡᠭᠦᠯᠭᠡᠵᠦ ᠶᠠᠳᠠᠭᠤ ᠶᠢ ᠲᠡᠳᠬᠦᠬᠦ ᠪᠠᠷ | ᠳᠠᠮᠵᠢᠭᠤᠯᠤᠨ ᠶᠠᠳᠠᠭᠤ ᠠᠴᠠ ᠨᠢ ᠠᠩᠭᠢᠵᠢᠷᠠᠭᠤᠯᠤᠨ᠎ᠠ︔ ᠰᠤᠷᠭᠠᠭᠤᠯᠢ ᠳᠤ ᠰᠠᠭᠤᠬᠤ ᠪᠣᠶᠤ ᠡᠪᠡᠳᠴᠢᠨ ᠠᠴᠠ | ᠪᠣᠯᠣᠭᠠᠳ ᠶᠠᠳᠠᠭᠤᠷᠠᠭᠰᠠᠨ 11 ᠲᠦᠮᠡ ᠰᠢᠬᠠᠮ ᠶᠠᠳᠠᠭᠤ ᠬᠦᠴᠢᠷᠳᠡᠯᠲᠡᠶ ᠬᠥᠮᠦᠨ ᠠᠮᠠ ᠶᠢ ᠰᠤᠷᠭᠠᠨ | ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠬᠦ ᠪᠠᠷ | ᠳᠠᠮᠵᠢᠭᠤᠯᠤᠨ ᠶᠠᠳᠠᠭᠤ ᠠᠴᠠ ᠨᠢ ᠠᠩᠭᠢᠵᠢᠷᠠᠭᠤᠯᠤᠨ᠎ᠠ︔ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠪᠠ ᠬᠡᠰᠡᠭ | ᠠᠯᠳᠠᠭᠰᠠᠨ 14 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠵᠣᠬᠢᠬᠤ ᠲᠥᠷᠥ ᠶᠢᠨ ᠪᠣᠳᠤᠯᠭ᠎ᠠ ᠨᠤᠭᠤᠳ ᠢ | ᠬᠡᠷᠡᠭᠵᠢᠭᠦᠯᠬᠦ ᠪᠠᠷ ᠳᠠᠮᠵᠢᠭᠤᠯᠤᠨ ᠶᠠᠳᠠᠭᠤ ᠠᠴᠠ ᠲᠣᠭᠲᠠᠪᠤᠷᠢᠲᠠᠶ ᠠᠩᠭᠢᠵᠢᠷᠠᠭᠤᠯᠤᠨ᠎ᠠ᠃ |