2015 ᠤᠨ ᠳᠤ᠂ ᠨᠢᠭᠡ ᠪᠦᠯᠦᠭ ᠨᠠᠮ ᠤᠨ ᠲᠦᠪ ᠬᠤᠷᠢᠶ᠎ᠠ ᠶᠢᠨ ᠵᠤᠷᠢᠭ ᠰᠠᠨᠠᠭ᠎ᠠ ᠳᠤ ᠨᠡᠶᠢᠴᠡᠭᠰᠡᠨ᠂ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠳᠦ ᠪᠠᠶᠢᠳᠠᠯ ᠳᠤ ᠲᠤᠬᠢᠷᠠᠬᠰᠠᠨ᠂ ᠤᠯᠠᠨ ᠲᠦᠮᠡᠨ ᠤ | ᠬᠦᠰᠡᠯ ᠳᠤ ᠲᠤᠬᠢᠷᠠᠬᠰᠠᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠭᠡᠷᠡᠭᠵᠢᠬᠦᠯᠦᠯᠳᠡ ᠶᠢᠨ ᠲᠦᠰᠦᠯ ᠵᠠᠯᠭᠠᠪᠡᠷ | ᠭᠠᠷᠬᠤ ᠶᠢ ᠲᠠᠭᠠᠯᠳᠤᠨ᠂ ᠦᠪᠦᠷ ᠮᠤᠩᠭᠤᠯ ᠳᠤ ᠪᠦᠬᠦ ᠲᠠᠯ᠎ᠠ ᠪᠠᠷ ᠥᠷᠨᠢᠨ ᠬᠦᠭᠵᠢᠭᠰᠡᠨ ᠪᠠᠶᠢᠳᠠᠯ ᠢᠯᠡᠷᠡᠪᠡ᠃ | ᠪᠦᠬᠦ ᠲᠠᠯ᠎ᠠ ᠳᠤ ᠰᠠᠭᠤᠷᠢᠯᠠᠵᠤ ᠨᠢᠬᠡᠳᠦᠯᠳᠡᠢ ᠲᠦᠯᠦᠪᠵᠢᠬᠦᠯᠵᠦ ᠦᠬᠡᠷᠡᠴᠢᠯᠡᠯᠳᠡ ᠶᠢ ᠪᠦᠬᠦ ᠲᠠᠯ᠎ᠠ ᠪᠠᠷ | ᠭᠦᠨᠵᠡᠭᠡᠶᠢᠷᠡᠬᠦ ᠶᠢ ᠭᠦᠨᠵᠡᠭᠡᠢ ᠠᠬᠢᠭᠤᠯᠵᠠᠢ | ᠡᠨᠡ ᠨᠢᠭᠡ ᠵᠢᠯ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ 14 | ᠤᠳᠠᠭᠠᠨ ᠤ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠰᠬᠠᠢ ᠰᠡᠳᠦᠪᠳᠦ ᠪᠠᠶᠢᠡᠭᠭᠤ ᠶᠢᠨ ᠬᠤᠷᠢᠶ᠎ᠠ ᠶᠢᠨ ᠬᠤᠷᠠᠯ᠂ | 6 ᠤᠳᠠᠭᠠᠨ ᠤ ᠦᠭᠡᠷᠡᠴᠢᠯᠡᠯᠳᠡ ᠶᠢᠨ ᠤᠳᠤᠷᠢᠳᠬᠤ ᠲᠤᠭᠤᠢᠢᠯᠠᠩ ᠤᠨ ᠬᠤᠷᠠᠯ ᠢ ᠬᠢᠵᠦ᠂ ᠨᠠᠮ ᠤᠨ ᠲᠦᠪ | ᠬᠤᠷᠢᠶ᠎ᠠ ᠶᠢᠨ ᠲᠦᠷᠦ ᠶᠢᠨ ᠪᠤᠳᠤᠯᠭ᠎ᠠ ᠲᠠᠢ ᠬᠠᠷᠠᠭᠠᠯᠵᠠᠭᠰᠠᠨ 77 ᠦᠭᠡᠷᠡᠴᠢᠯᠡᠯᠳᠡ ᠶᠢᠨ ᠲᠦᠰᠦᠯ ᠢ ᠲᠤᠬᠳᠠᠭᠠᠨ | ᠲᠠᠷᠬᠠᠭᠠᠪᠠ᠃ ᠡᠨᠡ ᠨᠢᠭᠡ ᠵᠢᠯ ᠤᠨ ᠲᠤᠷᠰᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ | ᠸᠠᠩ ᠵᠢᠶᠦ᠋ᠨ ᠪᠡᠶ᠎ᠡ ᠪᠠᠷ ᠢᠶᠠᠨ ᠪᠠᠶᠢᠷᠢᠰᠢᠭᠤᠯᠤᠯᠳᠠ᠂ ᠲᠦᠰᠦᠯ᠂ ᠵᠤᠬᠢᠴᠠᠭᠤᠯᠤᠯᠳᠠ᠂ ᠬᠢᠨᠠᠯᠳᠠ ᠶᠢ ᠠᠳᠬᠤᠵᠦ᠂ | 40 ᠭᠠᠷᠤᠢ ᠤᠳᠠᠭᠠᠨ ᠤ ᠴᠢᠬᠤᠯᠠ ᠵᠢᠭᠠᠪᠤᠷᠢ ᠬᠢᠵᠦ᠂ ᠦᠭᠡᠷᠡᠴᠢᠯᠡᠯᠳᠡ ᠶᠢᠨ ᠠᠵᠢᠯ ᠢ ᠪᠠᠳᠤᠳᠠᠢ ᠬᠢᠬᠦ ᠲᠤᠬᠠᠢ | ᠲᠤᠳᠤᠷᠬᠠᠢ ᠱᠠᠭᠠᠷᠳᠠᠯᠭ᠎ᠠ ᠲᠤᠷᠠᠳᠤᠬᠰᠠᠨ ᠪᠠᠶᠢᠪᠠ᠃ | ᠪᠦᠬᠦ ᠲᠠᠯ᠎ᠠ ᠳᠤ ᠰᠠᠭᠤᠷᠢᠯᠠᠵᠤ ᠥᠭᠡᠷᠡᠴᠢᠯᠡᠯᠲᠡ ᠶᠢ ᠲᠦᠯᠦᠪᠵᠢᠬᠦᠯᠪᠡ — | ᠨᠢᠭᠡᠳᠦᠯᠳᠠᠢ ᠲᠦᠯᠤᠪᠵᠢᠬᠦᠯᠬᠦ ᠶᠢ ᠪᠠᠷᠢᠮᠳᠠᠯᠠᠨ᠂ ᠦᠭᠡᠷᠡᠴᠢᠯᠡᠯᠳᠡ ᠶᠢᠨ ᠡᠬᠦᠷᠭᠡ ᠶᠢᠨ ᠲᠠᠩᠰᠠ᠂ ᠣᠨ ᠤ | ᠲᠠᠩᠰᠠ ᠪᠤᠯᠤᠨ ᠲᠤᠷᠰᠢᠯᠳᠠ ᠶᠢᠨ ᠴᠢᠭ᠋ ᠤᠨ ᠲᠠᠩᠰᠠ ᠵᠡᠷᠭᠡ 3 ᠲᠠᠩᠰᠠ ᠶᠢᠨ ᠬᠠᠮᠢᠶᠠᠷᠤᠯᠳᠠ ᠶᠢᠨ ᠵᠠᠬᠪᠤᠷ ᠢ | ᠪᠦᠷᠢᠯᠳᠦᠬᠦᠯᠵᠦ᠂ ᠦᠭᠡᠷᠡᠴᠢᠯᠡᠯᠳᠡ ᠶᠢᠨ ᠰᠢᠰᠲ᠋ᠧᠮᠳᠦ ᠴᠢᠨᠠᠷ ᠪᠤᠯᠤᠨ ᠵᠤᠬᠢᠴᠠᠯᠳᠦ ᠴᠢᠨᠠᠷ ᠢ ᠨᠡᠮᠡᠭᠳᠡᠬᠦᠯᠪᠡ᠃ | ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠶᠠᠪᠤᠬᠳᠠᠭᠤᠯᠤᠨ᠂ ᠦᠭᠡᠷᠡᠴᠢᠯᠡᠯᠳᠡ ᠶᠢ ᠪᠠᠨ ᠠᠯᠬᠤᠮ | ᠲᠠᠷᠠᠭ᠎ᠠ ᠲᠠᠢ ᠪᠠᠷ ᠬᠦᠨᠵᠡᠭᠡᠶᠢᠷᠡᠬᠦᠯᠦᠨ᠂ ᠡᠯ᠎ᠡ ᠲᠦᠷᠦᠯ ᠤᠨ ᠦᠭᠡᠷᠡᠴᠢᠯᠡᠯᠳᠡ ᠶᠢᠨ ᠵᠠᠮ ᠱᠤᠭᠤᠮ ᠤᠨ ᠵᠢᠷᠤᠭ᠂ | ᠴᠠᠭ ᠤᠨ ᠬᠦᠰᠦᠨᠦᠭᠳᠦ ᠪᠤᠯᠤᠨ ᠰᠢᠯᠭᠠᠨ ᠪᠠᠶᠢᠴᠠᠭᠠᠵᠦ ᠪᠤᠯᠬᠤᠢᠢᠴᠠ ᠪᠦᠳᠦᠭᠡᠯ ᠤᠨ ᠭᠡᠯᠪᠡᠷᠢ ᠶᠢ ᠲᠤᠳᠤᠷᠬᠠᠢᠢᠯᠠᠨ᠂ | ᠲᠤᠯᠤᠭᠠᠢᠢᠯᠠᠬᠴᠢ ᠪᠠᠶᠢᠭᠤᠯᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠤᠬᠢᠴᠠᠯ ᠲᠠᠢ ᠡᠮᠬᠢ | ᠲᠠᠷᠠᠭ᠎ᠠ ᠲᠠᠢ ᠦᠭᠡᠷᠡᠴᠢᠯᠡᠯᠳᠡ ᠶᠢᠨ ᠠᠵᠢᠯ ᠤᠨ ᠲᠤᠬᠳᠠᠯᠴᠠᠭ᠎ᠠ ᠶᠢ ᠪᠦᠷᠢᠯᠳᠦᠬᠦᠯᠪᠡ᠃ | ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠦᠭᠡᠷᠡᠴᠢᠯᠡᠯᠳᠡ ᠶᠢᠨ ᠲᠦᠰᠦᠯ ᠤᠨ ᠴᠢᠨᠠᠷ | ᠴᠢᠨᠰᠠᠭ᠎ᠠ ᠶᠢᠨ ᠪᠤᠭᠤᠮᠳᠠ ᠶᠢ ᠰᠠᠶᠢᠳᠤᠷ ᠠᠳᠬᠤᠵᠦ᠂ ᠡᠯ᠎ᠡ ᠲᠦᠷᠦᠯ ᠤᠨ ᠦᠭᠡᠷᠡᠴᠢᠯᠡᠯᠳᠡ ᠶᠢᠨ ᠠᠷᠭ᠎ᠠ | ᠠᠪᠴᠠᠯ ᠤᠨ ᠪᠤᠳᠠᠳᠠᠢ ᠠᠰᠠᠭᠤᠳᠠᠯ ᠢ ᠰᠢᠢᠳᠪᠦᠷᠢᠯᠡᠨ᠂ ᠪᠤᠳᠠᠳᠠᠢᠦᠷᠡ ᠠᠰᠢᠭ ᠤᠯᠬᠤ ᠶᠢ ᠪᠠᠳᠤᠯᠠᠪᠠ᠃ | ᠲᠤᠷᠰᠢᠯᠳᠠ ᠶᠢᠨ ᠴᠢᠭ᠋ ᠢᠶᠠᠷ ᠡᠬᠢᠯᠡᠯᠳᠡ ᠪᠣᠯᠭᠠᠨ ᠥᠭᠡᠷᠡᠴᠢᠯᠡᠯᠲᠡ ᠶᠢ ᠲᠠᠶᠢᠴᠢᠯᠠᠪᠠ — | ᠲᠤᠷᠰᠢᠯᠳᠠ ᠶᠢᠨ ᠴᠢᠭ᠋ ᠤᠨ ᠪᠦᠬᠦ ᠲᠠᠯ᠎ᠠ ᠶᠢᠨ ᠰᠢᠨᠵᠢᠳᠠᠢ ᠦᠭᠡᠷᠡᠴᠢᠯᠡᠯᠳᠡ ᠲᠠᠬᠢ ᠵᠢᠱᠢᠶ᠎ᠡ ᠲᠠᠭᠤᠷᠢᠶᠠᠯ᠂ | ᠰᠢᠪᠳᠤᠯᠤᠯᠳᠠ ᠪᠤᠯᠤᠨ ᠲᠠᠶᠢᠴᠢᠯᠠᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠦᠭᠡᠷᠡᠴᠢᠯᠡᠯᠳᠡ ᠶᠢᠨ | ᠴᠢᠭ᠋ ᠤᠨ ᠠᠵᠢᠯ ᠢ ᠴᠢᠩᠭᠠᠳᠬᠠᠬᠤ ᠲᠤᠬᠠᠢ ᠰᠠᠨᠠᠯ ᠢ ᠲᠤᠬᠳᠠᠭᠠᠨ᠂ ᠤᠯᠠᠨ ᠲᠠᠪᠬᠤᠷᠭᠠᠳᠦ ᠤᠯᠠᠨ ᠬᠦᠷᠢᠶ᠎ᠡ | ᠴᠠᠷᠠᠭᠠᠨ ᠤ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠲᠤᠬᠳᠠᠯᠴᠠᠭ᠎ᠠ ᠶᠢ ᠪᠦᠷᠢᠯᠳᠦᠬᠦᠯᠪᠡ᠃ | ᠰᠢ ᠶᠢᠨ ᠫᠢᠩ ᠶᠡᠷᠦᠩᠭᠡᠢ ᠱᠦᠵᠢ ᠶᠢᠨ ᠵᠠᠬᠢᠬᠰᠠᠨ ᠮᠠᠨ ᠤ ᠤᠷᠤᠨ ᠤ ᠤᠷᠢᠳᠴᠢᠯᠡᠨ ᠲᠤᠷᠰᠢᠨ ᠭᠡᠷᠡᠭᠵᠢᠬᠦᠯᠬᠦ | 3 ᠲᠦᠷᠦᠯ ᠤᠨ ᠦᠭᠡᠷᠡᠴᠢᠯᠡᠯᠳᠡ ᠶᠢ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠨ ᠠᠳᠬᠤᠵᠦ᠂ ᠲᠤᠰᠬᠠᠢ ᠬᠦᠴᠦᠨ ᠢ | ᠵᠤᠬᠢᠶᠠᠨ ᠪᠠᠶᠢᠭᠤᠯᠵᠦ᠂ ᠲᠤᠰᠬᠠᠢ ᠲᠦᠷᠦᠯ ᠵᠦᠢᠯ ᠢ ᠭᠡᠷᠡᠭᠵᠢᠬᠦᠯᠦᠨ ᠴᠢᠬᠤᠯᠠ ᠱᠠᠳᠤᠴᠢ ᠴᠢᠨᠠᠷᠳᠠᠢ ᠠᠮᠵᠢᠯᠳᠠ ᠶᠢ | ᠤᠯᠪᠠ᠃ ᠤᠯᠤᠰ ᠠᠴᠠ ᠮᠠᠨ ᠤ ᠤᠷᠤᠨ ᠳᠤ ᠦᠷᠨᠢᠬᠦᠯᠦᠭᠰᠡᠨ ᠪᠤᠶᠤ ᠵᠦᠪᠰᠢᠶᠡᠷᠡᠨ ᠴᠤᠬᠤᠯᠠᠪᠤᠷᠢᠯᠠᠬᠰᠠᠨ | ᠲᠤᠷᠰᠢᠯᠳᠠ ᠶᠢᠨ ᠴᠢᠭ᠋ ᠤᠨ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠦ᠂ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠪᠤᠳᠠᠳᠠᠶᠢᠵᠢᠭᠤᠯᠤᠬᠰᠠᠨ ᠠᠷᠭ᠎ᠠ ᠭᠡᠮᠵᠢᠶ᠎ᠡ ᠶᠢ ᠨᠠᠷᠢᠰᠬᠠᠨ᠂ ᠵᠤᠬᠢᠶᠠᠨ ᠪᠠᠶᠢᠭᠤᠯᠵᠦ | ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠳᠬᠤᠨ᠂ ᠯᠠᠪᠯᠠᠯᠳᠠ ᠪᠤᠯᠭᠠᠨ ᠲᠡᠯᠭᠡᠷᠡᠬᠦᠯᠦᠨ ᠲᠦᠭᠡᠮᠡᠯᠵᠢᠬᠦᠯᠬᠦ | ᠦᠭᠡᠷᠡᠴᠢᠯᠡᠯᠳᠡ ᠶᠢᠨ ᠠᠷᠭ᠎ᠠ ᠲᠤᠷᠰᠢᠯᠭ᠎ᠠ ᠶᠢ ᠴᠢᠷᠮᠠᠶᠢᠨ ᠪᠦᠷᠢᠯᠳᠦᠬᠦᠯᠪᠡ᠃ | ᠪᠤᠲᠠᠲᠠᠢ ᠠᠴᠠ ᠭᠠᠷᠲᠠᠬᠤ ᠶᠢ ᠪᠠᠷᠢᠮᠲᠠᠯᠠᠨ᠂ ᠨᠢᠬᠡ ᠪᠦᠯᠦᠭ ᠦᠪᠠᠷᠲᠠᠬᠡᠨ ᠵᠠᠰᠠᠬᠤ ᠤᠷᠤᠨ ᠤ | ᠦᠬᠡᠷᠠᠴᠢᠯᠠᠯᠲᠠ ᠶᠢᠨ ᠲᠤᠷᠰᠢᠯᠲᠠ ᠶᠢᠨ ᠴᠢᠭ᠋ ᠢ ᠦᠷᠨᠢᠬᠦᠯᠵᠤ᠂ ᠦᠨᠲᠤᠰᠤᠨ ᠱᠠᠲᠤᠨ ᠳᠤ ᠢᠲᠠᠪᠬᠢᠲᠠᠢ ᠪᠠᠷ | ᠤᠷᠢᠲᠠᠪᠠᠷ ᠬᠡᠷᠡᠭᠵᠢᠬᠦᠯᠵᠤ ᠤᠷᠢᠲᠠᠪᠠᠷ ᠲᠤᠷᠰᠢᠬᠤ ᠶᠢ ᠵᠤᠷᠢᠡᠡᠵᠢᠭᠤᠯᠤᠨ ᠲᠠᠮᠵᠢᠪᠠ᠃ ᠨᠠᠮ ᠤᠨ ᠠᠷᠪᠠᠨ ᠨᠠᠢᠮᠠᠲᠤᠭᠠᠷ | ᠬᠤᠭᠤᠴᠠᠭᠠᠨ ᠤ ᠭᠤᠷᠪᠠᠲᠤᠭᠠᠷ ᠪᠦᠬᠦᠲᠠ ᠬᠤᠷᠠᠯ ᠠᠴᠠ ᠨᠠᠰᠢ᠂ ᠪᠦᠬᠦ ᠤᠷᠤᠨ ᠨᠠᠶᠢᠲᠠ ᠦᠪᠠᠷᠲᠠᠬᠡᠨ ᠵᠠᠰᠠᠬᠤ | ᠤᠷᠤᠨ ᠤ ᠱᠠᠲᠤᠨ ᠠᠴᠠ ᠲᠠᠬᠡᠭᠰᠢᠬᠢ ᠡᠯ᠎ᠠ ᠲᠦᠷᠦᠯ ᠤᠨ ᠦᠬᠡᠷᠠᠴᠢᠯᠠᠯᠲᠠ ᠶᠢᠨ ᠲᠤᠷᠰᠢᠯᠲᠠ ᠶᠢᠨ ᠴᠢᠭ᠋ 116 | ᠵᠦᠢᠯ᠂ ᠡᠯ᠎ᠠ ᠠᠶᠢᠮᠠᠬ ᠬᠤᠲᠠ ᠶᠢᠨ ᠦᠪᠠᠰᠤᠪᠠᠨ ᠦᠷᠨᠢᠬᠦᠯᠦᠭᠰᠡᠨ ᠲᠤᠷᠰᠢᠯᠲᠠ ᠶᠢᠨ ᠴᠢᠭ᠋ 221 ᠵᠦᠢᠯ ᠪᠠᠶᠢᠵᠤ᠂ | ᠴᠠᠬᠢᠯᠭᠠᠨ ᠬᠦᠴᠤᠨ ᠤ ᠵᠠᠬ᠎ᠠ ᠲᠠᠯᠬᠡᠬᠦᠷᠵᠢᠯᠲᠠ ᠶᠢᠨ ᠦᠬᠡᠷᠠᠴᠢᠯᠠᠯᠲᠠ᠂ ᠤᠲᠤᠷᠢᠳᠬᠤ ᠺᠠᠳ᠋ᠷ ᠤᠨ ᠪᠠᠶᠢᠭᠠᠯᠢ ᠶᠢᠨ | ᠡᠬᠢ ᠪᠠᠶᠠᠯᠢᠭ ᠤᠨ ᠡᠳ᠋ ᠬᠦᠷᠦᠩᠬᠡ ᠶᠢᠨ ᠲᠤᠰᠢᠶᠠᠯ ᠠᠴᠠ ᠰᠠᠯᠬᠤ ᠳᠤᠨᠢ ᠬᠢᠨᠠᠨ ᠪᠤᠲᠤᠯᠲᠠ ᠬᠢᠬᠦ᠂ ᠤᠰᠤᠨ ᠤ | ᠡᠷᠬᠡ ᠶᠢᠨ ᠰᠤᠯᠢᠯᠴᠠᠭ᠎ᠠ᠂ ᠨᠠᠬᠦᠷᠠᠰᠦᠲᠦ᠋ᠷᠦᠭᠴᠢ ᠶᠢ ᠭᠠᠲᠠᠭᠰᠢᠯᠠᠭᠤᠯᠬᠤ ᠡᠷᠬᠡ ᠶᠢᠨ ᠰᠤᠯᠢᠯᠴᠠᠭ᠎ᠠ ᠵᠡᠷᠬᠡ ᠨᠢᠬᠡ | ᠪᠦᠯᠦᠭ ᠦᠬᠡᠷᠠᠴᠢᠯᠠᠯᠲᠠ ᠶᠢᠨ ᠲᠤᠷᠰᠢᠯᠲᠠ ᠶᠢᠨ ᠴᠢᠭ᠋ ᠪᠦᠬᠦ ᠤᠯᠤᠰ ᠤᠨ ᠡᠮᠤᠨ᠎ᠠ ᠡᠩᠨᠡᠬᠡᠨ ᠳᠤ ᠵᠢᠭᠰᠠᠵᠠᠢ᠃ | ᠦᠬᠡᠷᠠᠴᠢᠯᠠᠯᠲᠠ ᠶᠢ ᠬᠦᠲᠤᠯᠤᠨ ᠲᠠᠭᠠᠭᠤᠯᠵᠤ ᠬᠦᠭᠵᠢᠯᠲᠠ ᠶᠢᠨ ᠲᠠᠰ ᠲᠠᠪᠰᠢᠬᠦ ᠳᠤ ᠬᠦᠴᠤᠷᠬᠡᠭ ᠶᠡᠭᠡ | ᠬᠥᠳᠡᠯᠭᠡᠬᠦ ᠢ ᠬᠠᠨᠭ᠍ᠭᠠᠵᠠᠢ | ᠠᠵᠤ ᠠᠬᠤᠢ ᠶᠢᠨ ᠪᠠᠶᠢᠭᠤᠯᠤᠮᠵᠢ ᠶᠢᠨ ᠦᠬᠡᠷᠠᠴᠢᠯᠠᠯᠲᠠ ᠪᠤᠯ ᠦᠬᠡᠷᠠᠴᠢᠯᠠᠯᠲᠠ ᠶᠢ ᠪᠦᠬᠦ ᠲᠠᠯ᠎ᠠ ᠪᠠᠷ | ᠬᠦᠨᠵᠡᠬᠡᠶᠢᠷᠠᠬᠦᠯᠬᠦ ᠭᠤᠤᠯ ᠴᠢᠮᠤᠬᠡ ᠪᠠᠶᠢᠵᠤ᠂ ᠵᠠᠬ᠎ᠠ ᠲᠠᠯᠬᠡᠬᠦᠷ ᠤᠨ ᠠᠮᠢᠵᠢᠷᠠᠯ ᠤᠨ ᠬᠦᠴᠤᠨ ᠢ ᠬᠦᠭᠵᠢᠬᠡᠬᠦ | ᠵᠠᠩᠬᠢᠯᠠᠭ᠎ᠠ ᠶᠢᠨ ᠠᠷᠭ᠎ᠠ ᠠᠪᠴᠠᠯ ᠶᠤᠮ᠃ ᠮᠠᠨ ᠤ ᠤᠷᠤᠨ ᠵᠤᠷᠢᠭᠲᠠᠢ ᠪᠠᠷ ᠬᠠᠶᠢᠨ ᠰᠦᠪᠡᠭᠴᠢᠯᠠᠵᠤ᠂ ᠤᠷᠢᠲᠠᠪᠠᠷ | ᠬᠡᠷᠡᠭᠵᠢᠬᠦᠯᠤᠨ ᠤᠷᠢᠲᠠᠪᠠᠷ ᠲᠤᠷᠰᠢᠵᠤ᠂ ᠦᠬᠡᠷᠠᠴᠢᠯᠠᠯᠲᠠ ᠶᠢᠨ ᠠᠷᠭ᠎ᠠ ᠤᠬᠠᠭᠠᠨ ᠢ ᠬᠦᠭᠵᠢᠯᠲᠠ ᠶᠢᠨ ᠲᠠᠰ | ᠲᠠᠪᠰᠢᠬᠦ ᠬᠦᠴᠢᠷ ᠠᠰᠠᠭᠤᠲᠠᠯ ᠢ ᠰᠢᠢᠳᠪᠤᠷᠢᠯᠡᠬᠦ ᠲᠠᠬᠡᠷ᠎ᠠ ᠲᠠᠯᠪᠢᠵᠤ᠂ ᠦᠬᠡᠷᠠᠴᠢᠯᠠᠯᠲᠠ ᠶᠢᠨ ᠠᠰᠢᠭ ᠤᠯᠵᠠᠪᠤᠷᠢ ᠶᠢ | ᠬᠤᠪᠢᠷᠠᠭᠤᠯᠤᠨ ᠬᠦᠭᠵᠢᠯᠲᠠ ᠶᠢᠨ ᠲᠠᠰ ᠲᠠᠪᠰᠢᠬᠦ ᠰᠢᠨ᠎ᠠ ᠬᠦᠲᠠᠯᠬᠡᠬᠦᠷ ᠪᠤᠯᠭᠠᠬᠤ ᠪᠠᠷ ᠴᠢᠷᠮᠠᠶᠢᠪᠠ — | ᠦᠷᠬᠦᠯᠵᠢᠯᠠᠨ ᠵᠠᠰᠠᠭ ᠢ ᠴᠤᠮᠬᠠᠳᠬᠠᠨ ᠡᠷᠬᠡ ᠶᠢ ᠲᠠᠯᠪᠢᠵᠤ᠂ ᠬᠤᠲᠠᠯᠲᠤᠭᠠᠨ ᠤ ᠶᠠᠪᠤᠲᠠᠯ ᠤᠨ ᠲᠦᠷᠢᠮ ᠤᠨ | ᠦᠬᠡᠷᠠᠴᠢᠯᠠᠯᠲᠠ ᠶᠢ ᠬᠦᠨᠵᠡᠬᠡᠶᠢᠷᠠᠬᠦᠯᠵᠤ᠂ ᠵᠠᠬ᠎ᠠ ᠲᠠᠯᠬᠡᠬᠦᠷ ᠤᠨ ᠰᠢᠨ᠎ᠠ ᠠᠮᠢᠵᠢᠷᠠᠯ ᠤᠨ ᠬᠦᠴᠤᠨ ᠢ ᠬᠦᠭᠵᠢᠬᠡᠵᠠᠢ᠃ | ᠦᠪᠠᠷᠲᠠᠬᠡᠨ ᠵᠠᠰᠠᠬᠤ ᠤᠷᠤᠨ᠂ ᠠᠶᠢᠮᠠᠬ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠤᠨ ᠤᠷᠲᠤᠨ | ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠦᠬᠦᠨ ᠢ ᠨᠠᠶᠢᠲᠠᠯᠠᠵᠤ᠂ ᠦᠪᠠᠷᠲᠠᠬᠡᠨ ᠵᠠᠰᠠᠬᠤ ᠤᠷᠤᠨ ᠤ ᠲᠤᠰ | ᠱᠠᠲᠤᠨ ᠤ ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠭᠰᠠᠨ ᠨᠤᠷᠮ᠎ᠠ 45% ᠳᠤ ᠬᠦᠷᠴᠠᠢ᠃ | ᠤᠯᠤᠰ ᠤᠨ ᠦᠮᠴᠢᠯᠠᠯᠲᠤ ᠠᠵᠤ ᠠᠬᠤᠢᠢᠯᠠᠯ ᠪᠠ ᠦᠨ᠎ᠠ ᠬᠠᠨᠭ᠍ᠰᠢ ᠶᠢᠨ ᠦᠬᠡᠷᠠᠴᠢᠯᠠᠯᠲᠠ ᠶᠢ | ᠬᠦᠨᠵᠠᠬᠡᠶᠢᠷᠠᠬᠦᠯᠬᠦ ᠶᠢ ᠠᠬᠢᠭᠤᠯᠤᠨ᠂ ᠰᠢᠨ᠎ᠠ ᠬᠦᠲᠠᠯᠬᠡᠬᠡᠨ ᠤ ᠡᠨᠧᠷᠬᠢ ᠶᠢᠨ ᠬᠦᠭᠵᠢᠯᠲᠠ ᠶᠢ ᠢᠯᠭᠠᠷᠠᠭᠤᠯᠪᠠ᠃ | ᠡᠳ᠋ ᠤᠨ ᠵᠠᠰᠠᠭ ᠭᠠᠶᠢᠯᠢ ᠮᠦᠡᠭᠬᠦᠨ ᠬᠦᠢᠯᠬᠡᠬᠡᠨ ᠤ ᠦᠬᠡᠷᠠᠴᠢᠯᠠᠯᠲᠠ ᠶᠢ ᠠᠬᠢᠭᠤᠯᠵᠤ᠂ ᠪᠤᠲᠠᠲᠤ | ᠴᠤᠭᠴᠠ ᠶᠢᠨ ᠠᠵᠤ ᠠᠬᠤᠢ ᠳᠤ ᠦᠢᠯᠡᠴᠢᠯᠡᠬᠦ ᠰᠢᠨ᠎ᠠ ᠲᠤᠭᠲᠠᠴᠠ ᠶᠢ ᠪᠦᠷᠢᠨᠰᠢᠬᠦᠯᠵᠠᠢ᠃ ᠲᠦᠰᠤᠪ ᠤᠨ | ᠬᠠᠮᠢᠶᠠᠷᠤᠯᠲᠠ ᠶᠢᠨ ᠲᠦᠷᠢᠮ ᠤᠨ ᠦᠬᠡᠷᠠᠴᠢᠯᠠᠯᠲᠠ ᠶᠢ ᠦᠷᠬᠦᠯᠵᠢᠯᠠᠨ ᠠᠬᠢᠭᠤᠯᠵᠤ᠂ ︽ᠲᠠᠷᠢᠶᠠᠴᠢᠨ ᠢ ᠬᠠᠪᠰᠤᠷᠬᠤ | ᠮᠦᠡᠭᠬᠦᠨ ᠬᠦᠢᠯᠬᠡᠬᠡᠨ ᠤ ᠦᠢᠯᠡᠴᠢᠯᠡᠬᠡᠨ ᠤ ᠴᠢᠭ᠋︾ ᠢ ᠪᠦᠬᠦᠨ ᠢ ᠪᠦᠷᠬᠦᠬᠦᠯᠬᠦ ᠶᠢ ᠪᠠᠶᠠᠯᠡᠬᠦᠯᠵᠠᠢ᠃ | ᠨᠠᠬᠡᠬᠡᠯᠲᠠᠲᠤ ᠬᠡᠯᠪᠠᠷᠢ ᠶᠢᠨ ᠠᠵᠤ ᠠᠬᠤᠢ ᠶᠢᠨ ᠰᠢᠨ᠎ᠠ ᠪᠠᠶᠢᠭᠤᠯᠤᠮᠵᠢ ᠶᠢᠨ ᠦᠬᠡᠷᠠᠴᠢᠯᠠᠯᠲᠠ ᠶᠢ | ᠲᠦᠷᠬᠡᠳᠬᠡᠨ᠂ ᠦᠨᠲᠤᠷ ᠲᠦᠪᠰᠢᠨ ᠪᠦᠬᠦᠢ ᠨᠠᠬᠡᠬᠡᠯᠲᠠᠲᠤ ᠰᠢᠨ᠎ᠠ ᠲᠤᠭᠲᠠᠯᠴᠠᠭ᠎ᠠ ᠶᠢ ᠡᠬᠦᠲᠤᠨ ᠪᠠᠶᠢᠭᠤᠯᠵᠠᠢ᠃ | ᠠᠩᠬᠠᠲᠤᠭᠠᠷ ᠬᠤᠭᠤᠴᠠᠭᠠᠨ ᠤ ᠲᠤᠮᠲᠠᠲᠤ ᠮᠤᠩᠭᠤᠯ ᠤᠨ ᠦᠵᠡᠰᠬᠦᠯᠡᠩ ᠤᠨ ᠴᠤᠭᠯᠠᠭᠠᠨ ᠢ ᠠᠮᠵᠢᠯᠲᠠ ᠲᠠᠢ | ᠡᠷᠬᠢᠯᠠᠵᠤ᠂ 166 ᠡᠯ᠎ᠠ ᠲᠦᠷᠦᠯ ᠤᠨ ᠬᠠᠮᠲᠤᠷᠠᠯᠴᠠᠭᠠᠨ ᠤ ᠬᠡᠯᠡᠯᠴᠡᠬᠡᠷ ᠤᠨ ᠪᠢᠴᠢᠭ ᠲᠤ ᠭᠠᠷ ᠤᠨ ᠦᠰᠦᠭ | ᠵᠢᠷᠤᠵᠤ᠂ ᠪᠠᠯᠠ ᠤᠷᠤᠭᠤᠯᠤᠯᠲᠠ ᠶᠢᠨ ᠵᠤᠭᠤᠰ ᠤᠨ ᠲᠤᠭ᠎ᠠ 1485.9 ᠳ᠋ᠦᠡᠭᠰᠢᠭᠤᠷ ᠲᠦᠬᠦᠷᠢᠭ ᠲᠤ ᠬᠦᠷᠪᠠ᠃ | ᠰᠠᠶᠢᠨ ᠰᠠᠶᠢᠬᠠᠨ ᠠᠮᠢ ᠠᠬᠤᠢ ᠪᠤᠯ ᠦᠪᠤᠷ ᠮᠤᠩᠭᠤᠯ ᠤᠨ ︽ᠠᠯᠲᠠᠨ ᠦᠰᠦᠭᠲᠤ ᠬᠠᠶ᠋ᠶᠢᠭ︾ ᠮᠦᠨ᠂ | ᠠᠮᠢ ᠠᠬᠤᠢ ᠶᠢᠨ ᠪᠤᠯᠪᠠᠰᠤᠨ ᠤ ᠭᠤᠤᠯ ᠴᠤᠭᠴᠠ ᠶᠢᠨ ᠴᠢᠲᠠᠮᠵᠢ ᠶᠢᠨ ᠤᠷᠤᠨ ᠤ ᠪᠦᠲᠦᠬᠡᠨ ᠪᠠᠶᠢᠭᠤᠯᠤᠯᠲᠠ | ᠤᠯᠤᠰ ᠤᠨ ᠪᠠᠶᠢᠯᠲᠤᠬᠤ ᠪᠤᠲᠤᠯᠭ᠎ᠠ ᠳᠤ ᠲᠠᠪᠰᠢᠭᠰᠠᠨ ᠠᠴᠠ ᠨᠠᠰᠢ᠂ ᠮᠠᠨ ᠤ ᠤᠷᠤᠨ ᠪᠤᠬᠢᠷᠲᠤᠯ ᠦᠬᠡᠢ ᠲᠤᠤᠷ᠎ᠠ | ᠨᠠᠬᠦᠷᠠᠰᠤᠲᠦ᠋ᠷᠦᠭᠴᠢᠲᠤ ᠬᠦᠭᠵᠢᠯᠲᠠ ᠪᠠᠷ ᠬᠦᠴᠤᠷᠬᠡᠭ ᠶᠡᠭᠡ ᠬᠦᠲᠠᠯᠬᠡᠭᠴᠢ ᠬᠦᠴᠤᠨ ᠪᠤᠯᠭᠠᠵᠠᠢ᠃ | 2015 ᠤᠨ ᠳᠤ᠂ ᠮᠠᠨ ᠤ ᠤᠷᠤᠨ ᠤᠯᠤᠰ ᠤᠨ ᠭᠠᠵᠠᠷ ᠰᠢᠷᠤᠢ ᠤᠷᠤᠨ ᠵᠠᠢ ᠶᠢ ᠨᠠᠬᠡᠬᠡᠨ ᠬᠦᠭᠵᠢᠬᠦᠯᠤᠨ | ᠬᠠᠮᠠᠭᠠᠯᠠᠬᠤ ᠲᠦᠷᠢᠮ ᠢ ᠪᠠᠶᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠬᠡᠷᠠᠴᠢᠯᠠᠯᠲᠠ ᠰᠢᠨ᠎ᠠ | ᠲᠠᠪᠠᠯᠲᠠ ᠶᠢ ᠪᠠᠶᠠᠯᠡᠬᠦᠯᠪᠠ᠃ | ᠨᠠᠶᠢᠬᠡᠮ ᠤᠨ ᠬᠠᠯᠠᠮᠵᠢᠯᠠᠯ ᠲᠠᠢ ᠨᠢᠭᠲᠠ ᠤᠶᠠᠯᠲᠤᠭᠤᠯᠵᠤ ᠡᠯ᠎ᠠ ᠬᠦᠷᠢᠶᠠᠨ ᠳᠠᠬᠢ ᠦᠬᠡᠷᠠᠴᠢᠯᠠᠯᠲᠠ ᠭᠠᠵᠠᠷ | ᠲᠤᠦᠨᠲᠤᠰᠤᠯᠠᠨ ᠴᠡᠴᠡᠭ ᠲᠠᠯᠬᠡᠷᠠᠵᠡᠢ | — — ᠠᠷᠠᠳᠴᠢᠯᠠᠯ ᠬᠠᠤᠯᠢ ᠳᠦᠷᠢᠮ ᠤᠨ ᠬᠦᠷᠢᠶᠡᠨ ᠳᠠᠬᠢ ᠦᠬᠡᠷᠡᠴᠢᠯᠡᠯᠳᠡ ᠡᠮᠬᠢ ᠴᠡᠭᠴᠡ ᠲᠠᠢ | ᠶᠠᠪᠤᠬᠳᠠᠵᠥ᠂ ᠬᠠᠤᠯᠢᠵᠢᠯ ᠦᠪᠦᠷ ᠮᠤᠩᠭᠤᠯ ᠤᠨ ᠪᠠᠶᠢᠭᠤᠯᠤᠯᠳᠠ ᠰᠢᠨ᠎ᠡ ᠠᠯᠬᠤᠭ᠎ᠠ ᠪᠠᠨ ᠠᠯᠬᠤᠪᠠ᠃ ᠦᠪᠡᠷᠳᠡᠬᠡᠨ | ᠵᠠᠰᠠᠬᠤ ᠤᠷᠤᠨ᠂ ᠬᠤᠳᠠ᠂ ᠭᠠᠵᠠᠷ ᠤᠷᠤᠨ ᠤ ᠬᠠᠤᠯᠢ ᠳᠤᠬᠳᠠᠭᠠᠬᠤ ᠡᠷᠬᠡ ᠶᠢᠨ ᠦᠬᠡᠷᠡᠴᠢᠯᠡᠯᠳᠡ ᠶᠢ ᠢᠳᠡᠪᠬᠢᠳᠠᠢ | ᠳᠦᠯᠬᠢᠨ ᠠᠬᠢᠭᠤᠯᠵᠥ᠂ ᠬᠢᠨᠠᠨ ᠪᠠᠶᠢᠴᠠᠭᠠᠯᠳᠠ ᠠᠴᠠ ᠢᠯᠡᠷᠡᠬᠦᠯᠦᠭᠰᠡᠨ ᠠᠰᠠᠭᠤᠳᠠᠯ ᠢ ᠵᠠᠰᠠᠨ ᠰᠠᠶᠢᠵᠢᠷᠠᠭᠤᠯᠬᠤ | ᠱᠠᠯᠠᠪᠳᠠᠨ ᠬᠢᠯᠬᠡᠬᠦ ᠠᠵᠢᠯ ᠤᠨ ᠳᠤᠬᠳᠠᠴᠠ ᠶᠢ ᠵᠠᠰᠠᠨ ᠰᠠᠶᠢᠵᠢᠷᠠᠭᠤᠯᠵᠥ ᠪᠦᠷᠢᠨᠰᠢᠬᠦᠯᠵᠡᠢ᠃ | — — ᠰᠤᠶᠤᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠪᠠᠳᠤᠳᠠᠢ ᠠᠬᠢᠭᠤᠯᠵᠥ᠂ ᠰᠤᠶᠤᠯ ᠤᠨ | ᠡᠬᠦᠳᠬᠦ ᠬᠦᠴᠦᠨ ᠪᠤᠯᠤᠨ ᠨᠦᠯᠦᠬᠡᠯᠡᠬᠦ ᠬᠦᠴᠦᠨ ᠢ ᠤᠯᠠᠮ ᠴᠢᠨᠠᠬᠰᠢᠳᠠ ᠬᠦᠭᠵᠢᠬᠦᠯᠵᠡᠢ᠃ ᠮᠠᠨ ᠤ ᠤᠷᠤᠨ | ᠤᠯᠠᠮᠵᠢᠯᠠᠯᠳᠤ ᠵᠠᠭᠤᠴᠢᠯᠠᠭᠤᠷ ᠪᠤᠯᠤᠨ ᠰᠢᠨ᠎ᠡ ᠵᠠᠭᠤᠴᠢᠯᠠᠭᠤᠷ ᠤᠨ ᠠᠭᠤᠰᠤᠯᠴᠠᠨ ᠬᠦᠭᠵᠢᠬᠦ ᠳᠤᠬᠳᠠᠴᠠ ᠵᠡᠷᠬᠡ | ᠨᠢᠬᠡ ᠪᠦᠯᠦᠭ ᠦᠬᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠭᠤᠤᠯᠳᠠᠯᠭ᠎ᠠ ᠲᠠᠢ ᠡᠬᠦᠳᠦᠨ ᠭᠠᠷᠭᠠᠵᠥ᠂ ᠤᠯᠠᠨ | ᠨᠡᠶᠢᠳᠡ ᠶᠢᠨ ᠰᠤᠶᠤᠯ ᠤᠨ ᠦᠢᠯᠡᠰ ᠤᠨ ᠠᠮᠢᠵᠢᠷᠠᠯ ᠤᠨ ᠬᠦᠴᠦᠨ ᠢ ᠬᠦᠢᠴᠡᠳ ᠬᠦᠭᠵᠢᠬᠡᠵᠡᠢ᠃ | — — ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠯᠠᠪᠳᠠᠭᠤᠨ ᠢᠶᠠᠷ ᠳᠦᠯᠬᠢᠨ | ᠠᠬᠢᠭᠤᠯᠵᠥ᠂ ᠬᠠᠤᠯᠢᠵᠢᠯ ᠤᠨ ᠤᠷᠴᠢᠨ ᠤᠯᠠᠮ ᠨᠢᠬᠡ ᠠᠯᠬᠤᠮ ᠴᠢᠩᠭᠠᠷᠠᠵᠠᠢ᠃ ᠬᠠᠤᠯᠢ ᠴᠠᠭᠠᠵᠠ ᠶᠢᠨ | ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠳᠦᠷᠪᠡᠨ ᠳᠦᠷᠦᠯ ᠤᠨ ᠳᠤᠷᠰᠢᠯᠳᠠ ᠶᠢᠨ ᠴᠢᠬ ᠤᠨ ᠠᠵᠢᠯ ᠢ ᠯᠠᠪᠳᠠᠭᠤᠨ | ᠢᠳᠡᠪᠬᠢᠳᠡᠢ ᠳᠦᠯᠬᠢᠨ ᠠᠬᠢᠭᠤᠯᠵᠥ᠂ 56 ᠬᠦᠮᠦᠨ ᠢ ᠰᠤᠩᠭᠤᠨ ᠦᠪᠡᠷᠳᠡᠬᠡᠨ ᠵᠠᠰᠠᠬᠤ ᠤᠷᠤᠨ ᠤ ᠰᠢᠬᠦᠭᠴᠢ᠂ | ᠪᠠᠶᠢᠴᠠᠭᠠᠬᠴᠢ ᠶᠢᠨ ᠳᠤᠰᠬᠠᠢ ᠮᠡᠷᠬᠡᠵᠢᠯᠳᠡᠨ ᠤ ᠬᠦᠮᠦᠷᠬᠡ ᠳᠤ ᠳᠤᠮᠢᠯᠠᠵᠥ᠂ ᠠᠷᠠᠳ ᠤᠨ ᠬᠠᠪᠰᠤᠷᠤᠨ ᠰᠢᠬᠦᠭᠴᠢ | ᠰᠢᠨ᠎ᠡ ᠪᠠᠷ 2458 ᠬᠦᠮᠦᠨ ᠨᠡᠮᠡᠭᠳᠡᠵᠥ᠂ ᠠᠷᠠᠳ ᠤᠨ ᠬᠢᠨᠠᠬᠴᠢ 458 ᠬᠦᠮᠦᠨ ᠢ ᠰᠤᠩᠭᠤᠨ ᠳᠤᠮᠢᠯᠠᠵᠠᠢ᠃ | — — ᠨᠡᠶᠢᠬᠡᠮ ᠤᠨ ᠠᠵᠢᠯ ᠦᠢᠯᠡᠰ ᠤᠨ ᠦᠬᠡᠷᠡᠴᠢᠯᠡᠯᠳᠡ ᠠᠷᠠᠳ ᠤᠨ ᠠᠮᠢᠳᠤᠷᠠᠯ ᠳᠤ ᠳᠦᠪᠯᠡᠷᠡᠵᠥ᠂ | ᠠᠷᠠᠳ ᠤᠯᠠᠨ ᠤ ᠬᠦᠷᠲᠡᠬᠦ ᠳᠦᠷᠦᠭᠳᠡᠯ ᠢ ᠴᠢᠩᠭᠠᠳᠬᠠᠵᠠᠢ᠃ ᠦᠬᠡᠷᠡᠴᠢᠯᠡᠯᠳᠡ ᠶᠢᠨ ᠦᠨᠳᠦᠰᠦᠨ ᠡᠬᠢᠯᠡᠯᠲᠡ ᠶᠢᠨ | ᠴᠡᠭ ᠢ ᠪᠠᠳᠤ ᠡᠵᠡᠮᠰᠢᠵᠥ᠂ ᠮᠠᠨ ᠤ ᠤᠷᠤᠨ ᠠᠴᠠ ᠨᠢᠬᠡ ᠪᠦᠯᠦᠭ ︽ᠳᠤᠳᠠᠭᠤᠳᠠᠯ ᠢ ᠨᠦᠬᠦᠪᠦᠷᠢᠯᠡᠬᠦ︾᠂ ︽ | ᠬᠤᠷᠢᠭ᠎ᠠ ᠱᠤᠭᠤᠮ ᠢ ᠪᠠᠳᠤᠯᠠᠬᠤ︾ ᠴᠢᠩᠭ᠎ᠠ ᠠᠷᠭ᠎ᠠ᠂ ᠪᠤᠳᠠᠳᠠᠢ ᠠᠷᠭ᠎ᠠ ᠶᠢ ᠭᠠᠷᠭᠠᠵᠠᠢ᠃ | — — ᠨᠠᠮ ᠤᠨ ᠪᠠᠶᠢᠭᠤᠯᠤᠯᠳᠠ ᠶᠢᠨ ᠳᠦᠷᠢᠮ ᠤᠨ ᠦᠬᠡᠷᠡᠴᠢᠯᠡᠯᠳᠡ ᠶᠢ ᠦᠷᠬᠡᠨ ᠬᠦᠨᠵᠡᠬᠡᠢ ᠪᠠᠷ | ᠳᠦᠯᠬᠢᠨ ᠠᠬᠢᠭᠤᠯᠵᠥ᠂ ᠬᠠᠮᠢᠶᠠᠷᠤᠯᠳᠠ ᠪᠦᠬᠦ ᠳᠠᠯ᠎ᠠ ᠶᠢᠨ᠂ ᠪᠠᠷᠢᠮᠵᠢᠶ᠎ᠠ ᠴᠢᠩᠭ᠎ᠠ᠂ ᠭᠤᠬᠴᠤᠭ᠎ᠠ ᠵᠠᠯᠭᠠᠯᠳᠤᠬᠰᠠᠨ᠂ | ᠠᠷᠭ᠎ᠠ ᠬᠡᠮᠵᠢᠶ᠎ᠡ ᠢᠵᠢ ᠳᠦᠬᠦᠷᠵᠢᠭᠰᠡᠨ᠂ ᠬᠠᠷᠢᠭᠤᠴᠠᠯᠭ᠎ᠠ ᠳᠤᠳᠤᠷᠬᠠᠢ ᠪᠤᠯᠬᠤ ᠺᠠᠳ᠋ᠷ ᠰᠤᠩᠭᠤᠨ ᠬᠡᠷᠡᠭᠯᠡᠬᠦ | ᠳᠦᠷᠢᠮ ᠤᠨ ᠬᠡᠯᠬᠢᠶᠠᠰᠤ ᠶᠢ ᠪᠦᠷᠢᠯᠳᠦᠬᠦᠯᠵᠡᠢ᠃ | — — ᠨᠠᠮ ᠤᠨ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠳᠠᠷᠦ᠋ᠢᠬᠠᠨ | ᠵᠠᠰᠠᠨ ᠰᠢᠯᠢᠳᠡᠭᠵᠢᠬᠦᠯᠵᠥ᠂ ᠰᠤᠷᠳᠠᠯ ᠴᠢᠬᠡᠴᠢ ᠳᠦᠪ ᠭᠤᠤᠯᠴᠢ ᠤᠯᠤᠰ ᠳᠦᠷᠦ ᠶᠢᠨ ᠠᠮᠢ ᠠᠬᠤᠢ ᠶᠢ ᠪᠤᠢ | ᠪᠤᠯᠭᠠᠵᠠᠢ᠃ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠶᠢᠨ ᠭᠤᠤᠯ ᠴᠤᠬᠴᠠ ᠶᠢᠨ | ᠬᠠᠷᠢᠭᠤᠴᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠥ᠂ ᠨᠠᠮ ᠤᠨ ᠰᠤᠷᠳᠠᠯ ᠴᠢᠬᠡᠴᠢ ᠵᠠᠰᠠᠬ ᠤᠨ | ᠪᠠᠶᠢᠭᠤᠯᠤᠯᠳᠠ ᠶᠢᠨ ᠰᠢᠯᠭᠠᠬᠤ ᠬᠤᠪᠢ ᠶᠢᠨ ᠵᠢᠩ ᠢ 5% ᠠᠴᠠ 20% ᠪᠤᠯᠳᠠᠯ᠎ᠠ ᠨᠡᠮᠡᠭᠳᠡᠬᠦᠯᠵᠡᠢ᠃ | ᠁ ᠁ | ᠨᠢᠬᠡ ᠪᠦᠯᠦᠭ ᠦᠬᠡᠷᠡᠴᠢᠯᠡᠯᠳᠡ ᠨᠢ ᠬᠦᠮᠦᠰ ᠲᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠬ ᠤᠨ ᠤᠷᠳᠤᠨ ᠤ ᠦᠬᠡᠷᠡᠴᠢᠯᠡᠯᠳᠡ ᠶᠢ ᠪᠦᠬᠦ ᠳᠠᠯ᠎ᠡ ᠪᠠᠷ ᠬᠦᠨᠵᠡᠬᠡᠶᠢᠷᠡᠬᠦᠯᠬᠦ ᠡᠷᠡᠰ ᠪᠠᠳᠤ ᠰᠦᠰᠦ ᠵᠤᠷᠢᠬ ᠢ | ᠬᠠᠷᠠᠭᠤᠯᠵᠥ ᠴᠢᠳᠠᠵᠠᠢ᠃ 2015 ᠤᠨ ᠤ ᠡᠴᠤᠰ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠭᠤᠤᠯᠳᠠᠯᠭᠠᠳᠤ | ᠦᠬᠡᠷᠡᠴᠢᠯᠡᠯᠳᠡ ᠶᠢᠨ ᠡᠬᠦᠷᠬᠡ ᠪᠦᠬᠦ ᠳᠡᠯ᠎ᠡ ᠪᠠᠷ ᠪᠡᠶᠡᠯᠡᠭᠳᠡᠵᠥ᠂ ᠪᠦᠬᠦ ᠵᠢᠯ ᠢᠶᠠᠷ ᠢᠶᠠᠨ ᠦᠬᠡᠷᠡᠴᠢᠯᠡᠯᠳᠡ ᠶᠢᠨ ᠦᠷ᠎ᠡ | ᠪᠦᠳᠦᠮᠵᠢ ᠶᠢ ᠨᠡᠶᠢᠳᠡ 407 ᠵᠤᠷᠪᠤᠰ ᠭᠠᠷᠭᠠᠵᠥ᠂ ᠪᠦᠬᠦ ᠤᠷᠤᠨ ᠢᠶᠠᠷ ᠢᠶᠠᠨ ᠦᠬᠡᠷᠡᠴᠢᠯᠠᠯᠳᠠ ᠶᠢᠨ | ᠳᠦᠯᠦᠪᠵᠢᠬᠦᠯᠬᠡ ᠶᠢᠨ ᠳᠠᠩᠰᠠᠯᠠᠬᠰᠠᠨ ᠡᠬᠦᠷᠬᠡ ᠶᠢᠨ 63% ᠢ ᠨᠢᠬᠡᠨᠳᠡ ᠪᠡᠶᠡᠯᠡᠬᠦᠯᠵᠥ᠂ ᠴᠢᠬᠤᠯᠠ ᠱᠠᠳᠤᠴᠢ | ᠴᠢᠨᠠᠷᠳᠠᠢ ᠦᠬᠡᠷᠡᠴᠢᠯᠡᠯᠳᠡ ᠶᠢᠨ ᠦᠷ᠎ᠡ ᠪᠦᠳᠦᠮᠵᠢ ᠶᠢ ᠡᠬᠦᠳᠴᠠᠢ᠃ | ︽ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠡᠬᠢᠨ ᠤ 3 ᠵᠢᠯ ᠪᠤᠯ ᠰᠠᠭᠤᠷᠢ ᠶᠢ | ᠪᠠᠳᠤᠳᠬᠠᠬᠤ ᠪᠠᠬᠢᠯᠡᠯᠳᠡ ᠶᠢᠨ ᠳᠠᠶᠢᠰᠠ᠂ ᠳᠤᠯᠭᠠᠭᠤᠷᠢ ᠪᠤᠰᠬᠠᠵᠥ ᠨᠢᠷᠤᠭᠤ ᠳᠠᠷᠤᠬᠤ 3 ᠵᠢᠯ ᠪᠤᠯᠤᠨ᠎ᠡ᠂ ᠡᠨᠡ | ᠵᠢᠯ ᠳᠤ ᠦᠬᠡᠷᠡᠴᠢᠯᠡᠯᠳᠡ ᠶᠢᠨ ᠭᠤᠤᠯ ᠴᠤᠬᠴᠠ ᠶᠢᠨ ᠳᠦᠯᠦᠪ ᠢ ᠴᠢᠷᠮᠠᠶᠢᠨ ᠡᠬᠦᠳᠬᠦ ᠬᠡᠷᠡᠭᠳᠡᠢ︾᠃ ᠡᠨᠡ ᠵᠢᠯ ᠤᠨ | 1 ᠰᠠᠷ᠎ᠠ ᠶᠢᠨ 11 ᠤ ᠡᠳᠤᠷ᠂ ᠶᠡᠷᠦᠩᠬᠡᠢ ᠱᠦᠵᠢ ᠰᠢ ᠶᠢᠨ ᠫᠢᠩ ᠳᠦᠪ ᠤᠨ ᠦᠬᠡᠷᠡᠴᠢᠯᠡᠯᠳᠡ ᠶᠢ ᠪᠦᠬᠦ ᠳᠠᠯ᠎ᠠ ᠪᠠᠷ | ᠬᠦᠨᠵᠡᠬᠡᠶᠢᠷᠡᠬᠦᠯᠬᠦ ᠤᠳᠤᠷᠢᠳᠬᠤ ᠪᠠᠭ᠎ᠠ ᠳᠤᠭᠤᠢᠢᠯᠠᠩ ᠤᠨ ᠬᠤᠷᠢᠳᠤᠭᠠᠷ ᠤᠳᠠᠭᠠᠨ ᠤ ᠬᠤᠷᠠᠯ ᠢ ᠡᠷᠬᠢᠯᠡᠨ | ᠬᠤᠷᠠᠯᠳᠤᠭᠤᠯᠵᠥ ᠴᠢᠬᠤᠯᠠ ᠶᠠᠷᠢᠶ᠎ᠠ ᠳᠠᠯᠪᠢᠵᠥ᠂ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠦᠭᠰᠡᠨ | ᠡᠬᠢᠨ ᠤ 3 ᠵᠢᠯ ᠤᠨ ᠠᠵᠢᠯ ᠢ ᠠᠮᠢᠳᠤᠯᠢᠬ ᠢᠶᠠᠷ ᠳ᠋ᠦᠩᠨᠡᠵᠡᠢ᠃ | | ( ᠵᠢᠷᠤᠭ ᠢ ᠳᠠᠷᠤᠪᠠᠯ ᠪᠦᠷᠢᠨ ᠵᠢᠷᠤᠭ ᠢᠯᠡᠷᠡᠨ᠎ᠡ︕︶ |