| ᠰᠤᠷᠪᠤᠯᠵᠢᠯᠠᠭᠰᠠᠨ ᠴᠠᠭ᠄ | 2016 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ | ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠳᠡᠳ᠋ ᠳᠠᠷᠤᠭ᠎ᠠ ᠸᠠᠩ ᠹᠦ᠋ | ᠱᠦᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠡᠨᠡ ᠵᠢᠯ ᠪᠣᠯ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠰᠢᠨ᠎ᠡ | ᠰᠠᠭᠤᠴᠠ ᠳᠤ ᠰᠢᠯᠵᠢᠭᠰᠡᠨ ᠠᠷᠪᠠᠨ ᠨᠢᠭᠡᠳᠡᠬᠢ ᠵᠢᠯ ᠪᠣᠯᠣᠨ᠎ᠠ᠂ ᠠᠷᠪᠠ ᠭᠠᠷᠤᠶ ᠵᠢᠯ ᠤᠨ ᠴᠢᠷᠮᠠᠶᠢᠯᠭ᠎ᠠ ᠪᠠᠷ | ᠳᠠᠮᠵᠢᠭᠠᠳ᠂ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠬᠤᠷᠴᠢᠨ ᠪᠠᠯᠭᠠᠰᠤ ᠨᠢ ᠤᠯᠤᠰ ᠤᠨ ᠲᠡᠰ ᠤᠨ ᠡᠷᠡᠭᠦᠯ | ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠳᠡᠰ ᠤᠨ ᠴᠡᠴᠡᠷᠯᠢᠭ ᠰᠢᠶᠠᠨ ᠤ ᠬᠤᠲᠠ | ᠪᠣᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠨᠢ ᠴᠦ ᠬᠥᠮᠥᠨ ᠪᠦᠬᠦᠨ ᠤ ᠨᠢᠳᠦᠨ ᠳᠤ ᠢᠯᠡᠷᠬᠡᠢ ᠪᠠᠶᠢᠭ᠎ᠠ ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠠᠷᠪᠠ ᠭᠠᠷᠤᠶ ᠵᠢᠯ ᠤᠨ ᠲᠤᠷᠰᠢᠬᠢ ᠬᠤᠳᠠ ᠶᠢᠨ ᠪᠦᠳᠦᠭᠡᠨ | ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠲᠥᠯᠥᠭᠡ᠂ ᠣᠶᠢᠷ᠎ᠠ ᠳᠤ᠂ ᠪᠢᠳᠡ | ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠳᠡᠳ᠋ ᠳᠠᠷᠤᠭ᠎ᠠ ᠸᠠᠩ ᠹᠦ᠋ ᠱᠦᠨ ᠢ | ᠤᠷᠢᠨ ︽ᠳᠤᠮᠳᠠᠳᠤ ᠤᠯᠤᠰ · ᠥᠪᠥᠷ ᠮᠣᠩᠭᠤᠯ ︾ ᠰᠦᠯᠵᠢᠶᠡᠨ ᠳᠡᠭᠡᠷ᠎ᠡ ᠲᠠ ᠪᠦᠬᠦᠨ ᠲᠠᠢ ︽ᠠᠮᠢ | ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠠᠶᠢᠬᠠᠨ ᠬᠤᠲᠠ ᠶᠢ ᠬᠡᠷᠬᠢᠨ ᠴᠣᠭᠴᠠᠯᠠᠬᠤ︾ ᠭᠡᠰᠡᠨ ᠭᠤᠣᠯ | ᠰᠡᠳᠦᠪ ᠢᠶᠠᠷ ᠶᠠᠷᠢᠯᠴᠠᠭᠤᠯᠬᠤ ᠪᠣᠯᠪᠠ᠃ ᠲᠤᠬᠠᠶ ᠶᠢᠨ ᠦᠶ᠎ᠡ ᠳᠤ᠂ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ | ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ | ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠣᠯᠤᠩ ᠢ ᠬᠦᠯᠢᠶᠡᠨ ᠠᠪᠴᠤ | ᠦᠵᠡᠬᠦ ᠶᠢ ᠪᠠᠶᠠᠷᠯᠠᠨ ᠤᠭᠳᠤᠵᠤ ᠪᠠᠶᠢᠨ᠎ᠠ᠃ ᠪᠢᠳᠠᠨ ᠤ ᠦᠨᠦᠳᠦᠷ ᠤᠨ ᠤᠷᠢᠭᠰᠠᠨ ᠵᠣᠴᠢᠨ ᠪᠣᠯ ᠬᠢᠩᠭᠠᠨ | ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠳᠡᠳ᠋ ᠳᠠᠷᠤᠭ᠎ᠠ ᠸᠠᠩ ᠹᠦ᠋ ᠱᠦᠨ ᠪᠣᠯᠣᠨ᠎ᠠ᠂ | ᠲᠡᠷᠡ ︽ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡᠪᠡᠷ ᠠᠪᠴᠤ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠠᠶᠢᠬᠠᠨ ᠬᠤᠲᠠ ᠶᠢ | ᠴᠣᠭᠴᠠᠯᠠᠵᠤ ᠪᠤᠢ︾ ᠭᠡᠬᠦ ᠭᠤᠣᠯ ᠰᠡᠳᠦᠪ ᠢᠶᠠᠷ ᠲᠠ ᠪᠦᠬᠦᠨ ᠲᠠᠢ ᠰᠦᠯᠵᠢᠶᠡᠨ ᠳᠡᠭᠡᠷ᠎ᠡ ᠵᠣᠭᠤᠭᠳᠠᠬᠤ ᠪᠣᠯᠣᠨ᠎ᠠ᠃ | ᠸᠠᠩ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠸᠠᠩ ᠹᠦ᠋ ᠱᠦᠨ᠄ | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠃ | ᠬᠥᠲᠥᠯᠥᠭᠴᠢ᠄ | ᠸᠠᠩ ᠬᠤᠰᠢᠭᠤ ᠳᠠᠷᠤᠭ᠎ᠠ ᠡ᠂ ᠡᠨᠡ ᠵᠢᠯ ᠪᠣᠯ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠰᠢᠨ᠎ᠡ ᠰᠠᠭᠤᠴᠠ ᠳᠤ ᠰᠢᠯᠵᠢᠭᠰᠡᠨ ᠠᠷᠪᠠᠨ ᠨᠢᠭᠡᠳᠡᠬᠢ ᠵᠢᠯ ᠪᠣᠯᠣᠨ᠎ᠠ᠂ ᠠᠵᠤ ᠠᠬᠤᠶ | ᠨᠡᠶᠢᠭᠡᠮ ᠤᠨ ᠬᠥᠭᠵᠢᠯᠲᠡ ᠪᠣᠯ ᠤᠯᠠᠨ ᠤ ᠨᠢᠳᠤᠨ ᠳᠤ ᠢᠯᠡᠭᠡᠨ ᠪᠠᠶᠢᠨ᠎ᠠ᠂ ᠠᠷᠪᠠ ᠭᠠᠷᠤᠶ ᠵᠢᠯ ᠤᠨ ᠴᠢᠷᠮᠠᠶᠢᠯᠭ᠎ᠠ ᠪᠠᠷ | ᠳᠠᠮᠵᠢᠭᠠᠳ᠂ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠬᠤᠷᠴᠢᠨ ᠪᠠᠯᠭᠠᠰᠤ ᠨᠢ ᠤᠯᠤᠰ ᠤᠨ ᠲᠡᠰ ᠤᠨ ᠡᠷᠡᠭᠦᠯ | ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠳᠡᠰ ᠤᠨ ᠴᠡᠴᠡᠷᠯᠢᠭ ᠰᠢᠶᠠᠨ ᠤ ᠬᠤᠲᠠ | ᠪᠣᠯᠪᠠ᠂ ᠲᠠ ᠥᠨᠥᠳᠦᠷ ᠤᠨ ᠡ᠊ᠨᠡ ᠲᠣᠬᠢᠶᠠᠯ ᠢᠶᠠᠷ ᠥᠷᠭᠡᠨ ᠣᠯᠠᠨ ᠰᠦᠯᠵᠢᠶᠡᠨ ᠠᠨᠳᠠ ᠨᠠᠷ ᠲᠤ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠰᠢᠨ᠎ᠡ ᠪᠠᠭᠤᠴᠠ ᠳᠠᠭᠠᠨ ᠨᠡᠭᠦᠭᠰᠡᠨ ᠠᠴᠠ ᠨᠠᠰᠢᠬᠢ ᠪᠦᠳᠤᠭᠡᠨ | ᠪᠠᠶᠢᠭᠤᠯᠤᠯᠲᠠ ᠶᠢᠨ ᠪᠠᠶᠢᠳᠠᠯ ᠢ ᠲᠣᠪᠴᠢ ᠲᠠᠨᠢᠯᠴᠠᠭᠤᠯᠤᠭᠠᠳ ᠥᠭᠭᠦᠨ᠎ᠡ ᠤᠤ︖ | ᠸᠠᠩ ᠹᠦ᠋ ᠱᠦᠨ᠄ | 2005 ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ᠂ ᠤᠯᠤᠰ ᠤᠨ ᠠᠷᠠᠳ ᠤᠨ ᠶᠠᠪᠤᠳᠠᠯ ᠤᠨ | ᠶᠠᠮᠤᠨ ᠢᠶᠠᠷ ᠵᠥᠪᠰᠢᠶᠡᠷᠡᠭᠦᠯᠦᠭᠡᠳ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠵᠠᠰᠠᠭ ᠤᠨ | ᠪᠠᠶᠢᠭᠤᠯᠭ᠎ᠠ ᠤᠯᠠᠭᠠᠨᠬᠤᠲᠠ ᠠᠴᠠ ᠣᠳᠣ ᠶᠢᠨ ᠬᠤᠷᠴᠢᠨ ᠪᠠᠯᠭᠠᠰᠤ ᠳᠤ ᠨᠡᠭᠦᠭᠡᠳ᠂ ᠨᠢᠭᠡ ᠭᠠᠵᠠᠷ ᠲᠤ ᠭᠤᠷᠪᠠᠨ | ᠵᠠᠰᠠᠭ ᠤᠨ ᠣᠷᠳᠣᠨ ᠪᠠᠶᠢᠬᠤ ᠲᠡᠦᠬᠡᠨ ᠪᠠᠶᠢᠳᠠᠯ ᠢ ᠡᠴᠦᠰᠯᠡᠭᠦᠯᠪᠡ᠃ ᠤᠢᠢᠷ᠎ᠠ ᠶᠢᠨ ᠵᠢᠯ ᠤᠳ ᠲᠤ᠂ ᠪᠢᠳᠠ ᠬᠤᠳᠠ | ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠥᠨᠳᠥᠷ ᠲᠦᠪᠰᠢᠨ ᠢᠶᠠᠷ ᠣᠷᠣᠨ ᠪᠠᠶᠢᠷᠢ | ᠲᠣᠭᠲᠠᠭᠠᠵᠤ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠶᠢ ᠪᠠᠷᠢᠮᠲᠠᠯᠠᠵᠤ᠂ ᠬᠤᠳᠠ ᠶᠢᠨ ᠪᠣᠷᠣ ᠲᠥᠯᠥᠪ ᠢ | ᠤᠯᠠᠮ ᠨᠢᠭᠡ ᠠᠯᠬᠤᠮ ᠶᠡᠬᠡᠰᠬᠡᠵᠦ᠂ ᠰᠢᠨ᠎ᠡ ᠰᠠᠭᠤᠴᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠲᠠᠯᠠᠪᠠᠢ ᠶᠢ | 30 ᠲᠡᠭᠰᠢ ᠳᠥᠷᠪᠡᠯᠵᠢᠨ ᠺᠢᠯᠣᠮᠧᠲᠷ ᠪᠣᠯᠭᠠᠨ ᠦᠷᠭᠡᠵᠢᠭᠦᠯᠵᠦ᠂ ᠬᠤᠲᠠ ᠶᠢᠨ ᠲᠣᠭᠤᠷᠢᠭ ᠤᠨ ᠬᠥᠮᠦᠨ ᠠᠮᠠ ᠶᠢ | ᠤᠶᠢᠷ᠎ᠠ ᠶᠢᠨ ᠬᠤᠭᠤᠴᠠᠭᠠᠨ ᠳᠤ 2.6 ᠲᠦᠮᠡ ᠪᠠᠷ ᠲᠥᠯᠥᠪᠵᠢᠭᠦᠯᠵᠦ᠂ ᠬᠤᠵᠢᠮ ᠳᠠᠭᠠᠨ15 ᠲᠦᠮᠡ ᠳᠤ | ᠬᠦᠷᠦᠭᠦᠯᠬᠦ ᠪᠠᠷ ᠲᠥᠯᠥᠪᠵᠢᠭᠦᠯᠪᠡ᠃ ᠬᠤᠳᠠ ᠶᠢᠨ ᠣᠷᠣᠨ ᠪᠠᠶᠢᠷᠢ ᠶᠢ ᠠᠭᠤᠯᠠ ᠤᠰᠤ ᠴᠡᠴᠡᠷᠯᠢᠭᠲᠦ ᠬᠤᠲᠠ | ᠪᠣᠯᠭᠠᠨ ᠲᠣᠭᠲᠠᠭᠠᠵᠤ᠂ ᠭᠤᠣᠯᠳᠠᠭᠤ ᠬᠥᠮᠦᠨ ᠰᠣᠶᠦᠯ᠂ ᠠᠮᠢ ᠠᠬᠤᠶ᠂ ᠣᠷᠣᠰᠢᠨ ᠰᠠᠭᠤᠬᠤ ᠳᠤ ᠲᠣᠬᠢᠷᠠᠮᠵᠢᠲᠠᠶ᠂ | ᠲᠠᠭᠠᠯᠠᠮᠵᠢᠲᠠᠶ ᠪᠦᠲᠦᠭᠡᠨ ᠪᠠᠶᠢᠭᠤᠯᠤᠯᠲᠠ ᠶᠢᠨ ᠣᠨᠣᠯᠵᠢᠬᠤᠨ ᠢ ᠢᠯᠡᠷᠡᠭᠦᠯᠵᠦ᠂ ︽ᠬᠤᠶᠠᠷ ᠭᠤᠣᠯ ᠭᠤᠷᠪᠠᠨ ᠡᠷᠭᠢ᠂ | ᠵᠢᠷᠭᠤᠭᠠᠨ ᠬᠥᠭᠦᠷᠭᠡ ᠭᠤᠷᠪᠠᠨ ᠲᠣᠭᠤᠷᠢᠭ︾ ᠲᠠᠢ ᠬᠤᠲᠠ ᠶᠢᠨ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠤᠢ | ᠪᠣᠯᠭᠠᠪᠠ᠃ | ᠬᠤᠲᠠ ᠶᠢᠨ ᠶᠠᠪᠤᠳᠠᠯ ᠵᠠᠮ ᠱᠤᠭᠤᠮ ᠤᠨ ᠲᠠᠯ᠎ᠠ ᠪᠠᠷ᠂ ᠡᠨᠡ ᠬᠡᠳᠦᠨ ᠵᠢᠯ ᠳᠤ ᠨᠡᠶᠢᠲᠡ 25 ᠵᠤᠷᠪᠤᠰ ᠪᠦᠬᠦ | ᠣᠷᠳᠣ ᠨᠢ ᠪᠠᠷᠤᠭ 67.1 ᠺᠢᠯᠣᠮᠧᠲᠷ ᠤᠨ ᠭᠤᠣᠯ ᠳᠡᠳ᠋ ᠵᠡᠭᠡᠯᠢ ᠶᠢᠨ ᠵᠠᠮ ᠳᠡᠪᠢᠰᠴᠦ᠂ 5000 ᠭᠠᠷᠤᠢ ᠰᠠᠭᠤᠷᠢ | ᠵᠠᠮ ᠤᠨ ᠳ᠋ᠧᠩ 5000 ᠪᠤᠰᠬᠠᠪᠠ᠃ ᠨᠡᠶᠢᠳᠡ 26 ᠨᠡᠶᠢᠲᠡ ᠶᠢᠨ ᠮᠠᠰᠢᠨ ᠲᠡᠷᠭᠡ ᠬᠤᠳᠠᠯᠳᠤᠨ ᠠᠪᠴᠤ᠂ 3 | ᠵᠤᠷᠪᠤᠰ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠨᠡᠪᠲᠡᠷᠡᠭᠦᠯᠵᠦ᠂ ᠰᠠᠭᠤᠭᠠᠯᠢ ᠠᠷᠠᠳ ᠤᠨ ᠭᠠᠳᠠᠭᠰᠢ | ᠭᠠᠷᠬᠤ ᠱᠠᠭᠠᠷᠳᠠᠯᠭ᠎ᠠ ᠶᠢ ᠭᠦᠢᠴᠡᠳ ᠬᠠᠩᠭᠠᠪᠠ᠃ ᠴᠡᠴᠡᠷᠯᠢᠭ ᠣᠶᠢᠵᠢᠭᠤᠯᠤᠯᠲᠠ ᠶᠢᠨ ᠲᠠᠯ᠎ᠠ ᠪᠠᠷ᠂ ᠨᠡᠶᠢᠲᠡ 6.5 | ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠵᠤ᠂ 40 ᠭᠠᠷᠤᠶ ᠲᠥᠷᠥᠯ ᠤᠨ ᠡᠯ᠎ᠡ ᠵᠦᠢᠯ ᠤᠨ ᠮᠣᠳᠣ | ᠲᠠᠷᠢᠵᠤ᠂ ᠡᠯ᠎ᠡ ᠲᠥᠷᠥᠯ ᠤᠨ ᠲᠤᠷᠤᠭ ᠮᠣᠳᠣ 39 ᠲᠦᠮᠡᠨ ᠰᠠᠭᠤᠷᠢ ᠰᠠᠭᠤᠯᠭᠠᠵᠤ᠂ ᠣᠶᠢᠵᠢᠭᠤᠯᠤᠯᠲᠠ ᠶᠢᠨ | ᠶᠡᠷᠦᠩᠬᠡᠶ ᠲᠠᠯᠠᠪᠠᠢ ᠶᠢ 445 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠰᠢᠨ᠎ᠡ ᠰᠠᠭᠤᠴᠠ ᠶᠢᠨ | ᠬᠤᠳᠠ ᠲᠣᠭᠤᠷᠢᠭ ᠤᠨ ᠣᠶᠢᠵᠢᠭᠤᠯᠤᠭᠰᠠᠨ ᠪᠦᠷᠬᠦᠴᠡ ᠨᠤᠷᠮ᠎ᠠ ᠶᠢ 42.17% ᠳᠤ ᠬᠦᠷᠦᠭᠦᠯᠵᠦ᠂ ᠬᠥᠮᠦᠨ | ᠪᠦᠷᠢ ᠳᠤ ᠲᠡᠭᠰᠢᠳᠬᠡᠭᠰᠡᠨ ᠤᠯᠠᠨ ᠨᠡᠶᠢᠲᠡ ᠶᠢᠨ ᠣᠶᠢᠵᠢᠭᠤᠯᠤᠭᠰᠠᠨ ᠭᠠᠵᠠᠷ ᠤᠨ ᠲᠠᠯᠠᠪᠠᠢ 35 ᠲᠡᠭᠰᠢ | ᠳᠥᠷᠪᠡᠯᠵᠢᠨ ᠮᠧᠲᠷ ᠲᠤ ᠬᠦᠷᠦᠭᠦᠯᠪᠡ᠃ ᠬᠤᠳᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠠᠯ᠎ᠠ ᠪᠠᠷ᠂ ᠢᠯᠴᠢ ᠶᠢᠨ ᠲᠣᠣᠷ ᠢ 83 ᠺᠢᠯᠣᠮᠧᠲᠷ ᠳᠡᠪᠢᠰᠴᠦ᠂ ᠢᠯᠴᠢ ᠬᠠᠩᠭᠠᠬᠤ ᠴᠢᠳᠠᠪᠤᠷᠢ ᠶᠢ 260 ᠲᠦᠮᠡᠨ | ᠲᠡᠭᠰᠢ ᠳᠥᠷᠪᠡᠯᠵᠢᠨ ᠮᠧᠲᠷ ᠲᠤ ᠬᠦᠷᠪᠡ᠃ 500 ᠲᠦᠮᠡᠨ ᠲᠡᠭᠰᠢ ᠳᠥᠷᠪᠡᠯᠵᠢᠨ ᠮᠧᠲᠷ ᠤᠨ ᠰᠢᠨ᠎ᠡ | ᠰᠠᠭᠤᠴᠠ ᠶᠢᠨ ᠬᠤᠶᠠᠳᠤᠭᠠᠷ ᠢᠯᠴᠢ ᠡᠭᠦᠰᠭᠡᠭᠴᠢ ᠶᠢᠨ ᠪᠦᠳᠦᠭᠡᠨ ᠪᠠᠶᠢᠭᠤᠯᠤᠯᠲᠠ ᠶᠢᠨ ᠳᠦᠷᠦᠯ ᠵᠦᠢᠯ ᠢ ᠡᠬᠢᠯᠡᠨ | ᠪᠠᠶᠢᠭᠤᠯᠪᠠ᠃ 1.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠰᠢᠭᠤ ᠶᠢᠨ ᠬᠤᠶᠠᠳᠤᠭᠠᠷ ᠤᠰᠤᠨ ᠤ | ᠦᠢᠯᠡᠳᠪᠦᠷᠢ ᠶᠢ ᠡᠬᠢᠯᠡᠵᠦ ᠪᠠᠶᠢᠭᠤᠯᠪᠠ᠃ ᠲᠦᠭᠡᠭᠡᠯ ᠤᠰᠤᠨ ᠤ ᠦᠢᠯᠡᠳᠪᠦᠷᠢ ᠪᠣᠯᠣᠨ ᠳᠦᠬᠦᠷᠵᠢᠭᠦᠯᠦᠭᠰᠡᠨ ᠤᠰᠤ | ᠬᠠᠩᠭᠠᠬᠤ ᠬᠤᠭᠤᠯᠠᠶ ᠲᠣᠣᠷ ᠤᠨ ᠢᠨᠵᠧᠨᠧᠷᠢᠩ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠭ ᠨᠣᠪᠰᠢ ᠶᠢ | ᠰᠢᠢᠳᠪᠦᠷᠢᠯᠡᠬᠦ ᠦᠢᠯᠡᠳᠪᠦᠷᠢ ᠵᠢᠴᠢ ᠬᠤᠷᠴᠢᠨ ᠠᠭᠤᠳᠠᠮ ᠲᠠᠯᠠᠪᠠᠢ ᠶᠢ ᠪᠠᠶᠢᠭᠤᠯᠵᠤ᠂ ᠬᠤᠲᠠ ᠶᠢᠨ | ᠶᠡᠷᠦᠩᠬᠡᠶᠢᠯᠡᠭᠰᠡᠨ ᠳᠦᠬᠦᠷ ᠦᠢᠯᠡᠴᠢᠯᠡᠭᠡᠨ ᠤ ᠲᠥᠬᠦᠭᠡᠷᠦᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠪᠡ᠃ ᠭᠡᠷ | ᠭᠠᠵᠠᠷ ᠤᠨ ᠭᠦᠷᠦᠩᠭᠡ ᠶᠢ ᠨᠡᠭᠡᠭᠡᠨ ᠠᠰᠢᠭᠯᠠᠬᠤ ᠪᠠ ᠪᠠᠲᠤᠯᠠᠪᠤᠷᠢ ᠶᠢᠨ ᠴᠢᠨᠠᠷᠲᠠᠶ ᠬᠢᠮᠳᠠ ᠲᠣᠬᠢᠯᠢᠭ ᠣᠷᠣᠨ | ᠰᠠᠭᠤᠴᠠ ᠶᠢᠨ ᠢᠨᠵᠧᠨᠧᠷᠢᠩ ᠤᠨ ᠲᠠᠯ᠎ᠠ ᠪᠠᠷ᠂ ᠭᠡᠷ ᠭᠠᠵᠠᠷ ᠤᠨ ᠬᠦᠷᠦᠩᠭᠡ ᠶᠢ ᠨᠡᠭᠡᠭᠡᠨ ᠠᠰᠢᠭᠯᠠᠭᠰᠠᠨ | ᠲᠠᠯᠠᠪᠠᠢ ᠨᠢ ᠨᠡᠶᠢᠲᠡ 340 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠪᠡ᠃ 432 ᠢᠵᠢ ᠬᠢᠮᠳᠠ | ᠲᠦᠷᠢᠶᠡᠰᠦᠨ ᠭᠡᠷ᠂ 144 ᠢᠵᠢ ᠤᠯᠠᠨ ᠨᠡᠶᠢᠲᠡ ᠶᠢᠨ ᠲᠦᠷᠢᠶᠡᠰᠦᠨ ᠭᠡᠷ ᠪᠠᠷᠢᠪᠠ᠃ ᠪᠢᠳᠠ ᠪᠠᠰᠠ 23 ᠲᠦᠮᠡᠨ | ᠲᠡᠭᠰᠢ ᠳᠥᠷᠪᠡᠯᠵᠢᠨ ᠮᠧᠲᠷ ᠤᠨ ᠠᠮᠢ ᠠᠬᠤᠶ ᠶᠢᠨ ᠨᠡᠭᠦᠳᠡᠯᠴᠢᠳ ᠤᠨ ᠲᠣᠭᠤᠷᠢᠭ ᠪᠠᠶᠢᠭᠤᠯᠪᠠ᠂ ᠢᠩᠬᠢᠭᠰᠡᠨ ᠢᠶᠠᠷ | ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠦᠨᠳᠦᠰᠦᠨ ᠠᠴᠠ ᠨᠢ | ᠬᠤᠪᠢᠷᠠᠭᠤᠯᠵᠤ᠂ ᠭᠠᠮᠰᠢᠭ ᠢ ᠰᠡᠷᠭᠡᠶᠢᠯᠡᠵᠦ ᠲᠦᠭᠰᠢᠭᠦᠷᠢ ᠠᠴᠠ ᠵᠠᠶᠢᠯᠠᠬᠤ᠂ ᠠᠮᠢ ᠠᠬᠤᠶ ᠶᠢ ᠬᠠᠮᠠᠭᠠᠯᠠᠬᠤ᠂ | ᠠᠷᠠᠳ ᠢ ᠪᠠᠶᠠᠵᠢᠭᠤᠯᠵᠤ ᠠᠮᠤᠷᠵᠢᠭᠤᠯᠬᠤ ᠶᠡᠷᠦᠩᠬᠡᠶ ᠦᠷ᠎ᠡ ᠠᠰᠢᠭ ᠣᠯᠪᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠡᠳᠡᠭᠡᠷ ᠵᠢᠯ ᠤᠳ ᠲᠤ ᠣᠯᠤᠭᠰᠠᠨ ᠠᠮᠵᠢᠯᠲᠠ | ᠪᠦᠲᠦᠮᠵᠢ ᠨᠢ ᠥᠷᠭᠡᠨ ᠤᠯᠠᠨ ᠲᠦᠮᠡᠨ ᠪᠣᠯᠣᠨ ᠰᠦᠯᠵᠢᠶᠡᠨ ᠤ ᠠᠨᠳᠠ ᠨᠠᠷ ᠤᠨ ᠬᠦᠴᠦᠲᠡᠶ ᠳᠡᠮᠵᠢᠯᠭᠡ ᠠᠴᠠ | ᠰᠠᠯᠵᠤ ᠴᠢᠳᠠᠬᠤ ᠦᠭᠡᠢ ᠶᠤᠮ᠂ ᠲᠠ ᠪᠦᠬᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠳᠤ ᠮᠣᠷᠢᠯᠠᠨ | ᠰᠠᠭᠠᠲᠠᠬᠤ ᠶᠢ ᠪᠢᠳᠡ ᠪᠦᠭᠦᠳᠡᠭᠡᠷ ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ | ᠰᠠᠶ᠋ᠢ ᠸᠠᠩ ᠳᠠᠷᠤᠭ᠎ᠠ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠬᠤᠳᠠ ᠶᠢᠨ ᠪᠦᠳᠦᠭᠡᠠ | ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠤᠭᠰᠠᠨ ᠢ ᠰᠣᠨᠣᠰᠣᠭᠠᠳ ᠮᠠᠰᠢ | ᠰᠣᠨᠢᠷᠬᠠᠯᠲᠠᠶ ᠪᠠᠶᠢᠨ᠎ᠠ᠃ ᠣᠳᠣ ᠲᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠦᠵᠡᠮᠵᠢᠲᠦ | ᠡᠮᠦᠨᠡᠲᠦ ᠬᠤᠰᠢᠭᠤ ᠶᠢ ᠪᠦᠲᠦᠭᠡᠨ ᠪᠠᠶᠢᠭᠤᠯᠤᠭᠰᠠᠨ ᠲᠠᠯ᠎ᠠ ᠪᠠᠷ ᠶᠠᠮᠠᠷ ᠶᠠᠮᠠᠷ ᠠᠮᠵᠢᠯᠲᠠ ᠣᠯᠤᠭᠰᠠᠨ ᠢ | ᠲᠠᠨᠢᠯᠴᠠᠭᠤᠯᠤᠭᠠᠳ ᠦᠭᠭᠦᠨ᠎ᠡ ᠤᠤ︖ | ᠸᠠᠩ ᠹᠦ᠋ ᠱᠦᠨ᠄ | ᠬᠤᠭᠤᠴᠠᠭ᠎ᠠ ᠪᠦᠷᠢ ᠶᠢᠨ ᠤᠳᠤᠷᠢᠳᠬᠤ ᠪᠠᠭ᠂ ᠪᠦᠭᠦ ᠬᠤᠰᠢᠭᠤ ᠶᠢᠨ ᠠᠷᠠᠳ ᠲᠦᠮᠡᠨ ᠵᠢᠴᠢ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠪᠢᠳᠠᠨ ᠵᠣᠬᠢᠬᠤ ᠠᠮᠵᠢᠯᠲᠠ ᠣᠯᠤᠭᠰᠠᠨ ᠪᠠᠶᠢᠨ᠎ᠠ᠂ | ᠵᠢᠱᠢᠶᠡᠯᠡᠪᠡᠯ ︽ᠪᠦᠬᠦ ᠤᠯᠤᠰ ᠤᠨ ᠪᠣᠬᠢᠷᠲᠤᠯ ᠦᠭᠡᠢ ᠨᠡᠷᠡᠲᠦ ᠬᠤᠰᠢᠭᠤ︾ ᠶᠢᠨ ᠴᠣᠯᠠ ᠬᠦᠷᠲᠡᠪᠡ︔ | ᠬᠤᠳᠠ ᠶᠢᠨ ᠭᠤᠣᠯ ᠦᠵᠡᠮᠵᠢ ᠶᠢᠨ ᠪᠦᠰᠡ ᠶᠢᠨ ᠵᠢᠷᠤᠭ ᠲᠥᠯᠥᠪᠯᠡᠭᠡ ᠨᠢ ᠥᠪᠡᠷᠲᠡᠭᠡᠨ ᠵᠠᠰᠠᠬᠤ ᠣᠷᠣᠨ ᠤ | ᠰᠢᠯᠢᠳᠡᠭ ᠦᠵᠡᠮᠵᠢ ᠶᠢᠨ ᠵᠢᠷᠤᠭ ᠲᠥᠯᠥᠪᠯᠡᠭᠡ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠪᠡ︔ 2012 | ᠣᠨ ᠳᠤ ᠰᠢᠨ᠎ᠡ ᠰᠠᠭᠤᠴᠠ ᠶᠢᠨ ᠴᠡᠴᠡᠷᠯᠢᠭ ᠣᠶᠢᠵᠢᠭᠤᠯᠤᠯᠲᠠ ᠶᠢᠨ ᠲᠥᠷᠥᠯ ᠵᠦᠢᠯ ᠨᠢ ︽ᠥᠪᠡᠷᠲᠡᠭᠡᠨ ᠵᠠᠰᠠᠬᠤ | ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠱᠠᠩᠨᠠᠯ︾ ᠬᠦᠷᠲᠡᠪᠡ︔ | 2013 ᠣᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠴᠡᠴᠡᠷᠯᠢᠭᠲᠦ ᠰᠢᠶᠠᠨ ᠤ ᠬᠤᠲᠠ ᠪᠠᠷ ᠦᠨᠡᠯᠡᠭᠳᠡᠪᠡ︔ | 2014 ᠣᠨ ᠳᠤ ᠪᠠᠰᠠ ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠠᠯᠳᠠᠷ | ᠴᠣᠯᠠ ᠶᠢ ᠣᠯᠤᠭᠰᠠᠨ ᠪᠠᠶᠢᠨ᠎ᠠ᠃ | ᠪᠢᠳᠡ ︽ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠴᠢᠭ᠋ ᠢᠶᠠᠷ ᠪᠦᠬᠦ ᠲᠠᠯ᠎ᠠ ᠶᠢ ᠳᠠᠭᠠᠭᠤᠯᠬᠤ᠂ | ᠪᠦᠬᠦ ᠲᠠᠯ᠎ᠠ ᠪᠠᠷ ᠬᠥᠭᠵᠢᠭᠦᠯᠬᠦ︾ ᠵᠠᠮ ᠢ ᠦᠷᠭᠦᠯᠵᠢᠯᠡᠨ ᠪᠠᠷᠢᠮᠲᠠᠯᠠᠵᠤ᠂ ᠢᠯᠠᠩᠭᠤᠶ᠎ᠠ ᠰᠢᠨ᠎ᠡ ᠰᠠᠭᠤᠴᠠ ᠶᠢᠨ | ᠬᠤᠳᠠ ᠶᠢᠨ ᠲᠣᠭᠤᠷᠢᠭ᠂ ᠲᠥᠪ ᠪᠠᠯᠭᠠᠰᠤ᠂ ᠭᠤᠣᠯ ᠲᠣᠰᠬᠤᠨ ᠤ ︽ᠭᠤᠷᠪᠠ ᠶᠢ ᠨᠢᠭᠡ ᠴᠤᠭᠴᠠᠵᠢᠭᠤᠯᠬᠤ︾ | ᠪᠦᠲᠦᠭᠡᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠰᠢᠨ᠎ᠡ ᠰᠠᠭᠤᠴᠠ ᠶᠢᠨ ᠬᠤᠲᠠ ᠶᠢᠨ ᠲᠣᠭᠤᠷᠢᠭ᠂ | ᠭᠤᠣᠯᠳᠠᠯᠭ᠎ᠠ ᠲᠠᠢ ᠪᠠᠯᠭᠠᠰᠤ᠂ ᠭᠤᠣᠯ ᠲᠣᠰᠬᠤᠨ ᠢ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠭᠠᠷᠳᠠᠬᠤ | ᠴᠢᠭ᠋ ᠪᠣᠯᠭᠠᠵᠤ᠂ ᠵᠠᠮ᠂ ᠣᠶᠢᠵᠢᠭᠤᠯᠤᠯᠲᠠ᠂ ᠲᠥᠪᠯᠡᠷᠡᠭᠦᠯᠦᠨ ᠤᠰᠤ ᠬᠠᠩᠭᠠᠬᠤ᠂ ᠲᠥᠪᠯᠡᠷᠡᠭᠦᠯᠦᠨ ᠢᠯᠴᠢ | ᠬᠠᠩᠭᠠᠬᠤ᠂ ᠪᠣᠬᠢᠷ ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ ᠰᠢᠢᠳᠪᠦᠷᠢᠯᠡᠬᠦ᠂ ᠪᠠᠷᠠᠭ᠎ᠠ ᠶᠢᠨ ᠭᠦᠢᠯᠭᠡᠭᠡᠨ ᠤ | ᠬᠦᠷᠢᠶᠡᠯᠡᠩ ᠲᠣᠭᠤᠷᠢᠭ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠤᠲᠠ ᠪᠠᠯᠭᠠᠰᠤ ᠲᠡᠰᠢ ᠲᠥᠪᠯᠡᠷᠡᠭᠦᠯᠵᠦ᠂ ᠬᠤᠲᠠ | ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠵᠤ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠵᠦ᠂ ᠬᠤᠳᠠ ᠶᠢ | ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠬᠠᠮᠢᠶᠠᠷᠴᠤ᠂ ᠰᠠᠭᠤᠭᠠᠯᠢ ᠠᠷᠠᠳ ᠤᠨ ᠰᠣᠶᠣᠯ ᠤᠨ ᠬᠡᠪ ᠴᠢᠨᠠᠷ | ᠪᠣᠯᠣᠨ ᠰᠣᠶᠣᠯ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ᠂ ᠰᠤᠷᠭᠠᠨ ᠬᠥᠮᠦᠵᠢᠯ᠂ | ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠲᠦᠷᠭᠡᠳᠭᠡᠵᠦ᠂ ᠰᠣᠶᠣᠯ ᠪᠣᠯᠪᠠᠰᠤᠷᠠᠯ ᠤᠨ ᠬᠢᠷᠢ ᠬᠡᠮᠵᠢᠶ᠎ᠡ᠂ ᠬᠥᠮᠦᠨ ᠰᠤᠶᠤᠯ ᠤᠨ ᠣᠷᠴᠢᠨ | ᠲᠣᠭᠤᠷᠢᠨ᠂ ᠪᠠᠶᠢᠭᠤᠯᠤᠯ ᠤᠨ ᠲᠣᠭᠲᠠᠴᠠ ᠵᠡᠷᠭᠡ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠬᠤᠲᠠ | ᠪᠠᠯᠭᠠᠰᠤ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠬᠤᠲᠠ ᠪᠠᠯᠭᠠᠰᠤᠵᠢᠭᠤᠯᠬᠤ ᠨᠤᠷᠮ᠎ᠠ ᠶᠢᠨ ᠲᠠᠯ᠎ᠠ ᠪᠠᠷ ᠵᠢᠯ ᠪᠦᠷᠢ 1% ᠶᠢᠨ ᠬᠤᠷᠳᠤᠴᠠ ᠪᠠᠷ ᠨᠡᠮᠡᠭᠳᠡᠭᠦᠯᠵᠦ᠂ | 42% ᠳᠤ ᠬᠦᠷᠦᠭᠦᠯᠦᠨ᠎ᠡ᠃ | ᠬᠥᠲᠥᠯᠥᠭᠴᠢ᠄ | ᠸᠠᠩ ᠳᠠᠷᠤᠭ᠎ᠠ ᠡ᠂ ᠮᠠᠨ ᠤ ᠮᠡᠳᠡᠭᠡᠵᠢ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ︽8337︾ ᠬᠥᠭᠵᠢᠯᠲᠡ ᠶᠢᠨ ᠰᠡᠳᠬᠢᠴᠡ ᠶᠢ ᠳᠤᠷᠠᠳᠤᠭᠰᠠᠨ ᠠᠴᠠ ᠨᠠᠰᠢ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ ᠥᠪᠡᠷ ᠤᠨ ᠣᠨᠴᠠᠯᠢᠭ ᠲᠠᠢ ᠪᠠᠨ ᠤᠶᠠᠯᠳᠤᠭᠤᠯᠤᠨ ᠮᠠᠰᠢ ᠤᠯᠠᠨ ᠴᠢᠬᠤᠯᠠ | ᠶᠡᠭᠡ ᠲᠣᠬᠢᠷᠠᠭᠤᠯᠤᠯᠲᠠ ᠪᠠ ᠥᠭᠡᠷᠡᠴᠢᠯᠡᠯᠲᠡ ᠬᠢᠵᠡᠢ᠂ ᠦᠵᠡᠰᠬᠦᠯᠡᠩᠲᠦ ᠰᠠᠶᠢᠬᠠᠨ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠶᠢ ᠪᠠᠶᠢᠭᠤᠯᠬᠤ ᠲᠠᠯ᠎ᠠ ᠪᠠᠷ ᠬᠡᠷᠬᠢᠨ ᠪᠣᠳᠠᠲᠠᠶ ᠨᠠᠶᠢᠳᠠᠪᠤᠷᠢᠵᠢᠭᠤᠯᠤᠭᠰᠠᠨ ᠢᠶᠠᠨ | ᠲᠠᠨᠢᠯᠴᠠᠭᠤᠯᠤᠭᠠᠳ ᠥᠭᠭᠦᠨ᠎ᠡ ᠦᠦ᠃ | ᠸᠠᠩ ᠹᠦ᠋ ᠱᠦᠨ᠄ | ᠥᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠴᠡ ᠪᠠ ︽ᠲᠠᠪᠤᠨ ᠡᠷᠴᠢᠮ ᠢ | ᠴᠢᠩᠭᠠᠷᠠᠭᠤᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠳᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ | ᠬᠠᠮᠢᠶᠠᠷᠤᠯᠲᠠ ᠪᠠᠷ ᠭᠠᠵᠠᠷ ᠣᠷᠣᠨ ᠤ ᠪᠣᠳᠠᠲᠤ ᠬᠦᠴᠦᠨ ᠢᠶᠠᠨ ᠨᠡᠮᠡᠭᠳᠡᠭᠦᠯᠬᠦ᠂ ᠬᠤᠳᠠ ᠶᠢᠨ ᠳᠦᠷᠢ ᠲᠥᠷᠬᠦ ᠶᠢ | ᠰᠠᠶᠢᠵᠢᠷᠠᠭᠤᠯᠬᠤ᠂ ᠬᠤᠳᠠ ᠶᠢᠨ ᠬᠥᠮᠦᠰ ᠢ ᠨᠢᠭᠲᠠᠷᠠᠭᠤᠯᠬᠤ᠂ ᠤᠯᠠᠨ ᠲᠦᠮᠡᠨ ᠤ ᠠᠵᠠ ᠵᠢᠷᠭᠠᠯ ᠤᠨ ᠵᠢᠭᠠᠯᠲᠠ | ᠲᠤᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠵᠤ᠂ ᠰᠢᠨ᠎ᠡ ᠰᠠᠭᠤᠴᠠ ᠶᠢᠨ ᠨᠥᠯᠥᠭᠡᠯᠡᠨ ᠳᠠᠶᠢᠴᠢᠯᠠᠬᠤ | ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠪᠡ᠃ ᠨᠢᠭᠡ ᠳᠤ᠂ ᠥᠨᠳᠥᠷ ᠪᠠᠷᠢᠮᠵᠢᠶ᠎ᠠ᠂ ᠥᠨᠳᠥᠷ ᠡᠬᠢᠯᠡᠯᠲᠡ ᠪᠠᠷ | ᠵᠢᠷᠤᠭᠯᠠᠨ ᠲᠥᠯᠥᠪᠯᠡᠪᠡ᠃ ᠬᠤᠳᠠ ᠶᠢᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠠᠪᠤᠴᠠ ᠳᠤᠮᠳᠠ᠂ ᠪᠢᠳᠠ | ᠲᠤᠰᠬᠠᠶ ᠮᠡᠷᠭᠡᠵᠢᠯᠲᠡᠨ ᠢ ᠤᠷᠢᠵᠤ ᠵᠢᠯᠣᠭᠤᠳᠤᠭᠤᠯᠤᠨ᠂ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ | ᠰᠣᠨᠣᠰᠤᠭᠰᠠᠨ ᠪᠠ ᠬᠦᠯᠢᠶᠡᠨ ᠠᠪᠴᠤ᠂ ᠪᠦᠭᠦ ᠬᠤᠰᠢᠭᠤᠨ ᠤ ᠠᠵᠤ ᠠᠬᠤᠶ ᠶᠢᠨ ᠬᠥᠭᠵᠢᠯ ᠤᠨ ᠠᠯᠤᠰ ᠭᠡᠳᠤ ᠶᠢᠨ | ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠵᠤ᠂ ᠬᠠᠷᠠᠯᠲᠠᠲᠤ ᠡᠭᠦᠷᠭᠡ ᠪᠠ ᠪᠣᠳᠠᠲᠠᠶ ᠠᠷᠭ᠎ᠠ | ᠬᠡᠮᠵᠢᠶ᠎ᠡ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠲᠤᠩ ᠬᠢᠵᠠᠭᠠᠷ ᠲᠠᠢ ᠪᠡᠯᠡ ᠮᠥᠩᠭᠦ ᠶᠢᠨ ᠬᠠᠮᠤᠭ ᠤᠨ | ᠶᠡᠭᠡ ᠦᠢᠯᠡᠳᠦᠯ ᠢ ᠨᠢ ᠪᠠᠳᠠᠷᠠᠭᠤᠯᠵᠤ᠂ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢ ᠡᠩ ᠲᠡᠷᠢᠭᠦᠨ ᠳᠤ | ᠲᠣᠬᠢᠷᠠᠭᠤᠯᠤᠯᠪᠡ᠃ ᠬᠤᠶᠠᠷ ᠲᠤ᠂ ᠭᠤᠷᠪᠠᠨ ᠬᠤᠪᠢᠷᠠᠯᠲᠠ ᠶᠢ ᠦᠨᠡᠨ ᠬᠦ ᠪᠡᠶᠡᠯᠡᠭᠦᠯᠪᠡ᠃ ᠦᠵᠡᠰᠬᠦᠯᠡᠩᠲᠦ | ᠰᠠᠶᠢᠬᠠᠨ ᠬᠤᠳᠠ ᠶᠢ ᠴᠣᠭᠴᠠᠯᠠᠬᠤ ᠳᠤ᠂ ᠡᠷᠬᠡᠪᠰᠢ ᠬᠥᠮᠦᠨ ᠬᠢᠭᠡᠳ ᠪᠠᠶᠢᠭᠠᠯᠢ ᠶᠢᠨ ᠬᠤᠪᠢᠰᠤᠩᠭᠤᠶ ᠬᠠᠷᠢᠴᠠᠭ᠎ᠠ ᠶᠢ | ᠵᠥᠪ ᠢᠶᠠᠷ ᠲᠠᠨᠢᠨ ᠰᠢᠢᠳᠪᠦᠷᠢᠯᠡᠵᠦ᠂ ᠤᠤᠯ ᠤᠨ ᠨᠢᠭᠡ ᠯᠡ ᠬᠦᠭ ᠢᠶᠠᠷ ᠶᠡᠭᠡ ᠪᠠᠷ ᠪᠡᠯᠡ ᠣᠷᠣᠭᠤᠯᠬᠤ᠂ ᠶᠡᠭᠡ ᠪᠠᠷ | ᠬᠤᠷᠣᠭᠳᠠᠭᠤᠯᠬᠤ᠂ ᠶᠡᠭᠡ ᠪᠠᠷ ᠪᠣᠬᠢᠷᠲᠤᠭᠤᠯᠬᠤ᠂ ᠥᠴᠥᠬᠡᠨ ᠠᠰᠢᠭ ᠣᠯᠬᠤ ᠭᠠᠳᠠᠭᠰᠢᠯ ᠴᠢᠨᠠᠷᠲᠠᠢ ᠠᠵᠤ | ᠠᠬᠤᠶ ᠶᠢᠨ ᠨᠡᠮᠡᠭᠳᠡᠯ ᠤᠨ ᠬᠡᠪ ᠵᠠᠭᠪᠤᠷ ᠢ ᠲᠠᠶᠠᠭᠳᠠᠵᠤ᠂ ᠭᠤᠷᠪᠠᠨ ᠵᠦᠢᠯ ᠤᠨ ᠬᠤᠪᠢᠷᠠᠯᠲᠠ ᠶᠢ ᠡᠷᠬᠡᠪᠰᠢ | ᠪᠡᠶᠡᠯᠡᠭᠦᠯᠬᠦ ᠬᠡᠷᠡᠭᠲᠡᠶ᠄ ᠨᠢᠭᠡᠳᠦᠭᠡᠷ ᠲᠤ ᠬᠥᠮᠦᠨ ᠪᠠᠶᠢᠭᠠᠯᠢ ᠶᠢ ᠨᠣᠶᠠᠷᠬᠠᠬᠤ ᠬᠠᠷᠢᠴᠠᠭ᠎ᠠ ᠶᠢ ᠡᠶ᠎ᠡ ᠵᠣᠬᠢᠴᠠᠯ ᠲᠠᠢ | ᠨᠢᠭᠡᠳᠦᠯᠲᠡᠶ ᠬᠠᠮᠲᠤᠪᠠᠷ ᠣᠷᠣᠰᠢᠬᠤ ᠬᠠᠷᠢᠴᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ︔ ᠬᠤᠶᠠᠳᠤᠭᠠᠷ ᠲᠤ | ᠪᠠᠶᠢᠭᠠᠯᠢ ᠠᠴᠠ ᠳᠠᠩ ᠴᠤᠯᠭᠤᠢ ᠪᠠᠷ ᠠᠪᠴᠤ ᠪᠠᠶᠢᠭᠰᠠᠨ ᠢ ᠨᠥᠬᠦᠬᠦ ᠪᠠ ᠠᠪᠬᠤ ᠶᠢ ᠤᠶᠠᠯᠳᠤᠭᠤᠯᠬᠤ ᠪᠣᠯᠭᠠᠨ | ᠬᠤᠪᠢᠷᠠᠭᠤᠯᠬᠤ ᠬᠡᠷᠡᠭᠲᠡᠢ︔ ᠭᠤᠷᠪᠠᠳᠤᠭᠠᠷ ᠲᠤ ᠪᠠᠶᠢᠭᠠᠯᠢ ᠳᠠᠬᠢ ᠬᠥᠮᠥᠨ ᠤ ᠡᠷᠬᠡ ᠪᠠ ᠡᠭᠦᠷᠭᠡ ᠶᠢ ᠨᠢᠭᠡᠳᠦᠭᠦᠯᠬᠦ | ᠬᠡᠷᠡᠭᠲᠡᠢ᠂ ᠡᠭᠦᠨ ᠳᠤ ᠪᠠᠶᠢᠭᠠᠯᠢ ᠶᠢ ᠠᠰᠢᠭᠯᠠᠬᠤ ᠪᠠᠭᠲᠠᠬᠤ ᠮᠥᠷᠲᠡᠭᠡᠨ ᠪᠠᠶᠢᠭᠠᠯᠢ ᠶᠢ ᠬᠠᠮᠠᠭᠠᠯᠠᠬᠤ ᠪᠠᠭᠲᠠᠨ᠎ᠠ᠃ | ᠭᠠᠭᠴᠠ ᠬᠦ ᠢᠩᠭᠢᠪᠡᠯ ᠰᠠᠶ᠋ᠢ ᠬᠤᠳᠠ ᠶᠢᠨ ᠬᠢᠵᠠᠭᠠᠷ ᠲᠠᠢ ᠡᠬᠢ ᠪᠠᠶᠠᠯᠢᠭ ᠢ ᠭᠦᠢᠴᠡᠳ ᠠᠰᠢᠭᠯᠠᠬᠤ ᠪᠠ ᠬᠠᠮᠠᠭᠠᠯᠠᠵᠤ | ᠴᠢᠳᠠᠨ᠎ᠠ᠃ | ᠸᠠᠩ ᠹᠦ᠋ ᠱᠦᠨ᠄ | ᠭᠤᠷᠪᠠ ᠳᠤ᠂ ᠪᠦᠬᠦ ᠬᠦᠴᠦ ᠪᠠᠷ ᠢᠶᠠᠨ ᠬᠤᠳᠠ ᠶᠢᠨ ᠣᠨᠴᠠᠯᠢᠭ ᠪᠦᠬᠦᠢ ᠦᠵᠡᠮᠵᠢ ᠶᠢ ᠡᠭᠦᠳᠪᠡ᠃ ᠪᠢᠳᠡ | ᠤᠳᠤ ᠪᠠᠶᠢᠭ᠎ᠠ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠰᠢᠨ᠎ᠡ ᠰᠠᠭᠤᠴᠠ ᠶᠢᠨ ᠲᠣᠭᠤᠷᠢᠭ ᠢᠶᠠᠷ ᠭᠤᠣᠯ | ᠪᠣᠯᠭᠠᠵᠤ᠂ ᠤᠯᠠᠨ ᠨᠡᠶᠢᠳᠡ ᠶᠢᠨ ᠨᠣᠭᠤᠭᠠᠷᠠᠭᠤᠯᠤᠯᠲᠠ ᠪᠠᠷ ᠭᠤᠣᠯᠳᠠᠯᠭ᠎ᠠ ᠪᠣᠯᠭᠠᠵᠤ ᠪᠠᠶᠢᠭᠤᠯᠪᠠ︔ ᠭᠤᠣᠯ ᠳᠠᠭᠠᠤ | ᠵᠠᠮ ᠳᠠᠭᠠᠤ ᠶᠢᠨ ᠨᠣᠭᠤᠭᠠᠷᠠᠭᠤᠯᠤᠯᠲᠠ ᠪᠠᠷ ᠨᠢᠷᠤᠭᠤᠪᠴᠢ ᠪᠣᠯᠭᠠᠭᠰᠠᠨ︔ ᠴᠡᠴᠡᠷᠯᠢᠭ᠂ ᠨᠣᠭᠤᠭᠠᠨ ᠬᠥᠷᠥᠰᠥ᠂ | ᠠᠭᠤᠳᠠᠮ ᠲᠠᠯᠠᠪᠠᠶ ᠪᠠᠷ ᠲᠥᠪ ᠪᠣᠯᠭᠠᠪᠠ︔ ᠴᠢᠭ᠋ ᠬᠠᠪᠲᠠᠭᠠᠶ ᠶᠢ ᠤᠶᠠᠯᠳᠤᠭᠤᠯᠤᠭᠰᠠᠨ ᠬᠤᠲᠠ ᠶᠢᠨ | ᠨᠣᠭᠤᠭᠠᠷᠠᠭᠤᠯᠤᠯᠲᠠ ᠶᠢᠨ ᠰᠢᠰᠲ᠋ᠧᠮ ᠨᠢ ᠮᠠᠨ ᠤ ᠬᠤᠳᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ | ᠪᠦᠲᠦᠮᠵᠢᠲᠡᠶ ᠪᠠᠷ ᠰᠠᠶᠢᠵᠢᠷᠠᠭᠤᠯᠪᠠ᠃ ᠡᠭᠦᠨ ᠤ ᠵᠡᠷᠭᠡᠪᠡᠷ᠂ ᠬᠤᠳᠠ ᠶᠢᠨ ᠪᠠᠷᠢᠯᠭ᠎ᠠ ᠶᠢ ᠨᠢᠭᠡᠨ ᠵᠦᠢᠯ ᠤᠨ | ᠤᠷᠠᠯᠢᠭ ᠤᠨ ᠪᠦᠲᠦᠭᠡᠯ ᠢᠶᠠᠷ ᠡᠭᠦᠳᠦᠨ ᠪᠦᠲᠦᠭᠡᠵᠦ᠂ ᠳᠤᠲᠠᠭᠳᠠᠭᠤᠯᠬᠤ ᠠᠴᠠ ᠪᠢᠰᠢ ᠤᠯᠠᠳᠠᠭᠤᠯᠬᠤ ᠦᠭᠡᠢ | ᠪᠠᠶᠢᠬᠤ᠂ ᠠᠵᠢᠯ ᠳᠠᠭᠠᠨ ᠨᠠᠷᠢᠨ ᠨᠢᠮᠪᠠᠶ ᠪᠠᠶᠢᠬᠤ ᠶᠢ ᠪᠠᠷᠢᠮᠲᠠᠯᠠᠪᠠ᠂ ᠢᠩᠭᠢᠭᠰᠡᠨ ᠢᠶᠠᠷ ᠬᠤᠳᠠ ᠶᠢᠨ ᠰᠣᠶᠣᠯ ᠤᠨ | ᠣᠨᠴᠠᠯᠢᠭ ᠢ ᠳᠣᠪᠣᠶᠢᠯᠭᠠᠵᠤ᠂ ᠬᠤᠳᠠ ᠶᠢᠨ ᠠᠭᠤᠯᠤᠭᠳᠠᠬᠤᠨ ᠢ ᠠᠭᠤᠳᠠᠯᠵᠤ᠂ ᠬᠤᠳᠠ ᠶᠢᠨ ᠰᠣᠶᠣᠯ ᠤᠨ ᠬᠢᠷᠢ | ᠲᠦᠪᠰᠢᠨ ᠢ ᠳᠡᠭᠡᠭᠰᠢᠯᠡᠭᠦᠯᠪᠡ᠃ ᠲᠦᠷᠪᠡ ᠳᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃ | ᠪᠢᠳᠡ ᠤᠯᠠᠨ ᠲᠦᠮᠡᠨ ᠤ ᠬᠦᠰᠡᠯ ᠡᠷᠡᠮᠡᠯᠵᠡᠯ ᠢᠶᠠᠷ ᠴᠢᠷᠮᠠᠶᠢᠬᠤ ᠴᠢᠭᠯᠡᠯ ᠢᠶᠠᠨ ᠪᠣᠯᠭᠠᠬᠤ ᠶᠢ ᠪᠠᠷᠢᠮᠲᠠᠯᠠᠵᠤ᠂ | ᠥᠪᠡᠷ ᠤᠨ ᠭᠡᠷ ᠢᠶᠠᠨ ᠬᠠᠶᠢᠷᠠᠯᠠᠳᠠᠭ ᠰᠢᠭ ᠮᠠᠨ ᠤ ᠬᠤᠳᠠ ᠢᠶᠠᠨ ᠬᠠᠶᠢᠷᠠᠯᠠᠨ ᠬᠠᠮᠠᠭᠠᠯᠠᠪᠠ᠃ ︽ᠡᠮᠦᠨᠡᠲᠦ | ᠬᠤᠰᠢᠭᠤᠨ ᠤ ᠵᠣᠷᠢᠭ ᠰᠠᠨᠠᠭ᠎ᠠ︾ ᠪᠠᠷ ᠠᠴᠢᠶᠠᠯᠠᠪᠤᠷᠢ ᠪᠣᠯᠭᠠᠨ᠂ ᠰᠠᠭᠤᠭᠠᠯᠢ ᠠᠷᠠᠳ ᠢ ᠬᠥᠮᠥᠵᠢᠭᠦᠯᠬᠦ ᠪᠠ | ᠬᠥᠲᠥᠯᠥᠨ ᠵᠢᠯᠣᠭᠤᠳᠴᠤ ᠪᠠᠶᠢᠭᠠᠳ ᠪᠣᠬᠢᠷᠲᠤᠯ ᠦᠭᠡᠢ ᠠᠮᠢ ᠠᠬᠤᠶ ᠶᠢᠨ ᠬᠤᠲᠠ ᠶᠢ ᠴᠣᠭᠴᠠᠯᠠᠬᠤ᠂ | ᠰᠠᠭᠤᠷᠢᠰᠢᠬᠤ ᠳᠤ ᠲᠣᠬᠢᠷᠠᠮᠵᠢᠲᠠᠢ ᠠᠵᠢᠯ ᠡᠷᠬᠢᠯᠡᠬᠦ ᠳᠤ ᠲᠣᠬᠢᠷᠠᠮᠵᠢᠲᠠᠢ ᠬᠤᠲᠠ᠂ ᠵᠤᠭᠠᠴᠠᠨ ᠰᠡᠯᠡᠭᠦᠴᠡᠬᠦ | ᠬᠤᠲᠠ ᠶᠢᠨ ᠡᠩᠨᠡᠭᠡᠨ ᠳᠤ ᠤᠬᠠᠮᠰᠠᠷ ᠠᠴᠠ ᠨᠢ ᠣᠷᠣᠯᠴᠠᠭᠤᠯᠵᠤ᠂ ᠬᠤᠲᠠ ᠶᠢ ᠪᠦᠳᠦᠭᠡᠨ ᠪᠠᠶᠢᠭᠤᠯᠬᠤ᠂ ᠬᠤᠳᠠ ᠶᠢ | ᠬᠠᠮᠢᠶᠠᠷᠬᠤ᠂ ᠬᠤᠲᠠ ᠶᠢ ᠭᠤᠶᠣᠯᠠᠨ ᠵᠠᠰᠠᠬᠤ᠂ ᠬᠤᠳᠠ ᠶᠢ ᠤᠬᠠᠭᠤᠯᠬᠤ᠂ ᠬᠤᠳᠠ ᠶᠢᠨ ᠳᠦᠷᠢ ᠲᠥᠷᠬᠦ ᠶᠢ | ᠳᠡᠭᠡᠭᠰᠢᠯᠡᠭᠦᠯᠬᠦ ᠡᠭᠦᠷᠭᠡ ᠲᠤᠰᠢᠶᠠᠯ ᠬᠠᠷᠢᠭᠤᠴᠠᠯᠭ᠎ᠠ ᠶᠢ ᠬᠤᠲᠠ ᠶᠢᠨ ᠠᠷᠠᠳ ᠤᠬᠠᠮᠰᠠᠷ ᠪᠠᠨ ᠡᠭᠦᠷᠭᠡᠯᠡᠬᠦ ᠪᠣᠯᠭᠠᠵᠤ᠂ | ᠮᠠᠨ ᠤ ᠰᠢᠨ᠎ᠡ ᠰᠠᠭᠤᠴᠠ ᠶᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠬᠦᠰᠡᠯ ᠡᠷᠡᠮᠡᠯᠵᠡᠯ ᠢᠶᠠᠷ ᠪᠢᠯᠬᠠᠮ | ᠪᠣᠯᠭᠠᠪᠠ᠃ | ᠬᠥᠲᠥᠯᠥᠭᠴᠢ᠄ | ᠪᠢᠳᠡᠨ ᠤ ᠮᠡᠳᠡᠭᠡᠵᠢ ᠪᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠩᠭᠡ ᠦᠵᠡᠮᠵᠢ | ᠭᠤᠶᠣ᠂ ᠣᠷᠣᠰᠢᠨ ᠰᠠᠭᠤᠬᠤ ᠬᠤᠳᠠᠯᠳᠤᠭ᠎ᠠ ᠡᠷᠬᠢᠯᠡᠬᠦ ᠠᠵᠢᠯᠯᠠᠬᠤ ᠳᠤ ᠲᠣᠬᠢᠷᠠᠮᠵᠢᠲᠠᠶ᠂ ᠡᠳᠦᠷ ᠨᠢ ᠰᠠᠶᠢᠬᠠᠨ ᠢᠶᠠᠷ | ᠪᠠᠷᠠᠬᠤ ᠦᠭᠡᠶ᠂ ᠰᠥᠨᠢ ᠶᠢᠨ ᠦᠵᠡᠮᠵᠢ ᠴᠦ ᠭᠤᠶᠣ ᠰᠠᠶᠢᠬᠠᠨ ᠪᠦᠳᠦᠭᠡᠨ ᠪᠠᠶᠢᠭᠤᠯᠤᠭᠰᠠᠨ ᠪᠠᠶᠢᠳᠠᠭ᠂ ᠲᠠ | ᠣᠳᠣ ᠬᠤᠣᠰ ᠣᠢᠭᠡᠢ ᠰᠠᠶᠢᠬᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠡᠴᠡᠷᠯᠢᠭ | ᠨᠣᠭᠤᠭᠠᠷᠠᠭᠤᠯᠤᠯᠲᠠ ᠪᠠ ᠭᠡᠷᠡᠯᠲᠦᠭᠦᠯᠦᠭᠡ ᠶᠢᠨ ᠲᠠᠯ᠎ᠠ ᠶᠢᠨ ᠲᠤᠪᠤᠶᠢᠮ᠎ᠠ ᠠᠮᠵᠢᠯᠲᠠ ᠪᠦᠲᠦᠮᠵᠢ ᠪᠠ ᠠᠮᠵᠢᠯᠲᠠᠲᠠᠶ | ᠲᠤᠷᠰᠢᠯᠭ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖ | ᠸᠠᠩ ᠹᠦ᠋ ᠱᠦᠨ᠄ | ᠨᠣᠭᠤᠭᠠᠷᠠᠭᠤᠯᠬᠤ ᠠᠵᠢᠯ ᠤᠨ ᠲᠠᠯ᠎ᠠ ᠪᠠᠷ᠂ ᠰᠢᠨ᠎ᠡ ᠰᠠᠭᠤᠴᠠ ᠶᠢ ᠠᠩᠬ᠎ᠠ ᠪᠦᠳᠦᠭᠡᠠ ᠪᠠᠶᠢᠭᠤᠯᠬᠤ ᠦᠶ᠎ᠡ | ᠳᠤ᠂ ᠪᠢᠳᠡ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠲᠥᠯᠥᠪᠵᠢᠭᠦᠯᠭᠡ ᠶᠢᠨ ᠵᠢᠷᠤᠭ | ᠲᠥᠯᠥᠪᠯᠡᠭᠡᠨ ᠤ ᠬᠦᠷᠢᠶᠡᠯᠡᠩ ᠳᠤ ᠨᠠᠶᠢᠳᠠᠵᠤ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ | ᠰᠠᠭᠤᠴᠠ ᠶᠢᠨ ᠬᠤᠲᠠ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠰᠢᠨ᠎ᠡ | ᠰᠠᠭᠤᠴᠠ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠣᠯᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠰᠢᠨ᠎ᠡ ᠰᠠᠭᠤᠴᠠ ᠬᠤᠲᠠ ᠶᠢᠨ ︽ᠬᠥᠬᠡᠮᠳᠦᠭ ᠠᠭᠤᠯᠠ᠂ ᠲᠤᠩᠭᠠᠯᠠᠭ ᠤᠰᠤ ᠭᠡᠷᠡᠯᠲᠦ | ᠨᠠᠷᠠ ᠲᠠᠢ︾ ᠠᠭᠤᠯᠠ ᠤᠰᠤ ᠴᠡᠴᠡᠷᠯᠢᠭᠲᠦ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠲᠦᠢᠮᠣ ᠲᠥᠰᠦᠪ ᠢ | ᠵᠢᠷᠤᠭᠯᠠᠪᠠ᠃ ᠡᠭᠦᠨ ᠤ ᠵᠡᠷᠭᠡᠪᠡᠷ᠂ ᠪᠢᠳᠡ ᠬᠦᠴᠦᠨ ᠴᠢᠳᠠᠯ ᠢᠶᠠᠨ ᠰᠢᠪᠬᠠᠨ ᠰᠠᠭᠤᠷᠢᠰᠢᠯ ᠠᠵᠢᠯ ᠦᠢᠯᠡ ᠡᠷᠬᠢᠯᠡᠬᠦ | ᠳᠤ ᠲᠣᠬᠢᠷᠠᠮᠵᠢᠲᠠᠢ ᠰᠢᠨ᠎ᠡ ᠮᠠᠶ᠋ᠢᠭ ᠤᠨ ᠬᠤᠳᠠ ᠶᠢᠨ ᠲᠣᠭᠤᠷᠢᠭ ᠢ ᠴᠢᠷᠮᠠᠶᠢᠨ ᠴᠣᠭᠴᠠᠯᠠᠵᠤ᠂ ᠴᠡᠴᠡᠷᠯᠢᠭ᠂ | ᠠᠭᠤᠳᠠᠮ ᠲᠠᠯᠠᠪᠠᠶ᠂ ᠲᠣᠭᠤᠷᠢᠭ ᠠᠷᠠᠯ᠂ ᠴᠡᠴᠡᠷᠯᠢᠭ ᠢᠶᠠᠷ ᠵᠤᠭᠠᠴᠠᠬᠤ ᠭᠠᠵᠠᠷ ᠪᠣᠯᠭᠠᠭᠰᠠᠨ︔ ᠭᠤᠣᠯ ᠳᠡᠳ᠋ | ᠵᠡᠭᠡᠯᠢ ᠶᠢᠨ ᠵᠠᠮ ᠢᠶᠠᠷ ᠱᠤᠭᠤᠮ ᠪᠣᠯᠭᠠᠭᠰᠠᠨ︔ ᠪᠠᠶᠢᠭᠤᠯᠭ᠎ᠠ ᠵᠢᠴᠢ ᠣᠷᠣᠨ ᠰᠠᠭᠤᠴᠠ ᠶᠢᠨ ᠪᠠᠭ᠎ᠠ ᠲᠣᠭᠤᠷᠢᠭ ᠤᠨ | ᠬᠦᠷᠢᠶ᠎ᠡ ᠬᠠᠰᠢᠶ᠎ᠠ ᠪᠠᠷ ᠨᠢᠭᠤᠷ ᠪᠣᠯᠭᠠᠭᠰᠠᠨ ᠬᠤᠳᠠ ᠶᠢᠨ ᠶᠡᠷᠦᠩᠬᠡᠶᠢᠯᠡᠨ ᠣᠶᠢᠵᠢᠭᠤᠯᠤᠭᠰᠠᠨ ᠪᠠᠶᠢᠷᠢᠰᠢᠯ ᠢ ᠪᠤᠢ | ᠪᠣᠯᠭᠠᠪᠠ᠃ ᠡᠨᠡ ᠬᠡᠳᠦᠨ ᠵᠢᠯ ᠤᠨ ᠬᠥᠭᠵᠢᠯᠲᠡ ᠪᠠᠷ ᠳᠠᠮᠵᠢᠵᠤ᠂ ᠰᠢᠨ᠎ᠡ ᠰᠠᠭᠤᠴᠠ ᠶᠢᠨ ᠨᠣᠭᠤᠭᠠᠷᠠᠭᠤᠯᠤᠯᠲᠠ ᠶᠢᠨ | ᠶᠡᠷᠦᠩᠬᠡᠢ ᠲᠠᠯᠠᠪᠠᠶ ᠨᠢ 445 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠰᠢᠨ᠎ᠡ ᠰᠠᠭᠤᠴᠠ ᠬᠤᠳᠠ | ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠨᠢ 42.17 % ᠳᠤ ᠬᠦᠷᠴᠦ᠂ ᠤᠰᠤᠨ | ᠦᠵᠡᠮᠵᠢ ᠶᠢᠨ ᠴᠡᠴᠡᠷᠯᠢᠭ ᠵᠡᠷᠭᠡ 4 ᠲᠣᠮᠣ ᠬᠡᠯᠪᠡᠷᠢ ᠶᠢᠨ ᠴᠡᠴᠡᠷᠯᠢᠭ ᠪᠠ 9 ᠵᠢᠵᠢᠭ ᠬᠡᠯᠪᠡᠷᠢ ᠶᠢᠨ ᠵᠤᠭᠠᠴᠠᠬᠤ | ᠴᠡᠴᠡᠷᠯᠢᠭ ᠢ ᠤᠷᠢᠳ ᠬᠤᠵᠢᠳ ᠪᠠᠶᠢᠭᠤᠯᠪᠠ ᠂ ᠡᠯ᠎ᠡ ᠵᠦᠢᠯ ᠤᠨ ᠮᠣᠳᠣ 60 ᠭᠠᠷᠤᠢ ᠲᠥᠷᠥᠯ᠂ ᠡᠯ᠎ᠡ ᠲᠥᠷᠥᠯ ᠤᠨ | ᠲᠤᠷᠤᠭ ᠮᠣᠳᠣ 41 ᠲᠦᠮᠡᠨ ᠰᠠᠭᠤᠷᠢ᠂ ᠪᠣᠳᠠ ᠮᠣᠳᠣ 300 ᠲᠦᠮᠡᠨ ᠪᠤᠲᠠ᠂ ᠵᠦᠯᠭᠡ 30 ᠲᠦᠮᠡᠨ ᠲᠡᠭᠰᠢ | ᠳᠥᠷᠪᠡᠯᠵᠢᠨ ᠮᠧᠲᠷ ᠵᠠᠶᠢᠯᠠᠵᠤ ᠲᠠᠷᠢᠪᠠ᠃ | ᠭᠡᠷᠡᠯᠲᠦᠭᠦᠯᠦᠭᠡ ᠶᠢᠨ ᠲᠠᠯ᠎ᠠ ᠪᠠᠷ᠂ ᠪᠢᠳᠡ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠴᠢᠨᠠᠷᠯᠢᠭ | ᠪᠦᠲᠦᠭᠡᠨ ᠪᠠᠶᠢᠭᠤᠯᠵᠤ᠂ ᠥᠨᠳᠥᠷ ᠲᠦᠪᠰᠢᠨ ᠢᠶᠠᠷ ᠬᠠᠮᠢᠶᠠᠷᠴᠤ᠂ ᠨᠢᠭᠡ ᠪᠦᠯᠦᠭ ᠣᠬᠢ ᠰᠢᠯᠢᠳᠡᠭ ᠢᠨᠵᠧᠨᠧᠷᠢᠩ ᠢ | ᠪᠠᠶᠢᠭᠤᠯᠵᠤ᠂ ᠣᠳᠣ ᠦᠶ᠎ᠡ ᠶᠢᠨ ᠬᠤᠲᠠ ᠶᠢᠨ ᠥᠪᠡᠷᠮᠢᠴᠡ ᠲᠠᠲᠠᠬᠤ ᠬᠦᠴᠦᠨ ᠢ ᠬᠠᠷᠠᠭᠤᠯᠪᠠ᠃ ᠣᠳᠣᠬᠠᠨ ᠳᠤ᠂ | ᠮᠠᠨ ᠤ ᠰᠢᠨ᠎ᠡ ᠰᠠᠭᠤᠴᠠ ᠶᠢᠨ ᠪᠦᠬᠦᠶᠢᠯᠡ ᠨᠢᠭᠡᠴᠡ ᠶᠢᠨ ᠠᠯᠪᠠᠨ ᠠᠰᠠᠷ ᠪᠣᠯᠤᠨ ᠵᠡᠭᠡᠯᠢ ᠳᠠᠭᠠᠤ ᠠᠵᠤ ᠠᠬᠤᠶᠢᠯᠠᠯ᠂ | ᠬᠤᠳᠠᠯᠳᠤᠭ᠎ᠠ᠂ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠳᠡᠯᠭᠡᠭᠦᠷ ᠢ ᠪᠦᠭᠦᠳᠡ ᠶᠢ ᠭᠡᠷᠡᠯᠲᠦᠭᠦᠯᠬᠦ ᠶᠢ | ᠪᠡᠶᠡᠯᠡᠭᠦᠯᠪᠡ᠃ ᠬᠤᠲᠠ ᠲᠣᠭᠤᠷᠢᠭ ᠤᠨ ᠪᠠᠶᠢᠭᠤᠯᠤᠭᠰᠠᠨ ᠪᠤᠶ ᠪᠦᠬᠦᠢ ᠵᠠᠮ ᠳᠡᠭᠡᠷ᠎ᠡ ᠴᠥᠮ ᠵᠠᠮ ᠤᠨ ᠳ᠋ᠧᠩ | ᠤᠭᠰᠠᠷᠠᠵᠤ᠂ ᠭᠡᠷᠡᠯᠲᠦᠭᠦᠯᠦᠭᠡ ᠶᠢᠨ ᠵᠠᠮ ᠤᠨ ᠪᠦᠬᠦ ᠣᠷᠳᠣ ᠨᠢ 67 ᠲᠦᠮᠡᠨ ᠺᠢᠯᠣᠮᠧᠲᠷ ᠲᠤ ᠬᠦᠷᠪᠡ᠃ ᠪᠢᠳᠡ | ᠪᠠᠰᠠ ᠪᠦᠬᠦ ᠴᠡᠴᠡᠷᠯᠢᠭ᠂ ᠪᠠᠭ᠎ᠠ ᠴᠡᠴᠡᠷᠯᠢᠭ᠂ ᠠᠭᠤᠳᠠᠮ ᠲᠠᠯᠠᠪᠠᠶ᠂ ᠮᠤᠷᠤᠢ ᠵᠠᠮ ᠳᠡᠭᠡᠷ᠎ᠡ ᠬᠡᠯᠬᠢᠶᠡᠲᠦ ᠲᠣᠮᠣ ᠳ᠋ᠧᠩ᠂ | ᠦᠵᠡᠮᠵᠢ ᠶᠢᠨ ᠴᠢᠯᠠᠭᠤ᠂ ᠮᠣᠳᠣᠨ ᠴᠥᠭᠦᠷᠥᠮ ᠤᠨ ᠳ᠋ᠧᠩ ᠪᠠ ᠡᠯ᠎ᠡ ᠵᠦᠢᠯ ᠤᠨ ᠳᠦᠷᠰᠦ ᠪᠦᠲᠦᠭᠡᠯᠲᠡ ᠶᠢᠨ | ᠳ᠋ᠧᠩ ᠢ ᠤᠭᠰᠠᠷᠠᠵᠤ ᠬᠤᠳᠠ ᠶᠢᠨ ᠷᠣᠮᠠᠨᠲ᠋ᠢᠭ ᠰᠡᠳᠬᠢᠯᠭᠡ ᠶᠢ ᠢᠯᠡᠷᠡᠭᠦᠯᠪᠡ᠃ | ᠬᠥᠲᠥᠯᠥᠭᠴᠢ᠄ | ᠦᠵᠡᠬᠦ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠦᠨᠡᠬᠡᠷ ᠥᠩᠭᠡ ᠦᠵᠡᠮᠵᠢ | ᠦᠵᠡᠰᠬᠦᠯᠡᠩᠲᠦ ᠰᠠᠶᠢᠬᠠᠨ ᠪᠣᠯᠣᠭᠰᠠᠨ ᠪᠠᠶᠢᠨ᠎ᠠ᠃ ᠸᠠᠩ ᠳᠠᠷᠤᠭ᠎ᠠ ᠡ ᠮᠢᠨᠦ ᠣᠶᠢᠯᠠᠭᠠᠭᠰᠠᠨ ᠢᠶᠠᠷ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ ᠨᠢ ᠪᠦᠬᠦᠯᠢ ᠴᠣᠭᠴᠠ ᠶᠢᠨ ᠭᠤᠶᠣ ᠰᠠᠶᠢᠬᠠᠨ ᠣᠷᠴᠢᠨ ᠨᠥᠬᠦᠴᠡᠯ ᠢ | ᠴᠢᠷᠮᠠᠶᠢᠨ ᠪᠣᠢ ᠪᠣᠯᠭᠠᠭᠰᠠᠨ ᠢᠶᠠᠷ ᠪᠠᠷᠠᠬᠤ ᠦᠭᠡᠢ ᠨᠡᠩ ᠴᠤ ᠴᠡᠴᠡᠷᠯᠢᠭ ᠤᠨ ᠰᠡᠯᠡᠭᠦᠴᠡᠬᠦ ᠲᠣᠭᠤᠷᠢᠭ ᠢ ᠭᠤᠶᠢᠳᠠ | ᠰᠠᠶᠢᠬᠠᠨ ᠪᠦᠲᠦᠭᠡᠨ ᠪᠠᠶᠢᠭᠤᠯᠵᠠᠢ᠂ ᠡᠨᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠶᠠᠨ | ᠲᠠᠨᠢᠯᠴᠠᠭᠤᠯᠤᠭᠠᠳ ᠥᠭᠭᠦᠨ᠎ᠡ ᠦᠦ︖ | ᠸᠠᠩ ᠹᠦ᠋ ᠱᠦᠨ᠄ | ᠰᠢᠨ᠎ᠡ ᠰᠠᠭᠤᠴᠠ ᠶᠢᠨ ᠪᠦᠬᠦᠯᠢ ᠴᠣᠭᠴᠠ ᠶᠢᠨ ᠣᠷᠴᠢᠨ ᠲᠣᠭᠤᠷᠢᠨ ᠢ ᠨᠣᠭᠤᠭᠠᠷᠠᠭᠤᠯᠬᠤ ᠶᠢ ᠰᠠᠶᠢᠲᠤᠷ | ᠬᠢᠭᠰᠡᠨ ᠤᠷᠢᠲᠠᠯ ᠳᠣᠣᠷ᠎ᠠ᠂ ᠪᠢᠳᠡ ᠰᠣᠳᠣᠨ ᠢᠨᠵᠧᠨᠧᠷᠢᠩ ᠢ ᠰᠠᠶᠢᠲᠤᠷ ᠬᠢᠬᠦ ᠶᠢ ᠨᠡᠩ ᠴᠢᠬᠤᠯᠠᠴᠢᠯᠠᠵᠤ᠂ ᠵᠢᠵᠢᠭ | ᠰᠠᠵᠢᠭ ᠲᠠᠯ᠎ᠠ ᠪᠠᠷ ᠴᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠳᠡᠰ ᠤᠨ ᠲᠦᠪᠰᠢᠨ ᠢ ᠬᠠᠷᠠᠭᠤᠯᠪᠠ᠃ | ᠤᠷᠢᠳ ᠬᠤᠵᠢᠳ ᠲᠤᠮᠤ ᠬᠡᠯᠪᠡᠷᠢ ᠶᠢᠨ ᠴᠡᠴᠡᠷᠯᠢᠭ 4 ᠰᠠᠭᠤᠷᠢ᠂ ᠲᠤᠬᠠᠶᠢᠯᠠᠪᠠᠯ ᠠᠷᠤ ᠶᠢᠨ ᠠᠭᠤᠯᠠ ᠶᠢᠨ | ᠤᠷᠭᠤᠮᠠᠯ ᠤᠨ ᠬᠦᠷᠢᠶᠡᠯᠡᠩ᠂ ᠤᠰᠦᠠ ᠦᠵᠡᠮᠵᠢ ᠶᠢᠨ ᠴᠡᠴᠡᠷᠯᠢᠭ᠂ ᠬᠤᠷᠴᠢᠨ ᠴᠡᠴᠡᠷᠯᠢᠭ ᠪᠠ ᠲᠠᠶᠢᠨᠢᠩ | ᠵᠡᠭᠡᠯᠢ ᠶᠢᠨ ᠲᠥᠪ ᠴᠡᠴᠡᠷᠯᠢᠭ ᠢ ᠪᠠᠶᠢᠭᠤᠯᠵᠤ᠂ ᠲᠣᠮᠣ ᠬᠡᠯᠪᠡᠷᠢ ᠶᠢᠨ ᠬᠤᠷᠴᠢᠨ ᠠᠭᠤᠳᠠᠮ ᠲᠠᠯᠠᠪᠠᠢ ᠶᠢ ᠪᠠᠶᠢᠭᠤᠯᠵᠤ᠂ | ᠵᠤᠭᠠᠴᠠᠯ ᠴᠡᠴᠡᠷᠯᠢᠭ 9 ᠰᠠᠭᠤᠷᠢ ᠶᠢ ᠪᠠᠶᠢᠭᠤᠯᠵᠤ᠂ ᠰᠠᠷᠠᠪᠴᠢ᠂ ᠬᠤᠨᠭ᠍ᠬᠢᠯ ᠵᠠᠮ᠂ ᠬᠥᠭᠦᠷᠭᠡ᠂ ᠲᠠᠪᠴᠠᠩ ᠵᠣᠬᠢᠶᠠᠮᠠᠯ | ᠠᠷᠠᠯ᠂ ᠱᠤᠭᠤᠮᠠᠯ ᠵᠡᠷᠭᠡ ᠦᠵᠡᠮᠵᠢ ᠬᠢᠭᠡᠳ ᠰᠡᠯᠡᠭᠦᠴᠡᠯ᠂ ᠪᠡᠶ᠎ᠡ ᠴᠢᠭᠢᠷᠠᠭᠵᠢᠭᠤᠯᠬᠤ ᠵᠡᠷᠭᠡ ᠲᠥᠬᠦᠭᠡᠷᠦᠮᠵᠢ ᠶᠢ | ᠲᠣᠬᠢᠷᠠᠭᠤᠯᠪᠠ᠃ ᠴᠡᠴᠡᠷᠯᠢᠭ᠂ ᠵᠤᠭᠠᠴᠠᠯ ᠬᠦᠷᠢᠶᠡᠯᠡᠩ ᠢ ᠨᠣᠭᠤᠭᠠᠷᠠᠭᠤᠯᠬᠤ ᠳᠤᠮᠳᠠ᠂ ᠰᠣᠨᠢᠨ ᠬᠡᠯᠪᠡᠷᠢᠲᠦ ᠮᠣᠳᠣ᠂ | ᠵᠢᠮᠢᠰ ᠤᠨ ᠮᠣᠳᠣ᠂ ᠦᠵᠡᠮᠵᠢ ᠶᠢᠨ ᠮᠣᠳᠣ ᠵᠡᠷᠭᠡ 50 ᠭᠠᠷᠤᠢ ᠵᠦᠢᠯ ᠤᠨ ᠮᠣᠳᠣ ᠶᠢ ᠭᠤᠣᠯᠳᠠᠯᠭ᠎ᠠ ᠲᠠᠢ | ᠰᠣᠩᠭᠤᠨ ᠬᠡᠷᠡᠭᠯᠡᠵᠦ᠂ ᠰᠢᠨ᠎ᠡ ᠰᠠᠭᠤᠴᠠ ᠶᠢᠨ ᠨᠣᠭᠤᠭᠠᠷᠠᠭᠤᠯᠤᠯᠲᠠ ᠶᠢ ᠬᠠᠪᠤᠷ ᠨᠠᠪᠴᠢᠲᠤ ᠦᠵᠡᠮᠵᠢ ᠰᠣᠨᠢᠷᠬᠠᠬᠤ᠂ | ᠵᠤᠨ ᠴᠡᠴᠡᠭ ᠬᠤᠸᠠᠷ ᠰᠣᠨᠢᠷᠬᠠᠬᠤ᠂ ᠨᠠᠮᠤᠷ ᠠᠯᠢᠮ᠎ᠠ ᠵᠢᠮᠢᠰ ᠠᠮᠲᠠᠯᠠᠬᠤ᠂ ᠡᠪᠦᠯ ᠴᠠᠰᠤᠲᠤ ᠨᠠᠷᠠᠰᠤ ᠰᠣᠨᠢᠷᠬᠠᠬᠤ | ᠦᠷ᠎ᠡ ᠪᠦᠲᠦᠮᠵᠢ ᠳᠤ ᠬᠦᠷᠦᠭᠦᠯᠪᠡ᠃ ᠰᠢᠨ᠎ᠡ ᠰᠠᠭᠤᠴᠠ ᠪᠠᠷ ᠥᠩᠭᠡᠷᠡᠬᠦ ᠤᠶᠢᠯᠠᠷ ᠭᠤᠣᠯ᠂ ᠤᠳᠠᠨ ᠭᠤᠣᠯ ᠤᠨ | ᠡᠮᠦᠨ᠎ᠡ ᠬᠤᠶᠢᠨᠠᠬᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠶᠠᠷ ᠡᠷᠭᠢ ᠶᠢᠨ ᠵᠤᠭᠠᠴᠠᠯ ᠤᠨ ᠬᠦᠷᠢᠶᠡᠯᠡᠩ ᠪᠣᠯᠤᠨ | ᠤᠰᠤᠨ ᠦᠵᠡᠮᠵᠢ ᠶᠢᠨ ᠴᠡᠴᠡᠷᠯᠢᠭ ᠬᠠᠷᠢᠯᠴᠠᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠣᠰᠣᠨ ᠰᠢᠰᠲ᠋ᠧᠮ ᠳᠠᠭᠠᠤ | ᠴᠡᠴᠡᠷᠯᠢᠭ ᠤᠨ ᠦᠵᠡᠮᠵᠢᠲᠦ ᠪᠦᠰᠡ ᠶᠢ ᠪᠦᠷᠢᠯᠳᠦᠭᠦᠯᠪᠡ᠃ | ᠬᠥᠲᠥᠯᠥᠭᠴᠢ᠄ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠤᠯ ᠲᠡᠷᠡ ᠴᠢᠭ ᠢᠶᠠᠷ ᠢᠶᠠᠨ ᠲᠤᠮᠤ ᠴᠡᠴᠡᠷᠯᠢᠭ ᠪᠤᠯᠬᠤ | ᠪᠦᠭᠡᠳ ᠦᠨᠡᠬᠡᠷ ᠭᠤᠶᠢᠲᠠ ᠰᠠᠶᠢᠬᠠᠨ ᠡᠮᠦᠨᠡᠲᠦ ᠬᠤᠰᠢᠭᠤ ᠪᠠᠶᠢᠨ᠎ᠠ᠃ ᠲᠡᠭᠡᠪᠡᠯ ᠬᠤᠳᠠ ᠶᠢ ᠲᠦᠯᠦᠪᠵᠢᠭᠦᠯᠦᠨ | ᠪᠦᠲᠦᠭᠡᠨ ᠪᠠᠶᠢᠭᠤᠯᠬᠤ ᠲᠠᠯ᠎ᠠ ᠪᠠᠷ ᠭᠤᠣᠯᠳᠠᠭᠤ ᠶᠠᠮᠠᠷ ᠶᠠᠮᠠᠷ ᠠᠵᠢᠯ ᠬᠢᠭᠰᠡᠨ ᠪᠤᠢ︖ | ᠸᠠᠩ ᠹᠦ᠋ ᠱᠦᠨ᠄ | ᠦᠨᠡᠨ ᠳᠡᠭᠡᠨ ᠪᠢᠳᠡ ᠣᠷᠣᠨ ᠪᠦᠰᠡ ᠶᠢᠨ ᠲᠥᠪ ᠬᠤᠳᠠ ᠶᠢ ᠴᠤᠭᠴᠠᠯᠠᠨ ᠪᠠᠶᠢᠭᠤᠯᠬᠤ ᠳᠤ᠂ ᠡᠮᠦᠨᠡᠲᠦ | ᠬᠤᠰᠢᠭᠤᠨ ᠤ ᠰᠢᠨ᠎ᠡ ᠰᠠᠭᠤᠴᠠ ᠶᠢᠨ ᠶᠡᠷᠦᠩᠬᠡᠶᠢᠯᠡᠭᠰᠡᠨ ᠳᠠᠭᠠᠭᠠᠴᠠ ᠬᠦᠴᠦᠨ᠂ ᠰᠢᠩᠭᠡᠭᠡᠨ ᠪᠠᠭᠲᠠᠭᠠᠬᠤ ᠬᠦᠴᠦᠨ᠂ | ᠳᠠᠶᠢᠴᠢᠯᠠᠬᠤ ᠬᠦᠴᠦᠨ ᠪᠠ ᠨᠥᠯᠥᠭᠡᠯᠡᠬᠦ ᠬᠦᠴᠦᠨ ᠢ ᠭᠦᠢᠴᠡᠳ ᠪᠠᠳᠠᠷᠠᠭᠤᠯᠤᠭᠰᠠᠨ ᠶᠤᠮ᠃ | ᠡᠩ ᠲᠡᠷᠢᠭᠦᠨ ᠳᠤ᠂ ᠲᠥᠯᠥᠪᠵᠢᠭᠦᠯᠭᠡ ᠪᠠᠨ ᠰᠠᠶᠢᠲᠤᠷ ᠬᠢᠵᠦ ᠬᠥᠲᠥᠯᠥᠨ ᠵᠢᠯᠤᠭᠤᠳᠪᠠ᠃ ᠤᠢᠢᠷ᠎ᠠ ᠶᠢᠨ | ᠵᠢᠯ ᠤᠳ ᠲᠤ᠂ ᠪᠢᠳᠡ ᠬᠤᠲᠠ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠠ ᠡᠵᠡᠮᠰᠢᠯ ᠤᠨ ᠴᠢᠨᠠᠷᠲᠠᠢ | ᠨᠠᠷᠢᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠬᠤᠳᠠ ᠶᠢᠨ ᠭᠤᠣᠯ ᠵᠠᠮ ᠤᠨ ᠵᠢᠷᠤᠭ ᠲᠥᠯᠥᠪᠯᠡᠭᠡ ᠪᠠ | ᠦᠵᠡᠮᠵᠢ ᠶᠢᠨ ᠵᠢᠷᠤᠭ ᠲᠥᠯᠥᠪᠯᠡᠭᠡ ᠶᠢ ᠪᠡᠶᠡᠯᠡᠭᠦᠯᠵᠦ᠂ ᠬᠤᠲᠠ ᠶᠢᠨ ᠲᠤᠭᠤᠷᠢᠭ ᠤᠨ 30 ᠲᠡᠭᠰᠢ ᠳᠥᠷᠪᠡᠯᠵᠢᠨ | ᠺᠢᠯᠣᠮᠧᠲᠷ ᠬᠡᠪᠴᠢᠶᠡᠨ ᠳᠠᠬᠢ ᠬᠤᠳᠠᠯᠳᠤᠭ᠎ᠠ᠂ ᠤᠳᠬ᠎ᠠ ᠤᠷᠠᠯᠢᠭ ᠪᠡᠶ᠎ᠡ ᠶᠢᠨ ᠲᠠᠮᠢᠷ᠂ ᠵᠤᠭ᠎ᠠ ᠴᠡᠩᠭᠡᠯ᠂ ᠰᠤᠷᠭᠠᠨ | ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠢ | ᠲᠣᠬᠢᠷᠠᠭᠤᠯᠬᠤ ᠬᠡᠪᠴᠢᠶ᠎ᠡ᠂ ᠬᠡᠷᠡᠭᠯᠡᠬᠦ ᠭᠠᠵᠠᠷ ᠤᠨ ᠣᠷᠣᠨ ᠪᠠᠶᠢᠷᠢ ᠵᠡᠷᠭᠡ ᠳᠤ ᠴᠦᠮ ᠲᠣᠳᠣᠷᠬᠠᠶ ᠱᠠᠭᠠᠷᠳᠠᠯᠭ᠎ᠠ | ᠲᠤᠷᠠᠳᠴᠤ᠂ ᠬᠤᠲᠠ ᠶᠢᠨ ᠭᠤᠷᠪᠠᠳᠤᠭᠠᠷ ᠠᠵᠤ ᠦᠢᠯᠡᠰ ᠢ ᠬᠥᠭᠵᠢᠭᠦᠯᠬᠦ ᠳᠤ ᠨᠡᠯᠢᠶᠡᠳ ᠰᠠᠶᠢᠨ ᠬᠥᠲᠥᠯᠥᠨ | ᠵᠢᠯᠣᠭᠤᠳᠬᠤ ᠦᠢᠯᠡᠳᠦᠯ ᠦᠵᠡᠭᠦᠯᠪᠡ᠃ | ᠲᠠᠷᠠᠭ᠎ᠠ ᠳᠤᠨᠢ᠂ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ ᠰᠠᠶᠢᠲᠤᠷ ᠬᠢᠪᠡ᠃ ᠪᠢᠳᠡ | ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ ᠶᠡᠬᠡᠪᠡᠷ ᠲᠦᠯᠬᠢᠨ | ᠠᠬᠢᠭᠤᠯᠬᠤ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠴᠢᠬᠤᠯᠠ ᠠᠴᠠ ᠴᠢᠬᠤᠯᠠ ᠶᠠᠪᠤᠳᠠᠯ ᠪᠤᠯᠭᠠᠨ | ᠠᠳᠬᠤᠵᠤ᠂ ︽ᠬᠠᠮᠤᠭ ᠤᠨ ᠶᠡᠭᠡ ᠶᠢ ᠬᠦᠰᠡᠬᠦ ᠪᠢᠰᠢ᠂ ᠬᠠᠷᠢᠨ ᠬᠠᠮᠤᠭ ᠤᠨ ᠰᠠᠶᠢᠨ ᠢ ᠱᠠᠭᠠᠷᠳᠠᠬᠤ︾ | ᠱᠠᠭᠠᠷᠳᠠᠯᠭ᠎ᠠ ᠶᠤᠰᠤᠭᠠᠷ᠂ ᠤᠷᠢᠳ ᠬᠤᠵᠢᠳ ᠰᠢᠩ ᠺᠧ᠂ ᠢᠦᠢ ᠺᠧ᠂ ᠪᠢ ᠭᠦᠢ ᠶᠤᠸᠠᠨ ᠵᠡᠷᠭᠡ ᠲᠤᠮᠤ | ᠬᠡᠯᠪᠡᠷᠢ ᠶᠢᠨ ᠪᠠᠭ᠎ᠠ ᠲᠣᠭᠤᠷᠢᠭ ᠢ ᠡᠮᠦᠨᠡᠲᠦ ᠬᠤᠰᠢᠭᠤᠨ ᠳᠤ ᠣᠷᠣᠭᠤᠯᠤᠨ ᠠᠪᠴᠢᠷᠠᠵᠤ᠂ ᠰᠢᠨ᠎ᠡ ᠰᠠᠭᠤᠴᠠ ᠶᠢᠨ | ᠭᠡᠷ ᠭᠠᠵᠠᠷ ᠬᠦᠷᠦᠩᠭᠡ ᠶᠢᠨ ᠦᠢᠯᠡᠰ ᠤᠨ ᠨᠢᠰᠬᠦ ᠮᠡᠲᠦ ᠲᠦᠷᠭᠡᠨ ᠬᠦᠭᠵᠢᠬᠦ ᠳᠤ ᠰᠠᠭᠤᠷᠢ ᠲᠠᠯᠪᠢᠵᠤ ᠥᠭᠭᠦᠭᠰᠡᠨ | ᠪᠠᠶᠢᠨ᠎ᠠ᠃ | ᠭᠤᠷᠪᠠ ᠳᠤ᠂ ᠣᠷᠴᠢᠨ ᠠᠬᠤᠶ ᠶᠢᠨ ᠳᠠᠪᠠᠭᠤᠯᠢᠭ ᠢ ᠪᠠᠳᠠᠷᠠᠭᠤᠯᠪᠠ᠃ ᠮᠠᠨ ᠤ ᠬᠤᠰᠢᠭᠤᠨ ᠤ ᠳᠠᠪᠠᠭᠤᠯᠢᠭ | ᠲᠠᠯ᠎ᠠ ᠨᠢ ᠪᠠᠶᠢᠭᠠᠯᠢ ᠶᠢᠨ ᠣᠷᠴᠢᠨ ᠲᠣᠭᠤᠷᠢᠨ ᠤ ᠲᠠᠯ᠎ᠠ ᠪᠠᠷ ᠳᠤᠪᠤᠶᠢᠮ᠎ᠠ ᠪᠠᠶᠢᠳᠠᠭ᠂ ᠬᠡᠳᠦ᠋ᠢᠪᠡᠷ ᠲᠤᠬᠠᠶ ᠶᠢᠨ | ᠦᠶ᠎ᠡ ᠳᠤ ᠤᠯᠠᠨ ᠨᠡᠶᠢᠲᠡ ᠶᠢᠨ ᠦᠢᠯᠡᠴᠢᠯᠡᠭᠡ᠂ ᠬᠤᠳᠠᠯᠳᠤᠭᠠᠨ ᠤ ᠣᠷᠴᠢᠨ ᠨᠥᠬᠦᠴᠡᠯ ᠵᠡᠷᠭᠡ ᠮᠠᠰᠢ ᠤᠯᠠᠨ | ᠲᠠᠯ᠎ᠠ ᠪᠠᠷ ᠤᠯᠠᠭᠠᠨᠬᠤᠲᠠ ᠲᠠᠢ ᠠᠳᠠᠯᠢᠳᠬᠠᠬᠤ ᠶᠢᠨ ᠠᠷᠭ᠎ᠠ ᠦᠭᠡᠢ ᠪᠠᠶᠢᠭᠰᠠᠨ ᠪᠤᠯᠪᠠᠴᠤ ᠵᠠᠮ ᠬᠠᠷᠢᠯᠴᠠᠭ᠎ᠠ᠂ | ᠨᠣᠭᠤᠭᠠᠷᠠᠭᠤᠯᠤᠯᠲᠠ᠂ ᠬᠥᠭᠵᠢᠯᠲᠡ ᠶᠢᠨ ᠣᠷᠣᠨ ᠵᠠᠶ ᠂ ᠠᠭᠠᠷ ᠮᠠᠨᠳᠠᠯ ᠤᠨ ᠶᠠᠰᠤ ᠴᠢᠨᠠᠷ ᠵᠡᠷᠭᠡ ᠲᠠᠯ᠎ᠠ ᠪᠠᠷ | ᠥᠪᠡᠷᠮᠢᠴᠡ ᠳᠠᠪᠠᠭᠤᠯᠢᠭ ᠲᠠᠯ᠎ᠠ ᠲᠠᠢ ᠪᠠᠶᠢᠵᠤ᠂ ᠬᠥᠮᠦᠰ ᠤᠨ ᠠᠵᠢᠯ ᠠᠮᠢᠳᠤᠷᠠᠯ ᠳᠤ ᠮᠠᠰᠢ ᠲᠣᠬᠢᠷᠠᠮᠵᠢᠲᠠᠶ | ᠪᠠᠶᠢᠭᠰᠠᠨ ᠶᠤᠮ᠃ ᠡᠶᠢᠮᠦ ᠠᠴᠠ᠂ ᠪᠢᠳᠡ ᠰᠢᠨ᠎ᠡ ᠰᠠᠭᠤᠴᠠ ᠪᠠᠨ ᠪᠠᠶᠢᠭᠠᠯᠢ ᠶᠢᠨ ᠣᠷᠴᠢᠨ ᠲᠣᠭᠤᠷᠢᠨ ᠲᠠᠭᠠᠲᠠᠶ | ᠠᠭᠤᠯᠠ ᠤᠰᠤ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠲᠦᠷᠦᠯ ᠤᠨ ᠰᠢᠨ᠎ᠡ ᠬᠤᠲᠠ ᠪᠤᠯᠭᠠᠨ ᠪᠠᠶᠢᠭᠤᠯᠵᠤ᠂ | ᠬᠥᠮᠦᠨ ᠠᠮᠠ ᠶᠢ ᠲᠦᠪᠯᠡᠷᠡᠭᠦᠯᠦᠯ ᠪᠠ ᠭᠡᠷ ᠭᠠᠵᠠᠷ ᠬᠥᠷᠤᠩᠭᠡ ᠶᠢᠨ ᠬᠦᠭᠵᠢᠯᠲᠡ ᠶᠢ ᠤᠯᠠᠮ ᠨᠢᠭᠡ ᠠᠯᠬᠤᠮ | ᠠᠬᠢᠭᠤᠯᠪᠠ᠃ | ᠢᠯᠠᠩᠭᠤᠶ᠎ᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ | ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠪᠠ ᠠᠮᠢ ᠠᠬᠤᠶ ᠶᠢᠨ ᠨᠡᠭᠦᠳᠡᠯ ᠠᠷᠠᠳ ᠤᠨ ᠪᠠᠭ᠎ᠠ | ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠴᠢᠬᠤᠯᠠᠴᠢᠯᠠᠪᠠ᠃ ᠮᠠᠨ ᠤ ᠬᠤᠰᠢᠭᠤ ᠢᠮᠠᠭᠲᠠ ᠮᠠᠯᠵᠢᠬᠤ | ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ᠂ ᠨᠡᠶᠢᠭᠡᠮ ᠵᠢᠷᠤᠮᠲᠤ ᠰᠢᠨ᠎ᠡ ᠲᠠᠷᠢᠶᠠᠯᠠᠬᠤ ᠲᠣᠰᠬᠤᠨ ᠰᠢᠨ᠎ᠡ ᠮᠠᠯᠵᠢᠬᠤ ᠣᠷᠣᠨ ᠤ | ᠪᠥᠳᠥᠭᠡᠨ ᠪᠠᠶᠢᠭᠤᠯᠤᠯᠲᠠ ᠶᠢ ᠲᠦᠷᠭᠡᠳᠬᠡᠬᠦ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ | ᠠᠳᠬᠤᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠦᠨ᠂ ᠣᠷᠣᠭᠤᠯᠤᠯᠲᠠ ᠪᠠᠨ ᠨᠡᠮᠡᠭᠳᠡᠭᠦᠯᠵᠦ᠂ ᠭᠤᠣᠯᠳᠠᠯᠭ᠎ᠠ ᠲᠠᠢ ᠰᠢᠪᠲᠤᠯᠵᠤ᠂ | ᠮᠠᠨ ᠤ ᠬᠤᠰᠢᠭᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠠᠵᠢᠯ ᠱᠠᠲᠤ ᠦᠶ᠎ᠡ ᠶᠢᠨ ᠴᠢᠨᠠᠷᠲᠠᠶ | ᠦᠷ᠎ᠡ ᠪᠦᠲᠦᠭᠡᠯ ᠤᠯᠵᠠᠢ᠃ 2009 - 2014 ᠤᠨ ᠳᠤ ᠨᠡᠶᠢᠲᠡ 15300 ᠡᠷᠦᠬᠡ ᠨᠤᠷᠠᠬᠤ ᠠᠶᠤᠯᠲᠠᠶ ᠭᠡᠷ | ᠪᠠᠶᠢᠰᠢᠩ ᠢ ᠥᠭᠡᠷᠡᠴᠢᠯᠡᠬᠦ ᠶᠢ ᠪᠡᠶᠡᠯᠡᠭᠦᠯᠵᠦ᠂ ᠢᠯᠠᠩᠭᠤᠶ᠎ᠠ 2015 ᠣᠨ ᠳᠤ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠬᠦ ᠭᠦᠢᠴᠡᠳᠬᠡᠯ ᠲᠤᠭ᠎ᠠ ᠦᠭᠡᠢ ᠪᠠᠶᠢᠳᠠᠯ ᠳᠣᠣᠷ᠎ᠠ᠂ ᠮᠠᠨ ᠤ ᠬᠤᠰᠢᠭᠤ ᠠᠷᠪᠠ ᠶᠢ ᠪᠦᠷᠢᠨ ᠪᠦᠷᠬᠦᠭᠦᠯᠬᠦ | ᠢᠨᠵᠧᠨᠧᠷᠢᠩ ᠲᠠᠢ ᠤᠶᠠᠯᠳᠤᠭᠤᠯᠤᠨ 5814 ᠡᠷᠦᠬᠡ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠶᠢ | ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠨ | ᠰᠠᠭᠤᠴᠠ ᠶᠢᠨ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ | ᠬᠤᠳᠠ ᠪᠠᠯᠭᠠᠰᠤᠴᠢᠯᠠᠬᠤ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠬᠤᠳᠠ ᠪᠠᠯᠭᠠᠰᠤᠴᠢᠯᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠨ᠂ ᠮᠠᠯᠴᠢᠨ | ᠲᠠᠷᠢᠶᠠᠴᠢᠳ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠶᠢᠨ ᠲᠦᠯᠦᠭᠡ᠂ ᠪᠢᠳᠡ 2012 | ᠣᠨ ᠳᠤ 23 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠠᠮᠢ ᠠᠬᠤᠶ ᠶᠢᠨ ᠠᠷᠠᠳ ᠢ ᠨᠡᠭᠦᠯᠭᠡᠬᠦ ᠪᠠᠭ᠎ᠠ | ᠲᠣᠭᠤᠷᠢᠭ ᠪᠠᠶᠢᠭᠤᠯᠪᠠ᠃ ᠪᠠᠭ᠎ᠠ ᠲᠣᠭᠤᠷᠢᠭ ᠤᠨ ᠲᠥᠯᠥᠪᠵᠢᠭᠦᠯᠭᠡ ᠶᠢᠨ ᠡᠵᠡᠯᠡᠬᠦ ᠲᠠᠯᠠᠪᠠᠶ ᠨᠢ 230 ᠮᠥ᠂ | ᠪᠠᠷᠢᠯᠭ᠎ᠠ ᠶᠢᠨ ᠲᠠᠯᠠᠪᠠᠶ ᠨᠢ ᠪᠠᠷᠤᠭ 23 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠡᠯᠡ | ᠣᠷᠣᠭᠤᠯᠤᠯᠲᠠ ᠨᠢ 4.7 ᠳ᠋ᠦᠩᠰᠢᠭᠤᠷ ᠲᠥᠭᠦᠷᠢᠭ ᠪᠠᠶᠢᠵᠤ᠂ 2800 ᠡᠷᠦᠬᠡ᠂ 10000 ᠬᠥᠮᠦᠨ ᠢ | ᠪᠠᠭᠲᠠᠭᠠᠵᠤ ᠴᠢᠳᠠᠪᠠ᠃ ᠠᠮᠢ ᠠᠬᠤᠶ ᠶᠢᠨ ᠠᠷᠠᠳ ᠢ ᠨᠡᠭᠦᠯᠭᠡᠬᠦ ᠵᠢᠵᠢᠭ ᠲᠣᠭᠤᠷᠢᠭ ᠤᠨ ᠣᠷᠣᠨ ᠰᠠᠭᠤᠴᠠ ᠶᠢᠨ | ᠠᠰᠠᠷ ᠢ ᠬᠤᠳᠠᠯᠳᠤᠬᠤ ᠳᠤ ᠵᠠᠰᠠᠭ ᠤᠨ ᠣᠷᠳᠣᠨ ᠦᠨ᠎ᠡ ᠲᠤᠭᠲᠠᠭᠠᠵᠤ᠂ ︽ᠬᠢᠮᠳᠠ ᠲᠦᠷᠢᠶᠡᠰᠦᠨ ᠣᠷᠣᠨ | ᠰᠠᠭᠤᠴᠠ ᠠᠴᠠ ᠦᠨᠡᠲᠡᠢ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠦᠨ᠎ᠡ ᠠᠴᠠ ᠬᠢᠮᠳᠠ ᠪᠠᠶᠢᠯᠭᠠᠬᠤ︾ | ᠵᠠᠷᠴᠢᠮ ᠶᠣᠰᠣᠭᠠᠷ ᠬᠤᠳᠠᠯᠳᠤᠬᠤ ᠦᠨ᠎ᠡ ᠶᠢ ᠲᠤᠭᠲᠠᠭᠠᠪᠠ᠂ ᠢᠩᠭᠢᠭᠰᠡᠨ ᠢᠶᠠᠷ ᠮᠠᠯᠴᠢᠨ ᠲᠠᠷᠢᠶᠠᠴᠢᠨ ᠤ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠵᠤ᠂ ᠭᠠᠮᠰᠢᠭ ᠢ | ᠰᠡᠷᠭᠡᠶᠢᠯᠡᠵᠦ ᠲᠦᠭᠰᠢᠭᠦᠷᠢ ᠠᠴᠠ ᠵᠠᠶᠢᠯᠠᠬᠤ᠂ ᠠᠮᠢ ᠠᠬᠤᠶ ᠶᠢ ᠬᠠᠮᠠᠭᠠᠯᠠᠬᠤ᠂ ᠠᠷᠠᠳ ᠢ ᠪᠠᠶᠠᠵᠢᠭᠤᠯᠵᠤ ᠠᠷᠠᠳ ᠢ | ᠠᠮᠤᠷᠵᠢᠭᠤᠯᠬᠤ ᠶᠡᠷᠦᠩᠬᠡᠶ ᠦᠷ᠎ᠡ ᠠᠰᠢᠭ ᠢ ᠪᠡᠶᠡᠯᠡᠭᠦᠯᠪᠡ᠃ | ᠬᠥᠲᠥᠯᠥᠭᠴᠢ᠄ | ᠳᠠᠷᠠᠭᠠᠴᠢ ᠶᠢᠨ ᠠᠯᠬᠤᠮ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠨᠢ ᠪᠥᠳᠥᠭᠡᠨ ᠪᠠᠶᠢᠭᠤᠯᠤᠯᠲᠠ ᠶᠢᠨ ᠲᠠᠯ᠎ᠠ ᠪᠠᠷ ᠬᠡᠷᠬᠢᠨ ᠲᠦᠯᠦᠪᠯᠡᠵᠦ ᠪᠠᠶᠢᠬᠤ ᠪᠤᠢ︖ | ᠸᠠᠩ ᠹᠦ᠋ ᠱᠦᠨ᠄ | ᠢᠷᠡᠭᠡᠳᠦᠶ ᠶᠢᠨ ᠬᠡᠳᠦᠨ ᠵᠢᠯ ᠳᠤ᠂ ᠪᠢᠳᠡ ᠦᠷᠭᠦᠯᠵᠢᠯᠡᠨ ᠵᠠᠮ᠂ ᠨᠤᠭᠤᠭᠠᠷᠠᠭᠤᠯᠤᠯᠲᠠ᠂ ᠲᠥᠪᠯᠡᠷᠡᠭᠦᠯᠦᠨ | ᠤᠰᠤ ᠬᠠᠩᠭᠠᠬᠤ᠂ ᠲᠥᠪᠯᠡᠷᠡᠭᠦᠯᠦᠨ ᠢᠯᠴᠢ ᠬᠠᠩᠭᠠᠬᠤ᠂ ᠪᠣᠬᠢᠷ ᠤᠰᠤ ᠰᠢᠢᠳᠪᠦᠷᠢᠯᠡᠬᠦ᠂ ᠬᠤᠭ ᠨᠣᠪᠰᠢ ᠶᠢ | ᠰᠢᠢᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠬᠦ | ᠤᠬᠠᠭᠠᠨ᠂ ᠰᠤᠷᠭᠠᠨ ᠬᠥᠮᠦᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠠᠵᠢᠯ | ᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠣᠶᠣᠯ ᠪᠣᠯᠪᠠᠰᠤᠷᠠᠯ ᠤᠨ ᠬᠢᠷᠢ ᠬᠡᠮᠵᠢᠶ᠎ᠡ᠂ ᠬᠥᠮᠦᠨ | ᠨᠡᠶᠢᠭᠡᠮ ᠤᠨ ᠣᠷᠴᠢᠨ ᠨᠥᠬᠦᠴᠡᠯ᠂ ᠪᠠᠶᠢᠭᠤᠯᠤᠯ ᠶᠢᠨ ᠲᠣᠭᠲᠠᠴᠠ ᠵᠡᠷᠭᠡ ᠵᠥᠭᠡᠯᠡᠨ ᠪᠣᠳᠠᠲᠤ ᠬᠦᠴᠦᠨ ᠢ ᠶᠢ | ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ | ᠨᠢᠭᠡ ᠳᠤ᠂ ᠰᠢᠨ᠎ᠡ ᠰᠠᠭᠤᠴᠠ ᠶᠢᠨ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ | ᠪᠦᠷᠢᠨᠰᠢᠭᠦᠯᠦᠨ᠎ᠡ᠃ ᠳᠠᠬᠢᠨ45 ᠺᠢᠯᠣᠮᠧᠲᠷ ᠢᠯᠴᠢ ᠬᠠᠩᠭᠠᠬᠤ ᠬᠤᠭᠤᠯᠠᠶ ᠲᠣᠣᠷ ᠳᠡᠪᠢᠰᠴᠦ᠂ 47 ᠰᠠᠭᠤᠷᠢ | ᠢᠯᠴᠢ ᠰᠤᠯᠢᠬᠤ ᠥᠷᠲᠡᠭᠡ ᠰᠢᠨ᠎ᠡ ᠪᠠᠷ ᠪᠠᠶᠢᠭᠤᠯᠵᠤ᠂ 640 ᠲᠦᠮᠡᠨ ᠲᠣᠨ ᠢᠯᠴᠢ ᠬᠠᠩᠭᠠᠬᠤ ᠵᠤᠤᠬ᠎ᠠ ᠶᠢ | ᠰᠢᠨ᠎ᠡ ᠪᠠᠷ ᠨᠡᠮᠡᠭᠳᠡᠭᠦᠯᠵᠦ᠂ ᠢᠯᠴᠢ ᠬᠠᠩᠭᠠᠬᠤ ᠶᠡᠷᠦᠩᠬᠡᠶ ᠲᠠᠯᠠᠪᠠᠶ ᠶᠢ 800 ᠲᠦᠮᠡᠨ ᠲᠡᠭᠰᠢ ᠳᠥᠷᠪᠡᠯᠵᠢᠨ ᠮᠧᠲᠷ | ᠲᠤ ᠬᠦᠷᠦᠭᠦᠯᠬᠦ ᠪᠠᠷ ᠲᠦᠯᠦᠪᠯᠡᠵᠦ ᠪᠠᠶᠢᠨ᠎ᠠ᠃ ᠬᠤᠲᠠ ᠶᠢᠨ ᠲᠣᠭᠤᠷᠢᠭ ᠤᠨ ᠰᠢᠲᠠᠮᠠᠬᠠᠢ ᠬᠡᠢ ᠶᠢᠨ ᠬᠤᠭᠤᠯᠠᠶ | ᠲᠣᠣᠷ ᠢ 30.5 ᠺᠢᠯᠣᠮᠧᠲᠷ ᠳᠡᠪᠢᠰᠴᠦ᠂ ᠳᠠᠷᠤᠯᠲᠠ ᠲᠣᠬᠢᠷᠠᠭᠤᠯᠬᠤ᠂ ᠰᠠᠯᠬᠢ ᠲᠤᠬᠢᠷᠠᠭᠤᠯᠬᠤ ᠲᠥᠬᠦᠭᠡᠷᠦᠮᠵᠢ | 40 ᠭᠠᠵᠠᠷ ᠨᠡᠮᠡᠵᠦ᠂ ᠰᠢᠲᠠᠮᠠᠬᠠᠶ ᠬᠡᠢ ᠬᠡᠷᠡᠭᠯᠡᠬᠦ ᠡᠷᠣᠬᠡ 2.5 ᠲᠦᠮᠡᠨ ᠡᠷᠦᠬᠡ ᠰᠢᠨ᠎ᠡ ᠨᠡᠮᠡᠭᠳᠡᠭᠦᠯᠬᠦ ᠪᠠᠷ | ᠲᠦᠯᠦᠪᠡᠯᠡᠵᠦ ᠪᠠᠶᠢᠨ᠎ᠠ᠃ ᠤᠤᠯ ᠤᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠵᠤ᠂ | ᠤᠳᠤ ᠡᠳᠦᠷ ᠲᠤ 1.2 ᠲᠦᠮᠡᠨ ᠲᠣᠨ ᠰᠢᠢᠳᠪᠦᠷᠢᠯᠡᠵᠦ ᠪᠠᠶᠢᠬᠤ ᠴᠢᠳᠠᠪᠤᠷᠢ ᠨᠢ 2.67 ᠲᠦᠮᠡᠨ ᠲᠣᠨ ᠪᠤᠯᠭᠠᠨ | ᠨᠡᠮᠡᠭᠳᠡᠭᠦᠯᠵᠦ᠂ 10 ᠲᠦᠮᠡᠨ ᠲᠣᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠳᠠᠬᠢᠨ ᠠᠰᠢᠭᠯᠠᠬᠤ ᠤᠰᠤᠨ ᠤ | ᠦᠢᠯᠡᠳᠪᠦᠷᠢ ᠶᠢ ᠲᠤᠰᠠᠪᠤᠷᠢ 1 ᠶᠢ ᠰᠢᠨ᠎ᠡ ᠪᠠᠷ ᠪᠠᠶᠢᠭᠤᠯᠵᠤ᠂ ᠢᠵᠢ ᠪᠦᠷᠢᠯᠳᠦᠭᠦᠯᠦᠭᠰᠡᠨ ᠬᠤᠭᠤᠯᠠᠶ ᠲᠣᠣᠷ ᠢ | 41 ᠺᠢᠯᠣᠮᠧᠲᠷ ᠲᠡᠪᠢᠰᠦᠨ᠎ᠡ᠃ | ᠬᠤᠶᠠᠷ ᠲᠤ᠂ ᠰᠢᠨ᠎ᠡ ᠰᠠᠭᠤᠴᠠ ᠶᠢᠨ ᠨᠣᠭᠤᠭᠠᠷᠠᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠬᠡᠷᠡᠭᠵᠢᠭᠦᠯᠦᠨ᠎ᠡ᠃ ᠲᠠᠶᠢᠨᠢᠩ ᠪᠠᠷᠠᠭᠤᠨ ᠵᠡᠭᠡᠯᠢ ᠵᠡᠷᠭᠡ 8 ᠵᠤᠷᠪᠤᠰ ᠵᠠᠮ ᠱᠤᠭᠤᠮ ᠢ | ᠨᠣᠭᠤᠭᠠᠷᠠᠭᠤᠯᠬᠤ ᠠᠵᠢᠯ ᠢ ᠪᠡᠶᠡᠯᠡᠭᠦᠯᠵᠦ᠂ ᠰᠢᠨ᠎ᠡ ᠰᠠᠭᠤᠴᠠ ᠶᠢᠨ ᠴᠡᠴᠡᠷᠯᠢᠭ᠂ ᠵᠤᠭᠠᠴᠠᠯ ᠤᠨ ᠬᠦᠷᠢᠶᠡᠯᠡᠩ᠂ | ᠵᠢᠵᠢᠭ ᠲᠣᠭᠤᠷᠢᠭ᠂ ᠪᠠᠶᠢᠭᠤᠯᠭ᠎ᠠ᠂ ᠰᠤᠷᠭᠠᠭᠤᠯᠢ ᠶᠢᠨ ᠬᠦᠷᠢᠶ᠎ᠡ ᠬᠠᠰᠢᠶ᠎ᠠ ᠵᠢᠴᠢ ᠮᠣᠵᠢ ᠶᠢᠨ ᠬᠤᠭᠤᠷᠣᠨᠳᠣᠬᠢ | ᠰᠢᠭᠤᠳ ᠵᠠᠮ ᠤᠨ ᠬᠤᠶᠠᠷ ᠬᠠᠵᠠᠭᠤ ᠪᠠᠷ ᠬᠠᠯᠬᠠᠪᠴᠢ ᠤᠢ ᠶᠢᠨ ᠨᠣᠭᠤᠭᠠᠷᠠᠭᠤᠯᠤᠯᠲᠠ ᠶᠢᠨ ᠪᠦᠰᠡ ᠪᠠᠶᠢᠭᠤᠯᠵᠤ᠂ | ᠶᠡᠷᠦᠩᠬᠡᠶ ᠲᠠᠯᠠᠪᠠᠶ ᠶᠢ 210.6 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠪᠠᠷᠤᠭ 7.6 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠎ᠠ᠃ ᠡᠭᠦᠨ ᠤ ᠬᠠᠮᠲᠤ᠂ ᠤᠰᠤᠨ ᠦᠵᠡᠮᠵᠢ ᠶᠢᠨ ᠴᠡᠴᠡᠷᠯᠢᠭ ᠤᠨ | ᠨᠢᠭᠡᠨᠲᠡ ᠪᠠᠶᠢᠭᠤᠯᠤᠭᠰᠠᠨ ᠬᠡᠰᠡᠭ ᠢ ᠨᠦᠬᠦᠪᠦᠷᠢᠯᠡᠬᠦ᠂ ᠤᠰᠤᠨ ᠦᠵᠡᠮᠵᠢ ᠶᠢᠨ ᠴᠡᠴᠡᠷᠯᠢᠭ ᠤᠨ ᠪᠠᠷᠠᠭᠤᠨᠰᠢ | ᠦᠷᠬᠦᠯᠵᠢᠯᠡᠭᠦᠯᠬᠦ ᠦᠵᠡᠮᠵᠢ᠂ ᠭᠦᠢᠯᠡᠷ ᠭᠤᠤᠯ ᠵᠠᠮ ᠤᠨ ᠨᠦᠢᠲᠠᠨ ᠭᠠᠵᠠᠷ ᠤᠨ ᠴᠡᠴᠡᠷᠯᠢᠭ ᠪᠣᠯᠤᠨ ᠪᠠᠷᠠᠭᠤᠨ | ᠠᠭᠤᠯᠠᠨ ᠤ ᠴᠡᠴᠡᠷᠯᠢᠭ ᠤᠨ ᠬᠠᠲᠠᠭᠤ ᠦᠵᠡᠮᠵᠢ ᠶᠢ ᠪᠦᠷᠢᠨᠰᠢᠭᠦᠯᠦᠨ᠎ᠡ᠃ | ᠭᠤᠷᠪᠠ ᠳᠤ᠂ ᠬᠤᠳᠠ ᠬᠥᠳᠡᠭᠡ ᠶᠢᠨ ᠨᠢᠭᠡᠳᠦᠯᠲᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠴᠢᠩᠭᠠᠳᠬᠠᠨ᠎ᠠ᠃ ᠶᠡᠷᠦᠩᠬᠡᠶ ᠲᠥᠯᠥᠪᠵᠢᠭᠦᠯᠭᠡ ᠶᠢ ᠵᠠᠰᠠᠵᠤ ᠨᠠᠶᠢᠷᠠᠭᠤᠯᠬᠤ ᠂ ᠬᠤᠰᠢᠭᠤᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠪᠡᠶᠡᠯᠡᠭᠦᠯᠦᠨ᠎ᠡ᠃ ᠭᠤᠣᠯᠳᠠᠯᠭ᠎ᠠ ᠲᠠᠢ ᠪᠦᠳᠤᠭᠡᠨ ᠪᠠᠶᠢᠭᠤᠯᠤᠯᠲᠠ ᠶᠢᠨ ᠣᠷᠣᠨ ᠪᠠ ᠠᠵᠤ ᠦᠢᠯᠡᠳᠪᠦᠷᠢ ᠶᠢᠨ | ᠬᠦᠷᠢᠶᠡᠯᠡᠩ ᠲᠤᠭᠤᠷᠢᠭ ᠤᠨ ᠭᠤᠣᠯᠳᠠᠯᠭ᠎ᠠ ᠲᠠᠢ ᠭᠠᠵᠠᠷ ᠬᠡᠰᠡᠭ ᠢ ᠬᠢᠵᠠᠭᠠᠷᠯᠠᠬᠤ ᠴᠢᠨᠠᠷᠲᠠᠶ ᠨᠠᠷᠢᠨ | ᠲᠥᠯᠥᠪᠵᠢᠭᠦᠯᠭᠡ ᠶᠢ ᠪᠡᠶᠡᠯᠡᠭᠦᠯᠦᠨ᠎ᠡ᠃ 30 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠦᠬᠦᠢ ᠬᠤᠷᠴᠢᠨ | ᠪᠠᠯᠭᠠᠰᠤ ᠶᠢᠨ ᠵᠠᠮ ᠤᠨ ᠪᠣᠰᠤᠭ᠎ᠠ ᠴᠢᠭᠯᠡᠯ ᠤᠨ ᠲᠥᠯᠥᠪᠵᠢᠭᠦᠯᠭᠡ ᠶᠢ ᠵᠢᠷᠤᠵᠤ ᠲᠥᠯᠥᠪᠯᠡᠬᠦ ᠠᠵᠢᠯ ᠢ ᠪᠡᠶᠡᠯᠡᠭᠦᠯᠦᠨ᠎ᠡ᠃ | ᠡᠯ᠎ᠡ ᠪᠠᠯᠭᠠᠰᠤ ᠶᠢ ᠵᠢᠭᠠᠨ ᠵᠢᠯᠤᠭᠤᠳᠴᠤ ᠪᠠᠶᠢᠭᠠᠳ ᠲᠡᠭᠦᠨ ᠤ ᠭᠤᠣᠯᠳᠠᠯᠭ᠎ᠠ ᠲᠠᠢ ᠭᠠᠵᠠᠷ ᠬᠡᠰᠡᠭ ᠤᠨ ᠨᠠᠷᠢᠨ | ᠲᠥᠯᠥᠪᠵᠢᠭᠦᠯᠭᠡ ᠶᠢ ᠰᠠᠶᠢᠲᠤᠷ ᠬᠢᠯᠭᠡᠬᠦ ᠪᠥᠭᠡᠳ ᠲᠥᠯᠥᠪᠵᠢᠭᠦᠯᠭᠡ ᠶᠢ ᠬᠢᠨᠠᠨ ᠵᠥᠪᠰᠢᠶᠡᠷᠡᠭᠦᠯᠬᠦ ᠭᠠᠷ | ᠭᠦᠢᠴᠡᠳᠬᠡᠯ ᠢ ᠪᠡᠶᠡᠯᠡᠭᠦᠯᠬᠦ ᠪᠠ ᠵᠢᠴᠢ ᠬᠤᠲᠠ ᠶᠢᠨ ᠲᠣᠭᠤᠷᠢᠭ ᠤᠨ ᠪᠤᠰᠤᠳ ᠰᠠᠭᠤᠷᠢ ᠪᠡᠯᠡᠳᠬᠡᠮᠵᠢ ᠶᠢᠨ ᠢᠵᠢ | ᠪᠦᠷᠢᠳᠦᠭᠦᠯᠬᠦ ᠲᠥᠯᠥᠪᠵᠢᠭᠦᠯᠭᠡ ᠶᠢ ᠪᠡᠶᠡᠯᠡᠭᠦᠯᠦᠨ᠎ᠡ᠃ | ᠲᠦᠷᠪᠡ ᠳᠤ᠂ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠬᠦᠴᠦᠲᠡᠶ | ᠳᠥᠯᠭᠢᠨ ᠠᠬᠢᠭᠤᠯᠤᠨ᠎ᠠ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠭᠤᠣᠯᠳᠠᠯᠭ᠎ᠠ ᠪᠤᠯᠭᠠᠵᠤ᠂ ᠬᠢᠮᠳᠠ ᠬᠡᠷᠡᠭᠴᠡᠭᠡᠲᠦ | ᠣᠷᠣᠨ ᠰᠠᠭᠤᠴᠠ ᠶᠢᠨ ᠪᠥᠳᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠯᠠᠵᠤ᠂ ᠤᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠪᠠ ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠦᠷᠬᠦᠴᠡ ᠶᠢ ᠥᠷᠭᠡᠳᠬᠡᠵᠦ᠂ | 6 ᠲᠦᠮᠡᠨ ᠲᠡᠭᠰᠢ ᠳᠥᠷᠪᠡᠯᠵᠢᠨ ᠮᠧᠲᠷ ᠤᠨ ᠬᠢᠮᠳᠠ ᠲᠦᠷᠢᠶᠡᠰᠦᠲᠦ ᠣᠷᠣᠨ ᠰᠠᠭᠤᠴᠠ ᠪᠠ 118 ᠡᠷᠦᠬᠡ ᠤᠯᠠᠨ | ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ᠬᠤᠶᠢᠰᠢᠳᠠ ᠶᠢᠨ ᠲᠠᠪᠤᠨ ᠵᠢᠯ ᠳᠤ ᠭᠡᠷ ᠭᠠᠵᠠᠷ ᠬᠦᠷᠦᠩᠭᠡ ᠶᠢᠨ ᠨᠡᠭᠡᠭᠡᠨ ᠠᠰᠢᠭᠯᠠᠬᠤ ᠲᠠᠯᠠᠪᠠᠢ ᠶᠢ 140 ᠲᠦᠮᠡᠨ | ᠲᠡᠭᠰᠢ ᠳᠥᠷᠪᠡᠯᠵᠢᠨ ᠮᠧᠲᠷ ᠲᠤ ᠬᠦᠷᠦᠭᠦᠯᠬᠦ ᠪᠠᠷ ᠴᠢᠷᠮᠠᠶᠢᠵᠤ᠂ ᠠᠷᠠᠳ ᠲᠦᠮᠡᠨ ᠤ ᠣᠷᠣᠨ ᠰᠠᠭᠤᠴᠠ ᠶᠢᠨ | ᠨᠥᠬᠦᠴᠡᠯ ᠢ ᠦᠨᠡᠨ ᠬᠦ ᠳᠡᠭᠡᠭᠰᠢᠯᠡᠭᠦᠯᠦᠨ ᠰᠠᠶᠢᠵᠢᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠰᠢᠨ᠎ᠡ ᠰᠠᠭᠤᠴᠠ ᠶᠢᠨ ᠲᠤᠭᠤᠷᠢᠭ ᠢ ᠴᠢᠳᠠᠮᠵᠢ ᠪᠠᠷ ᠪᠦᠷᠢᠨ ᠭᠦᠢᠴᠡᠳ᠂ ᠪᠡᠯᠡᠳᠬᠡᠮᠵᠢ ᠪᠠᠷ ᠪᠦᠷᠢᠨ | ᠲᠡᠭᠦᠯᠳᠡᠷ᠂ ᠠᠮᠤᠷ ᠲᠦᠪᠰᠢᠨ ᠲᠠᠭᠠᠯᠠᠮᠵᠢᠲᠠᠶ ᠡᠶ᠎ᠡ ᠵᠣᠬᠢᠴᠠᠯ ᠲᠠᠢ ᠭᠡᠷ ᠣᠷᠣᠨ ᠪᠤᠯᠭᠠᠨ ᠪᠠᠶᠢᠭᠤᠯᠬᠤ ᠪᠠᠷ | ᠴᠢᠷᠮᠠᠶᠢᠨ᠎ᠠ᠃ | ᠬᠥᠲᠥᠯᠥᠭᠴᠢ᠄ | ᠵᠠ ᠰᠡᠶᠢᠠ ᠪᠤᠯᠤᠯ᠎ᠠ᠂ ᠸᠠᠩ ᠬᠤᠰᠢᠭᠤᠨ ᠳᠠᠷᠤᠭ᠎ᠠ ᠶᠢᠨ ᠬᠠᠯᠠᠰᠢᠷᠠᠯ ᠦᠭᠡᠢ ᠬᠠᠷᠢᠭᠤᠯᠤᠭᠰᠠᠨ ᠪᠠ ᠭᠤᠶᠢᠳᠠ | ᠰᠠᠶᠢᠬᠠᠨ ᠲᠠᠶᠢᠯᠤᠮᠵᠢ ᠳᠤ ᠲᠠᠯᠠᠷᠬᠠᠵᠤ ᠪᠠᠶᠢᠨ᠎ᠠ᠃ ᠡᠯ᠎ᠡ ᠲᠠᠯ᠎ᠠ ᠶᠢᠨ ᠬᠢᠨ ᠤ ᠬᠦᠴᠦᠲᠡᠶ ᠳᠡᠮᠵᠢᠯᠭᠡ ᠳᠣᠣᠷ᠎ᠠ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ | ᠳᠣᠣᠷ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ | ᠠᠷᠠᠳ ᠢᠷᠭᠡᠳ ᠨᠢ ᠠᠮᠤᠷ ᠲᠦᠪᠰᠢᠨ ᠭᠤᠶᠤ ᠰᠠᠶᠢᠬᠠᠨ ᠭᠠᠷᠤᠨ ᠡᠮᠦᠨᠡᠲᠦ ᠬᠤᠰᠢᠭᠤ ᠪᠤᠯᠬᠤ ᠳᠤ ᠢᠲᠡᠭᠡᠵᠦ | ᠪᠠᠶᠢᠨ᠎ᠠ᠃ ᠰᠦᠯᠵᠢᠶᠡᠨ ᠤ ᠨᠠᠶᠢᠵᠠ ᠨᠠᠷ ᠤᠨ ᠬᠦᠯᠢᠶᠡᠨ ᠠᠪᠴᠦ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠤᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠡᠯᠠ᠂ ᠳᠠᠷᠠᠭᠠᠴᠢ ᠶᠢᠨ ᠫᠷᠦᠭᠷᠡᠮ ᠳᠤ ᠲᠠᠬᠢᠨ ᠵᠤᠯᠭᠠᠶ᠎ᠠ︕ | | | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠨᠡᠭᠦᠳᠡᠯ ᠪᠠᠭ᠎ᠠ ᠲᠣᠭᠤᠷᠢᠭ | | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠤᠰᠦᠠ ᠤ ᠦᠵᠡᠮᠵᠢ ᠶᠢᠨ ᠴᠡᠴᠡᠷᠯᠢᠭ | |