2 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠯᠪᠠᠨ ᠲᠢᠩᠬᠢᠮ ᠠᠴᠠ ︽ᠭᠡᠷ ᠪᠠᠶᠢᠰᠢᠩ ᠭᠠᠵᠠᠷ ᠬᠦᠷᠦᠩᠭᠡ ᠶᠢᠨ ᠬᠥᠮᠥᠷᠭᠡ ᠶᠢᠨ ᠬᠠᠳᠠᠭᠠᠯᠠᠮᠵᠢ ᠶᠢ | ᠦᠭᠡᠶᠢᠰᠬᠡᠬᠦ ᠠᠵᠢᠯ ᠢ ᠰᠠᠶᠢᠲᠤᠷ ᠬᠢᠵᠦ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠤᠨ ᠲᠣᠭᠲᠠᠭᠤᠨ | ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠭᠰᠡᠨ | ᠪᠠᠶᠢᠨ᠎ᠠ᠃ ᠪᠢᠴᠢᠭ ᠮᠠᠲ᠋ᠧᠷᠢᠶᠠᠯ ᠨᠢ ᠭᠤᠣᠯᠳᠠᠭᠤ ᠮᠠᠯᠴᠢᠨ ᠲᠠᠷᠢᠶᠠᠴᠢᠳ ᠤᠨ ︽ᠬᠤᠲᠠ ᠣᠷᠣᠵᠤ ᠭᠡᠷ ᠪᠠᠶᠢᠰᠢᠩ | ᠬᠤᠳᠠᠯᠳᠤᠨ ᠠᠪᠬᠤ︾ ᠶᠢ ᠳᠥᠷᠰᠦᠯᠡᠨ ᠲᠣᠭᠠᠴᠢᠵᠤ᠂ ᠡᠭᠦᠨ ᠢᠶᠠᠷ ᠭᠡᠷ ᠪᠠᠶᠢᠰᠢᠩ ᠭᠠᠵᠠᠷ ᠬᠦᠷᠦᠩᠭᠡ ᠶᠢᠨ | ᠬᠥᠮᠥᠷᠭᠡ ᠶᠢᠨ ᠬᠠᠳᠠᠭᠠᠯᠠᠮᠵᠢ ᠶᠡᠭᠡ ᠪᠠᠶᠢᠬᠤ ᠠᠶᠤᠯ ᠲᠦᠭᠰᠢᠭᠦᠷᠢ ᠶᠢ ᠠᠷᠢᠯᠭᠠᠨ᠎ᠠ᠃ | ᠥᠩᠭᠡᠷᠡᠭᠰᠡᠨ ᠤ ᠮᠠᠯᠴᠢᠨ ᠲᠠᠷᠢᠶᠠᠴᠢᠳ ᠤᠨ ︽ᠬᠤᠲᠠ ᠣᠷᠣᠵᠤ ᠭᠡᠷ ᠪᠠᠶᠢᠰᠢᠩ ᠬᠤᠳᠠᠯᠳᠤᠨ ᠠᠪᠬᠤ︾ | ᠲᠠᠢ ᠠᠳᠠᠯᠢᠳᠬᠠᠪᠠᠯ᠂ ᠡᠨᠡ ᠤᠳᠠᠭ᠎ᠠ ᠶᠢᠨ ᠲᠥᠷᠥ ᠶᠢᠨ ᠪᠣᠳᠣᠯᠭ᠎ᠠ ᠨᠡᠶᠢᠲᠡᠯᠡᠭᠳᠡᠭᠰᠡᠨ ᠤ ᠳᠠᠷᠠᠭ᠎ᠠ᠂ ᠮᠠᠯᠴᠢᠨ | ᠲᠠᠷᠢᠶᠠᠴᠢᠳ ᠤᠨ ᠡᠨᠡᠬᠦ ᠶᠡᠭᠡ ︽ᠬᠠᠮᠲᠤᠯᠢᠭ ᠴᠣᠭᠴᠠ︾ ᠡᠯ᠎ᠡ ᠲᠠᠯ᠎ᠠ ᠶᠢᠨ ᠪᠣᠳᠠᠲᠤ ᠠᠰᠢᠭ ᠬᠦᠷᠲᠡᠬᠦ | ᠪᠣᠯᠣᠨ᠎ᠠ᠃ | — — ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠨᠢ 20% ᠶᠢ ᠳᠠᠪᠠᠭ᠋ᠤ ᠦᠭᠡᠢ᠃ ︽ᠰᠠᠨᠠᠯ︾ | ᠳᠤ ᠲᠣᠭᠲᠠᠭᠠᠭᠰᠠᠨ ᠨᠢ᠄ ︽ᠬᠤᠲᠠ ᠣᠷᠣᠵᠤ ᠭᠡᠷ ᠪᠠᠶᠢᠰᠢᠩ ᠬᠤᠳᠠᠯᠳᠤᠨ ᠠᠪᠬᠤ ᠮᠠᠯᠴᠢᠨ ᠲᠠᠷᠢᠶᠠᠴᠢᠳ ︵ | ᠪᠤᠰᠤᠳ ᠬᠡᠷ ᠪᠠᠶᠢᠰᠢᠩ ᠬᠤᠳᠠᠯᠳᠤᠨ ᠠᠪᠤᠭᠰᠠᠳ ᠢ ᠪᠠᠭᠲᠠᠭᠠᠨ᠎ᠠ︶᠂ ᠭᠡᠷ ᠪᠠᠶᠢᠰᠢᠩ ᠠᠩᠬ᠎ᠠ ᠤᠳᠠᠭ᠎ᠠ | ᠬᠤᠳᠠᠯᠳᠤᠨ ᠠᠪᠤᠭᠰᠠᠨ ᠪᠠᠶᠢᠪᠠᠯ᠂ ᠬᠤᠳᠠᠯᠳᠤᠭᠠᠨ ᠤ ᠪᠠᠩᠬᠢ ᠶᠢᠨ ᠵᠢᠭᠡᠯᠡᠯᠭᠡ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠬᠤᠪᠢ ᠬᠥᠮᠦᠨ ᠤ ᠵᠢᠭᠡᠯᠡᠯᠭᠡ ︵ᠬᠡᠷᠡᠭᠯᠡᠬᠦ ᠨᠥᠬᠦᠴᠡᠯ ᠳᠤ ᠨᠡᠶᠢᠴᠡᠬᠦ ᠬᠡᠷᠡᠭᠲᠡᠢ︶ | ᠶᠢ ᠭᠤᠶᠤᠴᠢᠯᠠᠬᠤ ᠳᠤ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ 20% ᠠᠴᠠ ᠳᠠᠪᠠᠭᠤᠯᠬᠤ ᠦᠭᠡᠢ | ᠪᠠᠶᠢᠬᠤ ᠶᠢ ᠬᠡᠷᠡᠭᠵᠢᠭᠦᠯᠦᠨ᠎ᠡ᠃︾ | — — ᠬᠤᠳᠠ ᠣᠷᠣᠵᠤ ᠬᠦᠴᠦ ᠶᠠᠪᠤᠭᠴᠢ ᠮᠠᠯᠴᠢᠨ ᠲᠠᠷᠢᠶᠠᠴᠢᠳ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠲᠦᠷᠢᠮ ᠢ ᠡᠳ᠋ᠯᠡᠨ᠎ᠡ᠃ ᠲᠤᠰ ︽ᠰᠠᠨᠠᠯ︾ ᠳᠤ᠂ ᠨᠢᠭᠡᠨᠲᠡ | ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠪᠥᠭᠡᠳ ᠲᠣᠭᠲᠠᠪᠤᠷᠢᠲᠠᠶ ᠬᠥᠳᠡᠯᠮᠦᠷᠢ ᠶᠢᠨ ᠬᠠᠷᠢᠴᠠᠭ᠎ᠠ | ᠪᠠᠶᠢᠭᠤᠯᠤᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠪᠠᠶᠢᠭ᠎ᠠ ᠨᠢᠭᠡᠴᠡ ᠨᠢ ᠬᠦᠴᠦ ᠶᠠᠪᠤᠭᠴᠢ ᠮᠠᠯᠴᠢᠨ | ᠲᠠᠷᠢᠶᠠᠴᠢᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠳᠤ ᠣᠷᠣᠯᠴᠠᠬᠤ ᠲᠦᠷᠢᠮ ᠢ | ᠪᠦᠬᠦ ᠲᠠᠯ᠎ᠠ ᠪᠠᠷ ᠪᠠᠶᠢᠭᠤᠯᠵᠤ᠂ ᠬᠤᠳᠠ ᠪᠠᠯᠭᠠᠰᠤᠨ ᠤ ᠠᠵᠢᠯᠲᠠᠨ ᠠᠵᠢᠯᠴᠢᠨ ᠲᠠᠢ ᠠᠳᠠᠯᠢ ᠪᠠᠷ᠂ ᠬᠦᠴᠦ ᠶᠠᠪᠤᠭᠴᠢ | ᠮᠠᠯᠴᠢᠨ ᠲᠠᠷᠢᠶᠠᠴᠢᠳ ᠴᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ | ᠬᠠᠳᠠᠭᠠᠯᠠᠵᠤ᠂ ᠲᠣᠭᠲᠠᠭᠰᠠᠨ ᠴᠠᠭ ᠬᠤᠭᠤᠴᠠᠭ᠎ᠠ ᠳᠤ ᠬᠦᠷᠦᠪᠡᠯ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠲᠠᠯᠪᠢᠬᠤ ᠶᠢ ᠭᠤᠶᠤᠴᠢᠯᠠᠵᠤ ᠪᠣᠯᠤᠨ᠎ᠠ ᠭᠡᠪᠡ᠃ | ︽ᠰᠠᠨᠠᠯ︾ ᠳᠤ ᠪᠠᠰᠠ ᠮᠠᠯᠴᠢᠨ ᠲᠠᠷᠢᠶᠠᠴᠢᠳ ︽ᠬᠤᠲᠠ ᠣᠷᠣᠵᠤ ᠡᠷᠦᠬᠡ ᠠᠮᠠ ᠣᠷᠣᠭᠤᠯᠬᠤ︾ | ᠬᠡᠷᠡᠭᠴᠡᠭᠡ ᠱᠠᠭᠠᠷᠳᠠᠯᠭ᠎ᠠ ᠬᠤᠯᠪᠤᠭᠳᠠᠪᠠ᠃ ︽ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠡᠪᠴᠢᠶᠡᠨ | ᠳᠣᠲᠣᠷ᠎ᠠ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠵᠢᠭᠠᠨ᠎ᠠ︶᠂ ᠮᠠᠯᠴᠢᠨ ᠲᠠᠷᠢᠶᠠᠴᠢᠳ ︵ | ᠪᠤᠰᠤᠳ ᠬᠡᠷ ᠪᠠᠶᠢᠰᠢᠩ ᠬᠤᠳᠠᠯᠳᠤᠨ ᠠᠪᠤᠭᠰᠠᠳ ᠢ ᠪᠠᠭᠲᠠᠭᠠᠨ᠎ᠠ︶ ᠲᠠᠸᠠᠷ ᠤᠨ ᠣᠷᠣᠨ ᠰᠠᠭᠤᠴᠠ ︵ᠭᠠᠷ | ᠳᠠᠮᠵᠢᠭᠰᠠᠨ ᠭᠡᠷ ᠪᠠᠶᠢᠰᠢᠩ ᠪᠠᠭᠲᠠᠨ᠎ᠠ︶ ᠬᠤᠳᠠᠯᠳᠤᠨ ᠠᠪᠤᠪᠠᠯ᠂ ᠲᠤᠰ ᠬᠥᠮᠦᠨ᠂ ᠬᠤᠯᠪᠣᠰᠤ ᠵᠢᠴᠢ ᠬᠤᠶᠠᠷ | ᠲᠠᠯ᠎ᠠ ᠶᠢᠨ ᠡᠴᠢᠭᠡ ᠡᠭᠡ᠂ ᠨᠠᠰᠤᠨ ᠳᠤ ᠬᠦᠷᠦᠭᠡᠳᠦᠢ ᠦᠷ᠎ᠡ ᠬᠡᠦᠬᠡᠳ ᠨᠢ ᠴᠥᠮ ᠲᠤᠰ ᠭᠠᠵᠠᠷ ᠤᠨ ᠡᠷᠦᠬᠡ | ᠠᠮᠠ ᠶᠢᠨ ᠲᠥᠷᠥ ᠶᠢᠨ ᠪᠣᠳᠣᠯᠭ᠎ᠠ ᠪᠠᠷ ᠭᠡᠷ ᠬᠤᠳᠠᠯᠳᠤᠨ ᠠᠪᠤᠭᠰᠠᠨ ᠬᠤᠲᠠ ᠪᠠᠯᠭᠠᠰᠤᠨ ᠳᠤ ᠡᠷᠦᠭᠡ ᠠᠮᠠ ᠪᠠᠨ | ᠣᠷᠤᠭᠤᠯᠵᠤ ᠪᠣᠯᠣᠨ᠎ᠠ᠃︾ | ᠡᠭᠦᠨ ᠠᠴᠠ ᠭᠠᠳᠠᠨ᠎ᠠ᠂ ᠲᠤᠰ ︽ᠰᠠᠨᠠᠯ︾ ᠳᠤ ᠪᠠᠰᠠ᠂ ᠬᠤᠲᠠ ᠣᠷᠣᠵᠤ ᠭᠡᠷ ᠪᠠᠶᠢᠰᠢᠩ ᠬᠤᠳᠠᠯᠳᠤᠨ | ᠠᠪᠤᠭᠰᠠᠳ ᠤᠨ ᠦᠷ᠎ᠡ ᠬᠡᠦᠬᠡᠳ ᠨᠢ ᠬᠤᠳᠠᠯᠳᠤᠨ ᠠᠪᠤᠭᠰᠠᠨ ᠭᠡᠷ ᠤᠨ ᠣᠶᠢᠷᠠᠯᠴᠠᠭ᠎ᠠ ᠴᠡᠴᠡᠷᠯᠢᠭ ᠲᠤ ᠣᠷᠣᠬᠤ᠂ | ᠰᠤᠷᠭᠠᠭᠤᠯᠢ ᠳᠤ ᠰᠠᠭᠤᠬᠤ ᠳᠤ᠂ ᠡᠯ᠎ᠡ ᠲᠦᠷᠦᠯ ᠤᠨ ᠬᠤᠲᠠ ᠣᠷᠣᠵᠤ ᠭᠡᠷ ᠪᠠᠶᠢᠰᠢᠩ ᠬᠤᠳᠠᠯᠳᠤᠨ ᠠᠪᠤᠭᠰᠠᠳ | ᠪᠣᠯᠣᠨ ᠬᠤᠲᠠ ᠪᠠᠯᠭᠠᠰᠤ ᠶᠢᠨ ᠡᠷᠥᠭᠡ ᠠᠮᠠ ᠶᠢᠨ ᠰᠠᠭᠤᠭᠠᠯᠢ ᠠᠷᠠᠳ ᠠᠳᠠᠯᠢ ᠬᠤᠳᠠ ᠳᠤ ᠠᠳᠠᠯᠢᠬᠠᠨ ᠲᠦᠷᠤ ᠶᠢᠨ | ᠪᠤᠳᠤᠯᠭ᠎ᠠ ᠶᠢᠨ ᠬᠠᠷᠠᠭᠠᠯᠵᠠᠯ ᠬᠦᠷᠲᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠲᠣᠭᠲᠠᠭᠠᠪᠠ᠃ |