ᠷᠧᠨ ᠶᠠ ᠫᠢᠩ᠄ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠭ᠎ᠠ ᠶᠢᠨ ᠨᠠᠮ ᠤᠨ ᠬᠡᠰᠢᠭᠦᠨ ᠺᠠᠳ᠋ᠷᠴᠤᠳ ︽ᠭᠤᠷᠪᠠᠨ ᠴᠢᠩᠭ᠎ᠠ ᠭᠤᠷᠪᠠᠨ ᠪᠤᠲᠠᠲᠠᠢ︾᠎ ᠶᠢᠨ ᠱᠠᠭᠠᠷᠲᠠᠯᠭ᠎ᠠ ᠶᠢ ᠦᠢᠯᠡᠲᠦᠯᠭᠡᠵᠢᠭᠦᠯᠬᠦ ᠶᠢ ᠨᠠᠰᠤᠨ ᠲᠤᠷᠰᠢᠲᠡ ᠶᠢᠨ ᠬᠢᠴᠢᠶᠡᠯ ᠪᠤᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2016/2/25
     2 ᠳ᠋ᠤᠭᠠᠷ ᠰᠠᠷ᠎ᠠ ᠶᠢᠨ 24᠎ ᠤ ᠦᠲᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠭ᠎ᠠ ᠪᠦᠬᠦ ᠨᠠᠮ ᠤᠨ ᠬᠡᠰᠢᠭᠦᠨ ᠺᠠᠳ᠋ᠷᠴᠤᠳ ᠢᠶᠠᠨ ᠵᠤᠬᠢᠶᠠᠨ ᠪᠠᠶᠢᠭᠤᠯᠤᠨ ᠪᠦᠬᠦ ᠤᠷᠤᠨ ᠤ ︽ᠭᠤᠷᠪᠠᠨ ᠴᠢᠩᠭ᠎ᠠ ᠭᠤᠷᠪᠠᠨ ᠪᠤᠲᠠᠲᠠᠢ︾ ᠲᠤᠰᠬᠠᠢ ᠰᠡᠲᠦᠪᠲᠦ ᠬᠦᠮᠦᠵᠢᠯ ᠤᠨ ᠦᠵᠡᠰᠭᠦᠯᠡᠩ ᠢ ᠲᠤᠭᠤᠷᠢᠨ ᠦᠵᠡᠵᠡᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ ᠲᠤᠭᠤᠷᠢᠨ ᠦᠵᠡᠬᠦ ᠳᠡᠭᠡᠨ᠂ ᠪᠦᠬᠦ ᠤᠷᠤᠨ ᠤ ᠡᠯ᠎ᠡ ᠱᠠᠲᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠭ᠎ᠠ ᠶᠢᠨ ᠨᠠᠮ ᠤᠨ ᠬᠡᠰᠢᠭᠦᠨ ᠺᠠᠳ᠋ᠷᠴᠤᠳ ︽ᠭᠤᠷᠪᠠᠨ ᠴᠢᠩᠭ᠎ᠠ ᠭᠤᠷᠪᠠᠨ ᠪᠤᠲᠠᠲᠠᠢ︾᠎ ᠶᠢᠨ ᠱᠠᠭᠠᠷᠲᠠᠯᠭ᠎ᠠ ᠶᠢ ᠦᠢᠯᠡᠲᠦᠯᠭᠡᠵᠢᠭᠦᠯᠬᠦ ᠶᠢ ᠨᠠᠰᠤᠨ ᠲᠤᠷᠰᠢᠲᠠ ᠶᠢᠨ ᠵᠠᠪᠠᠯ ᠰᠤᠷᠬᠤ ᠬᠢᠴᠢᠶᠠᠯ ᠪᠤᠯᠭᠠᠵᠦ᠂ ᠨᠠᠮᠴᠢ ᠴᠢᠨᠠᠷ ᠤᠨ ᠪᠤᠯᠪᠠᠰᠤᠷᠠᠯ ᠢᠶᠠᠨ ᠴᠢᠩᠭᠠᠳᠬᠠᠨ᠂ ᠪᠡᠶ᠎ᠡ ᠪᠠᠨ ᠴᠢᠩᠭ᠎ᠠ ᠱᠠᠭᠠᠷᠲᠠᠨ᠂ ᠤᠯᠤᠰ ᠲᠦᠷᠦ ᠶᠢᠨ ᠵᠦᠪᠯᠡᠯᠭᠡᠨ ᠤ ᠤᠯᠤᠰ ᠲᠦᠷᠦ ᠶᠢᠨ ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠲᠠᠯ ᠳᠤ ᠤᠷᠤᠯᠴᠠᠨ ᠲᠦᠷᠦ ᠶᠢᠨ ᠶᠠᠪᠤᠲᠠᠯ ᠢ ᠵᠦᠪᠯᠡᠬᠦ ᠲᠤᠰᠢᠶᠠᠯ ᠴᠢᠲᠠᠪᠬᠢ ᠪᠠᠨ ᠪᠤᠲᠠᠲᠠᠢ ᠳᠤ ᠨᠠᠶᠢᠲᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃      ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠴᠠᠩ ᠬᠠᠢ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠷᠢᠨ ᠪᠢᠴᠢᠭ ᠤᠨ ᠲᠠᠷᠤᠭ᠎ᠠ ᠸᠧᠢ ᠵᠢᠶᠦ᠋ᠨ ᠬᠠᠮᠲᠦ ᠪᠠᠷ ᠦᠵᠡᠰᠬᠦᠯᠡᠩ ᠢ ᠲᠤᠭᠤᠷᠢᠨ ᠦᠵᠡᠵᠠᠢ᠃      ᠷᠧᠨ ᠶᠠ ᠫᠢᠩ᠂ ᠡᠨᠡ ᠣᠳᠠᠭ᠎ᠠ ︽ᠭᠤᠷᠪᠠᠨ ᠴᠢᠩᠭ᠎ᠠ ᠭᠤᠷᠪᠠᠨ ᠪᠤᠲᠠᠲᠠᠢ︾ ᠲᠤᠰᠬᠠᠢ ᠰᠡᠲᠦᠪᠲᠦ ᠬᠦᠮᠦᠵᠢᠯ ᠤᠨ ᠦᠵᠡᠰᠭᠦᠯᠡᠩ ᠢ ᠲᠦᠪᠯᠡᠷᠡᠭᠦᠯᠦᠨ ᠲᠤᠭᠤᠷᠢᠨ ᠦᠵᠡᠭᠰᠡᠨ ᠨᠢ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠭ᠎ᠠ ᠶᠢᠨ ᠨᠠᠮ ᠤᠨ ᠬᠡᠰᠢᠭᠦᠨ ᠺᠠᠳ᠋ᠷᠴᠤᠳ ᠤᠨ ︽ᠭᠤᠷᠪᠠᠨ ᠴᠢᠩᠭ᠎ᠠ ᠭᠤᠷᠪᠠᠨ ᠪᠤᠲᠠᠲᠠᠢ︾᠎ ᠶᠢᠨ ᠱᠠᠭᠠᠷᠲᠠᠯᠭ᠎ᠠ ᠶᠢ ᠦᠢᠯᠡᠲᠦᠯᠭᠡᠵᠢᠭᠦᠯᠬᠦ‍ ᠨᠢᠭᠡ ᠣᠳᠠᠭ᠎ᠠ ᠶᠢᠨ ᠲᠠᠬᠢᠨ ᠬᠦᠮᠦᠵᠢᠯ᠂ ᠲᠠᠬᠢᠨ ᠲᠠᠶᠢᠴᠢᠯᠠᠯᠳᠠ ᠪᠤᠯᠤᠨ᠎ᠠ᠃ ᠪᠦᠬᠦ ᠤᠷᠤᠨ ᠤ ᠡᠯ᠎ᠡ ᠱᠠᠲᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠭ᠎ᠠ ᠶᠢᠨ ᠨᠠᠮ ᠤᠨ ᠬᠡᠰᠢᠭᠦᠨ ᠺᠠᠳ᠋ᠷᠴᠤᠳ ᠴᠢᠨᠠᠬᠰᠢᠲᠠ ᠬᠦᠨᠵᠡᠭᠡᠢ ᠰᠤᠷᠤᠯᠴᠠᠨ᠂ ︽ᠭᠤᠷᠪᠠᠨ ᠴᠢᠩᠭ᠎ᠠ ᠭᠤᠷᠪᠠᠨ ᠪᠤᠲᠠᠲᠠᠢ︾᠎ ᠶᠢᠨ ᠱᠠᠭᠠᠷᠲᠠᠯᠭ᠎ᠠ ᠶᠢ ᠦᠢᠯᠡᠲᠦᠯᠭᠡᠵᠢᠭᠦᠯᠬᠦ ᠶᠢ ᠨᠠᠰᠤᠨ ᠲᠤᠷᠰᠢᠲᠠ ᠶᠢᠨ ᠬᠢᠴᠢᠶᠡᠯ ᠪᠤᠯᠭᠠᠵᠦ᠂ ᠭᠤᠣᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠬᠡᠷᠡᠭᠲᠡᠢ ᠬᠡᠵᠤ ᠵᠢᠭᠠᠵᠤ ᠭᠠᠷᠭᠠᠪᠠ᠃      ᠷᠧᠨ ᠶᠠ ᠫᠢᠩ᠂ ᠪᠦᠬᠦ ᠤᠷᠤᠨ ᠤ ᠡᠯ᠎ᠡ ᠱᠠᠲᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠭ᠎ᠠ ᠶᠢᠨ ᠺᠠᠳ᠋ᠷᠴᠤᠳ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ᠂ ︽ᠭᠤᠷᠪᠠᠨ ᠴᠢᠩᠭ᠎ᠠ ᠭᠤᠷᠪᠠᠨ ᠪᠤᠲᠠᠲᠠᠢ︾᠎ ᠶᠢᠨ ᠱᠠᠭᠠᠷᠲᠠᠯᠭ᠎ᠠ ᠶᠤᠰᠤᠭᠠᠷ᠂ ᠤᠷᠤᠰᠢᠵᠦ ᠪᠠᠶᠢᠭ᠎ᠠ ᠠᠰᠠᠭᠤᠲᠠᠯ ᠢᠶᠠᠨ ᠬᠢᠨᠠᠮᠠᠭᠠᠢ ᠪᠠᠶᠢᠴᠠᠭᠠᠨ ᠲᠡᠯᠭᠡᠵᠦ᠂ ᠶᠤᠰᠤ ᠰᠤᠷᠲᠠᠬᠤᠨ ᠢ ᠲᠡᠷᠢᠭᠦᠨ ᠳᠤ ᠲᠠᠯᠪᠢᠵᠦ᠂ ᠴᠢᠩᠭ᠎ᠠ ᠪᠠᠶᠢᠬᠤ ᠪᠠᠷ ᠪᠠᠷᠢᠮᠵᠢᠶ᠎ᠠ ᠪᠤᠯᠭᠠᠨ᠂ ᠪᠤᠲᠠᠲᠠᠢ ᠪᠠᠶᠢᠬᠤ ᠪᠠᠷ ᠵᠠᠩᠬᠢᠯᠠᠭ᠎ᠠ ᠪᠤᠯᠭᠠᠬᠤ ᠬᠡᠷᠡᠭᠲᠡᠢ᠃ ᠦᠨᠡᠨ ᠠᠴᠠ ᠵᠦᠪ ᠢ ᠡᠷᠢᠬᠦ ᠵᠤᠷᠢᠭ ᠰᠠᠨᠠᠭ᠎ᠠ ᠪᠠᠷ ︽ᠭᠤᠷᠪᠠᠨ ᠴᠢᠩᠭ᠎ᠠ ᠭᠤᠷᠪᠠᠨ ᠪᠤᠲᠠᠲᠠᠢ︾ ᠲᠤᠰᠬᠠᠢ ᠰᠡᠲᠦᠪᠲᠦ ᠬᠦᠮᠦᠵᠢᠯ ᠤᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠬᠦ ᠳᠤ ᠪᠤᠲᠠᠲᠠᠢ ᠦᠷ᠎ᠡ ᠪᠦᠲᠦᠮᠵᠢ ᠭᠠᠷᠭᠠᠵᠦ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠡ ᠪᠠᠶᠢᠲᠠᠯ ᠢ ᠲᠠᠰᠤᠷᠠᠯᠲᠡ ᠦᠭᠡᠢ ᠨᠡᠭᠡᠭᠡᠵᠦ᠂ ᠡᠬᠡ ᠤᠯᠤᠰ ᠤᠨ ᠤᠮᠠᠷᠠᠲᠦ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠳᠤ ᠨᠡᠩ ᠶᠡᠭᠡ ᠬᠦᠴᠦᠨ ᠢᠶᠠᠨ ᠡᠷᠭᠦᠬᠦ ᠬᠡᠷᠡᠭᠲᠡᠢ ᠬᠡᠵᠤ ᠱᠠᠭᠠᠷᠲᠠᠪᠠ᠃      ᠡᠭᠦᠨ ᠠᠴᠠ ᠭᠠᠲᠠᠨ᠎ᠠ᠂ ︽ᠵᠡᠭᠦᠨᠭᠠᠷ ᠶᠡᠭᠡ ᠬᠠᠪᠴᠢᠯ︾ ᠬᠡᠷᠡᠯ ᠵᠢᠷᠤᠭ ᠤᠨ ᠦᠵᠡᠰᠭᠦᠯᠡᠩ ᠵᠡᠷᠭᠡ ᠦᠵᠡᠰᠬᠦᠯᠡᠩ ᠢ ᠲᠤᠭᠤᠷᠢᠨ ᠦᠵᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号