ᠬᠤᠳᠠ ᠶᠢᠨ ᠬᠠᠣᠯᠢ ᠬᠡᠷᠡᠭᠵᠢᠬᠦᠯᠬᠦ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠬᠦᠨᠵᠡᠬᠡᠢ ᠠᠬᠢᠭᠤᠯᠬᠤ᠂ | ᠬᠤᠳᠠ ᠶᠢᠨ ᠬᠠᠮᠢᠶᠠᠷᠣᠯᠳᠠ ᠶᠢᠨ ᠠᠵᠢᠯ ᠢ ᠰᠠᠶᠢᠵᠢᠷᠠᠭᠤᠯᠬᠤ ᠦᠬᠡᠷᠡᠴᠢᠯᠡᠯᠳᠡ ᠶᠢᠨ ᠪᠠᠶᠢᠷᠢᠯᠠᠭᠤᠯᠣᠯᠳᠠ ᠨᠢ ᠲᠠᠷᠣᠢ | ᠠᠰᠠᠭᠤᠳᠠᠯ ᠳᠤ ᠵᠦᠪ ᠬᠠᠨᠳᠣᠬᠰᠠᠨ᠂ ᠲᠦᠪᠯᠡᠷᠡᠯ ᠤᠨ ᠴᠡᠭ ᠲᠤ ᠴᠢᠭᠯᠡᠬᠦᠯᠦᠭᠰᠡᠨ ᠬᠠᠶᠢᠯᠳᠠ ᠪᠣᠯᠣᠨ ᠰᠢᠨ᠎ᠡ ᠶᠢ | ᠡᠬᠦᠳᠦᠭᠰᠡᠨ ᠦᠢᠯᠡᠳᠦᠯᠭᠡ ᠪᠣᠯᠬᠤ ᠶᠣᠮ᠃ | ᠲᠦᠪ ᠤᠨ ᠵᠣᠷᠢᠬ ᠰᠠᠨᠠᠭ᠎ᠠ ᠶᠢ ᠭᠤᠶᠢᠪᠢᠰᠢ ᠦᠭᠡᠢ ᠲᠣᠣᠱᠯᠠᠭᠤᠯᠣᠨ ᠬᠤᠳᠠ ᠶᠢᠨ ᠬᠦᠷᠢᠶ᠎ᠡ ᠬᠡᠪᠴᠢᠶᠡᠨ | ᠳᠠᠬᠢ ᠦᠬᠡᠷᠡᠴᠢᠯᠡᠯᠳᠡ ᠶᠢᠨ ᠠᠷᠭ᠎ᠠ ᠪᠣᠳᠣᠯᠭ᠎ᠠ ᠵᠦᠪ ᠣᠨᠣᠪᠴᠢᠳᠠᠢ ᠬᠡᠷᠡᠭᠵᠢᠬᠦᠯᠦᠭᠳᠡᠬᠦ ᠶᠢ ᠪᠠᠳᠣᠯᠠᠨ᠎ᠠ | ︽ᠬᠤᠳᠠ᠂ ᠠᠮᠢᠳᠣᠷᠠᠯ ᠢ ᠨᠡᠩ ᠭᠤᠶᠣᠵᠢᠭᠤᠯᠣᠨ᠎ᠠ︾ — ᠰᠡᠳᠬᠢᠯ ᠳᠤ ᠰᠠᠭᠤᠬᠳᠠᠬᠰᠠᠨ ᠡᠨᠡ | ᠦᠬᠡ ᠨᠢ ᠬᠦᠮᠦᠰ ᠤᠨ ᠬᠦᠰᠡᠯ ᠡᠷᠡᠮᠡᠯᠵᠡᠯ ᠢ ᠢᠯᠡᠳᠬᠡᠵᠦ᠂ ᠬᠤᠳᠠ ᠶᠢᠨ ᠬᠠᠮᠢᠶᠠᠷᠣᠯᠳᠠ ᠪᠣᠯᠣᠨ ᠪᠦᠳᠦᠬᠡᠨ | ᠪᠠᠶᠢᠭᠤᠯᠣᠯᠳᠠ ᠶᠢᠨ ᠲᠦᠪᠰᠢᠨ ᠳᠤ ᠨᠡᠩ ᠦᠨᠳᠦᠷ ᠱᠠᠭᠠᠷᠳᠠᠯᠭ᠎ᠠ ᠲᠠᠯᠪᠢᠬᠰᠠᠨ ᠶᠣᠮ᠃ | 2015 ᠣᠨ ᠤ 11 ᠳ᠋ᠤᠭᠡᠷ ᠰᠠᠷ᠎ᠠ ᠶᠢᠨ 9 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠤᠨ ᠡᠷᠬᠢᠯᠡᠨ | ᠬᠤᠷᠠᠯᠳᠣᠭᠤᠯᠣᠭᠰᠠᠨ ᠲᠦᠪ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠣᠳᠣᠷᠢᠳᠬᠤ | ᠲᠣᠭᠤᠢᠢᠯᠠᠩ ᠤᠨ ᠠᠷᠪᠡᠨ ᠨᠡᠢᠮᠡᠳᠦᠭᠠᠷ ᠣᠳᠠᠭ᠎ᠠ ᠶᠢᠨ ᠬᠤᠷᠠᠯ ᠲᠡᠭᠡᠷ᠎ᠡ ︽ᠬᠤᠳᠠ ᠶᠢᠨ ᠬᠠᠣᠯᠢ ᠬᠡᠷᠡᠭᠵᠢᠬᠦᠯᠬᠦ | ᠪᠠᠶᠢᠭᠤᠯᠣᠮᠵᠢ ᠶᠢᠨ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠦ ᠬᠤᠳᠠ ᠶᠢᠨ ᠬᠠᠮᠢᠶᠠᠷᠣᠯᠳᠠ ᠶᠢᠨ ᠠᠵᠢᠯ ᠢ | ᠰᠠᠶᠢᠵᠢᠷᠠᠭᠤᠯᠬᠤ ᠲᠣᠬᠠᠢ ᠵᠢᠯᠣᠭᠤᠳᠬᠤ ᠰᠠᠨᠠᠯ︾ ᠢ ᠬᠢᠨᠠᠨ ᠵᠦᠪᠯᠡᠵᠦ ᠪᠠᠳᠣᠯᠠᠪᠠ᠃ | 2015 ᠣᠨ ᠤ 12 ᠳ᠋ᠤᠭᠠᠷ ᠰᠠᠷ᠎ᠠ ᠶᠢᠨ 20 ᠤ ᠡᠳᠦᠷ᠂ ᠲᠦᠪ ᠤᠨ ᠬᠤᠳᠠ ᠶᠢᠨ ᠠᠵᠢᠯ ᠤᠨ ᠬᠤᠷᠠᠯ ᠢ | 37 ᠵᠢᠯ ᠤᠨ ᠲᠠᠷᠠᠭ᠎ᠠ ᠲᠠᠬᠢᠨᠳᠠ ᠬᠤᠷᠠᠯᠳᠣᠭᠤᠯᠵᠦ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠡ ᠲᠠᠯᠪᠢᠨ | ᠬᠤᠳᠠ ᠶᠢᠨ ᠬᠦᠭᠵᠢᠯᠳᠡ ᠳᠤ ᠲᠣᠯᠭᠠᠷᠠᠵᠦ ᠪᠠᠶᠢᠭ᠎ᠠ ᠪᠠᠶᠢᠳᠠᠯ ᠬᠠᠨᠳᠣᠰᠢ ᠶᠢ ᠵᠠᠳᠠᠯᠵᠦ᠂ ᠬᠤᠳᠠ ᠶᠢᠨ ᠠᠵᠢᠯ ᠢ | ᠰᠠᠶᠢᠳᠣᠷ ᠬᠢᠬᠦ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠢ ᠰᠡᠳᠬᠢᠮᠵᠢ᠂ ᠭᠤᠣᠯᠳᠠᠯᠭ᠎ᠠ ᠲᠠᠢ ᠡᠬᠦᠷᠭᠡ ᠶᠢ | ᠲᠣᠳᠣᠷᠬᠠᠢᠢᠯᠠᠪᠠ᠃ | 2015 ᠣᠨ ᠤ 12 ᠳ᠋ᠤᠭᠠᠷ ᠰᠠᠷ᠎ᠠ ᠶᠢᠨ 31 ᠤ ᠡᠳᠦᠷ᠂ ᠦᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠠᠴᠠ ᠪᠦᠬᠦ ᠣᠷᠣᠨ ᠤ ᠬᠤᠳᠠ ᠶᠢᠨ ᠠᠵᠢᠯ ᠤᠨ ᠬᠤᠷᠠᠯ ᠢ ᠬᠤᠷᠠᠯᠳᠣᠭᠤᠯᠵᠦ᠂ ᠲᠦᠪ ᠤᠨ ᠬᠤᠳᠠ ᠶᠢᠨ | ᠠᠵᠢᠯ ᠤᠨ ᠬᠤᠷᠠᠯ ᠤᠨ ᠵᠣᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠣᠣᠱᠯᠠᠭᠤᠯᠣᠨ ᠰᠣᠷᠣᠯᠴᠠᠵᠦ᠂ ᠮᠠᠨ ᠤ | ᠣᠷᠣᠨ ᠤ ᠬᠤᠳᠠ ᠶᠢᠨ ᠬᠦᠭᠵᠢᠯᠳᠡ ᠶᠢᠨ ᠠᠮᠵᠢᠯᠳᠠ ᠲᠣᠷᠰᠢᠯᠭ᠎ᠠ ᠶᠢ ᠡᠷᠬᠢᠴᠡᠬᠦᠯᠦᠨ ᠳ᠋ᠦᠡᠭᠨᠡᠵᠤ᠂ ᠬᠤᠳᠠ ᠶᠢᠨ | ᠬᠦᠭᠵᠢᠯᠳᠡ ᠳᠤ ᠲᠣᠯᠭᠠᠷᠠᠵᠦ ᠪᠠᠶᠢᠭ᠎ᠠ ᠪᠠᠶᠢᠳᠠᠯ ᠢ ᠵᠠᠳᠠᠯᠵᠦ᠂ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ | ᠬᠤᠳᠠ ᠶᠢᠨ ᠠᠵᠢᠯ ᠢ ᠪᠠᠶᠢᠷᠢᠯᠠᠭᠤᠯᠣᠨ ᠲᠣᠬᠢᠷᠠᠭᠤᠯᠪᠠ᠃ | ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠤᠳᠠ ᠶᠢᠨ ᠠᠵᠢᠯ ᠢ ᠰᠠᠶᠢᠳᠣᠷ ᠬᠢᠬᠦ | ᠴᠢᠬᠤᠯᠠ ᠠᠴᠢ ᠬᠤᠯᠪᠣᠭᠳᠠᠯ ᠢ ᠬᠦᠨᠵᠡᠬᠡᠢ ᠲᠣᠭᠠᠴᠢᠵᠦ᠂ ᠬᠤᠳᠠ ᠶᠢᠨ ᠠᠵᠢᠯ ᠳᠤ ᠲᠣᠯᠭᠠᠷᠠᠵᠦ ᠪᠠᠶᠢᠬᠤ ᠬᠠᠨᠳᠣᠰᠢ | ᠪᠠᠶᠢᠳᠠᠯ ᠪᠣᠯᠣᠨ ᠣᠷᠣᠰᠢᠵᠦ ᠪᠠᠶᠢᠬᠤ ᠠᠰᠠᠭᠤᠳᠠᠯ ᠢ ᠬᠦᠨᠵᠡᠬᠡᠢ ᠵᠠᠳᠠᠯᠵᠦ᠂ ᠬᠤᠳᠠ ᠶᠢᠨ ᠠᠵᠢᠯ ᠤᠨ ᠵᠢᠯᠣᠭᠤᠳᠬᠤ | ᠦᠵᠡᠯ ᠰᠠᠨᠠᠭ᠎ᠠ᠂ ᠦᠨᠳᠣᠰᠣᠨ ᠰᠡᠳᠬᠢᠴᠡ ᠪᠣᠯᠣᠨ ᠭᠤᠣᠯᠳᠠᠯᠭ᠎ᠠ ᠲᠠᠢ ᠡᠬᠦᠷᠭᠡ ᠪᠣᠯ ᠲᠠᠷᠣᠢ ᠰᠢᠨ᠎ᠠ ᠪᠠᠶᠢᠳᠠᠯ | ᠲᠣᠣᠷᠡᠬᠢ ᠬᠤᠳᠠ ᠶᠢᠨ ᠠᠵᠢᠯ ᠢ ᠰᠠᠶᠢᠳᠣᠷ ᠬᠢᠬᠦ ᠬᠦᠳᠦᠯᠪᠦᠷᠢ ᠶᠢᠨ ᠴᠢᠨᠠᠷᠳᠠᠢ ᠪᠢᠴᠢᠭ ᠮᠠᠲ᠋ᠧᠷᠢᠶᠠᠯ ᠪᠣᠯᠬᠤ ᠶᠣᠮ | ᠬᠡᠵᠦ ᠲᠣᠳᠣᠷᠬᠠᠢ ᠲᠣᠷᠠᠳᠣᠨ ᠭᠠᠷᠭᠠᠵᠠᠢ︾᠃ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ | ᠸᠠᠩ ᠵᠢᠶᠦ᠋ᠨ᠂ ᠪᠦᠬᠦ ᠣᠷᠣᠨ ᠤ ᠡᠯ᠎ᠠ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠦᠷᠭᠡᠨ | ᠣᠯᠠᠨ ᠺᠠᠳ᠋ᠷ ᠤᠯᠠᠨ ᠲᠦᠮᠡᠨ ᠵᠠᠪᠠᠯ ᠲᠦᠪ ᠤᠨ ᠬᠤᠳᠠ ᠶᠢᠨ ᠠᠵᠢᠯ ᠤᠨ ᠬᠤᠷᠠᠯ ᠤᠨ ᠵᠣᠷᠢᠬ ᠰᠠᠨᠠᠭ᠎ᠠ ᠶᠢ ᠬᠢᠨᠠᠮᠠᠭᠠᠢ | ᠰᠣᠷᠣᠯᠴᠠᠵᠦ ᠬᠦᠨᠵᠡᠬᠡᠢ ᠣᠢᠢᠯᠠᠭᠠᠵᠦ᠂ ᠦᠵᠡᠯ ᠰᠠᠨᠠᠭ᠎ᠠ ᠪᠣᠯᠣᠨ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ | ᠫᠢᠩ ᠤᠨ ᠬᠤᠳᠠ ᠶᠢᠨ ᠠᠵᠢᠯ ᠤᠨ ᠲᠣᠬᠠᠢ ᠴᠢᠬᠤᠯᠠ ᠲᠣᠭᠠᠴᠢᠯᠳᠠ ᠲᠡᠭᠡᠷ᠎ᠠ ᠦᠨᠡᠨᠬᠦ ᠨᠢᠬᠡᠳᠦᠬᠦᠯᠵᠦ᠂ ᠲᠡᠬᠦᠨ ᠤ | ᠲᠣᠳᠣᠷᠠᠬᠢ ᠰᠢᠨ᠎ᠠ ᠰᠡᠳᠬᠢᠮᠵᠢ ᠰᠢᠨ᠎ᠠ ᠣᠢᠢᠯᠠᠭᠠᠬᠳᠠᠬᠤᠨ ᠰᠢᠨ᠎ᠠ ᠪᠠᠶᠢᠯᠳᠣᠬᠤ ᠪᠣᠳᠣᠯᠭ᠎ᠠ ᠶᠢ ᠵᠦᠪ ᠣᠨᠣᠪᠴᠢᠳᠠᠢ | ᠣᠢᠢᠯᠠᠭᠠᠨ ᠡᠵᠡᠮᠳᠡᠵᠦ᠂ ᠨᠠᠮ ᠤᠨ ᠲᠦᠪ ᠬᠤᠷᠢᠶᠠᠨ ᠤ ᠰᠢᠢᠳᠪᠦᠷᠢ ᠪᠠᠶᠢᠷᠢᠯᠠᠭᠤᠯᠣᠯᠳᠠ ᠪᠣᠯᠣᠨ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠦ᠂ ᠮᠠᠨ ᠤ ᠣᠷᠣᠨ ᠤ ᠬᠤᠳᠠ ᠶᠢᠨ ᠠᠵᠢᠯ | ᠡᠬᠦᠷᠢᠳᠡ ᠵᠦᠪ ᠴᠢᠭᠯᠡᠯ ᠢᠶᠠᠷ ᠣᠷᠣᠭᠰᠢᠯᠠᠬᠤ ᠶᠢ ᠪᠠᠳᠣᠯᠠᠨ᠎ᠠ ᠬᠡᠵᠦ ᠵᠢᠭᠠᠵᠦ ᠭᠠᠷᠭᠠᠪᠠ᠃ | ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ ︽ᠬᠤᠳᠠ ᠶᠢᠨ ᠬᠦᠭᠵᠢᠯᠳᠡ ᠶᠢᠨ ᠭᠡᠮ ᠠᠷᠬᠠᠬ︾ ᠢ | ᠰᠠᠶᠢᠳᠤᠷ ᠵᠠᠰᠠᠨ᠎ᠠ | ᠠᠰᠠᠭᠤᠳᠠᠯ ᠳᠤ ᠰᠢᠭᠤᠤᠨ ᠬᠠᠨᠳᠤᠪᠠᠯ ᠰᠠᠶ᠋ᠢ ᠡᠪᠠᠳᠴᠢᠨ ᠢ ᠨᠢ ᠤᠨᠤᠰᠢᠯᠠᠵᠤ ᠵᠠᠰᠠᠯᠭ᠎ᠠ ᠬᠢᠵᠥ ᠴᠢᠳᠠᠨ᠎ᠠ᠃ | ︽ᠬᠤᠳᠠ ᠶᠢᠨ ᠬᠦᠭᠵᠢᠯᠳᠡ ᠶᠢᠨ ᠭᠡᠮ ᠠᠷᠬᠠᠬ︾ ᠢ ᠦᠨᠳᠦᠰᠦ ᠠᠴᠠ ᠨᠢ ᠵᠠᠰᠠᠬᠤ ᠶᠢᠨ ᠵᠠᠩᠭᠢᠯᠠᠭ᠎ᠠ ᠨᠢ | ᠡᠪᠡᠳᠴᠢᠨ ᠤ ᠤᠭ ᠦᠨᠳᠦᠰᠦ ᠶᠢ ᠨᠢ ᠤᠯᠬᠤ ᠶᠢᠨ ᠴᠢᠳᠠᠪᠤᠷᠢ ᠪᠠᠶᠢᠬᠤ ᠪᠦᠭᠡᠳ ᠬᠠᠳᠠᠭᠤ ᠠᠴᠠ ᠠᠶᠤᠬᠤ ᠦᠭᠡᠢ | ᠵᠤᠷᠢᠭ ᠪᠠᠶᠢᠬᠤ ᠬᠡᠷᠡᠭᠲᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠠ ᠪᠠᠷ | ᠬᠦᠨᠵᠡᠭᠡᠶᠢᠷᠡᠭᠦᠯᠬᠦ ᠤᠳᠤᠷᠢᠳᠬᠤ ᠲᠤᠭᠤᠢᠢᠯᠠᠩ ᠤᠨ ᠵᠠᠷᠴᠢᠮ ᠶᠣᠰᠣᠭᠠᠷ ᠪᠠᠳᠤᠯᠠᠬᠰᠠᠨ ︽ᠬᠤᠳᠠ ᠶᠢᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠬᠦᠨᠵᠡᠭᠡᠢ ᠲᠦᠯᠬᠢᠨ ᠠᠬᠢᠭᠤᠯᠵᠤ᠂ ᠬᠤᠳᠠ ᠶᠢᠨ | ᠬᠠᠮᠢᠶᠠᠷᠤᠯᠳᠠ ᠶᠢᠨ ᠠᠵᠢᠯ ᠢ ᠰᠠᠶᠢᠵᠢᠷᠠᠭᠤᠯᠬᠤ ᠲᠤᠷᠰᠢᠯᠳᠠ ᠶᠢᠨ ᠴᠢᠬ ᠤᠨ ᠲᠦᠰᠦᠯ︾ ᠢ ᠦᠨᠳᠦᠰᠦᠯᠡᠪᠡᠯ᠂ | ᠲᠤᠷᠰᠢᠯᠳᠠ ᠶᠢᠨ ᠴᠢᠬ ᠤᠨ ᠭᠠᠵᠠᠷ ᠤᠷᠤᠨ ᠳᠤ ᠬᠤᠳᠠ ᠶᠢᠨ ᠬᠢᠨᠠᠨ ᠬᠠᠮᠢᠶᠠᠷᠤᠯᠳᠠ ᠶᠢᠨ ᠭᠤᠤᠯ ᠲᠤᠰᠢᠶᠠᠯ | ᠬᠠᠷᠢᠭᠤᠴᠠᠯᠭ᠎ᠠ ᠨᠢ ᠬᠤᠳᠠ ᠶᠢᠨ ᠶᠠᠪᠤᠳᠠᠯ ᠤᠨ ᠬᠠᠮᠢᠶᠠᠷᠤᠯᠳᠠ᠂ ᠤᠷᠴᠢᠨ ᠲᠤᠭᠤᠷᠢᠨ ᠤ ᠬᠠᠮᠢᠶᠠᠷᠤᠯᠳᠠ᠂ ᠵᠠᠮ | ᠬᠠᠷᠢᠯᠴᠠᠭᠠᠨ ᠤ ᠬᠠᠮᠢᠶᠠᠷᠤᠯᠳᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠵᠢᠴᠢ ᠬᠤᠳᠠ ᠶᠢᠨ | ᠲᠦᠯᠦᠪᠵᠢᠭᠦᠯᠭᠡ ᠶᠢᠨ ᠬᠡᠷᠡᠭᠵᠢᠭᠦᠯᠤᠯᠳᠠ ᠶᠢᠨ ᠬᠠᠮᠢᠶᠠᠷᠤᠯᠳᠠ ᠵᠡᠷᠭᠡ ᠶᠢ ᠤᠯᠠᠮ ᠨᠢᠭᠡ ᠠᠯᠬᠤᠮ ᠲᠤᠳᠤᠷᠬᠠᠢᠢᠯᠠᠬᠤ | ᠪᠤᠯᠤᠨ᠎ᠡ᠃ ᠱᠠᠭᠠᠷᠳᠠᠯᠭ᠎ᠠ ᠶᠢ ᠦᠨᠳᠦᠰᠦᠯᠡᠪᠡᠯ᠂ ᠲᠤᠷᠰᠢᠯᠳᠠ ᠶᠢᠨ ᠴᠢᠬ ᠤᠨ ᠭᠠᠵᠠᠷ ᠤᠷᠤᠨ ᠵᠤᠬᠢᠴᠠᠭᠰᠠᠨ ᠡᠭᠦᠷᠭᠡ | ᠬᠠᠷᠢᠭᠤᠴᠠᠯᠭ᠎ᠠ ᠶᠢ ᠦᠨᠳᠦᠰᠦᠯᠡᠵᠤ᠂ 2016 ᠤᠨ ᠤ ᠡᠴᠤᠰ ᠠᠴᠠ ᠡᠮᠦᠨ᠎ᠠ ᠬᠤᠳᠠ ᠶᠢᠨ ᠬᠢᠨᠠᠨ ᠬᠠᠮᠢᠶᠠᠷᠬᠤ | ᠪᠠᠷᠢᠮᠵᠢᠶ᠎ᠠ ᠶᠢᠨ ᠰᠢᠰᠲ᠋ᠧᠮ ᠢ ᠨᠠᠶᠢᠷᠠᠭᠤᠯᠤᠨ ᠵᠤᠬᠢᠶᠠᠵᠤ ᠭᠠᠷᠭᠠᠨ᠎ᠠ᠃ | ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠭᠠᠷᠭᠠᠵᠥ᠂ ᠦᠢᠯᠡᠳᠦᠯ ᠴᠢᠳᠠᠪᠬᠢ᠂ ᠬᠠᠤᠯᠢ ᠬᠡᠷᠡᠭᠵᠢᠭᠦᠯᠬᠦ | ᠦᠨᠳᠦᠰᠦᠯᠡᠯ᠂ ᠡᠷᠬᠢᠯᠳᠠ ᠶᠢᠨ ᠴᠤᠪᠤᠷᠠᠯ᠂ ᠬᠢᠨᠠᠯᠳᠠ ᠲᠠᠯᠪᠢᠬᠤ ᠠᠷᠭ᠎ᠠ ᠵᠠᠮ᠂ ᠬᠠᠷᠢᠭᠤᠴᠠᠯᠭ᠎ᠠ ᠨᠡᠬᠡᠮᠵᠢᠯᠡᠬᠦ | ᠲᠤᠭᠳᠠᠴᠠ ᠶᠢ ᠢᠯᠡ ᠪᠤᠯᠭᠠᠨ᠎ᠡ︔ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠤᠷᠤᠬᠰᠢ ᠰᠢᠯᠵᠢᠭᠦᠯᠵᠤ᠂ | ᠬᠤᠳᠠ ᠶᠢᠨ ᠱᠠᠳᠤᠨ ᠤ ᠬᠤᠳᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠤᠳᠠ ᠶᠢᠨ ᠬᠠᠷᠢᠶᠠᠲᠦ | ᠲᠤᠭᠤᠷᠢᠭ ᠪᠠ ᠵᠡᠭᠡᠯᠢ ᠭᠤᠳᠤᠮᠵᠢ ᠳᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤᠮᠢᠯᠠᠵᠥ ᠪᠤᠯᠤᠨ᠎ᠡ︔ ᠬᠠᠤᠯᠢ | ᠬᠡᠷᠡᠭᠵᠢᠭᠦᠯᠬᠦ ᠬᠦᠴᠦᠨ ᠢᠶᠠᠨ ᠰᠢᠯᠢᠳᠡᠭᠵᠢᠬᠦᠯᠵᠥ᠂ ᠬᠠᠤᠯᠢ ᠬᠡᠷᠡᠭᠵᠢᠭᠦᠯᠬᠦ ᠬᠦᠴᠦᠨ ᠦᠨᠳᠦᠰᠦᠨ ᠱᠠᠳᠤ ᠤᠷᠤᠭᠤ | ᠬᠡᠯᠪᠠᠶᠢᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠡᠷᠡᠭᠴᠡᠭᠡ ᠶᠢ ᠪᠠᠳᠤᠯᠠᠨ᠎ᠡ᠃ ᠡᠩᠨᠡᠭᠡ ᠶᠢᠨ | ᠬᠠᠮᠢᠶᠠᠷᠤᠯᠳᠠ ᠪᠠᠨ ᠴᠢᠩᠭᠠᠳᠬᠵᠤ᠂ ᠬᠠᠤᠯᠢ ᠬᠡᠷᠡᠭᠵᠢᠭᠦᠯᠦᠭᠴᠢᠳ ᠤᠨ ᠦᠨᠡᠮᠯᠡᠯ ᠲᠠᠢ ᠪᠠᠷ ᠠᠵᠢᠯ ᠳᠠᠭᠠᠨ ᠭᠠᠷᠬᠤ | ᠪᠠ ᠬᠢᠷᠢ ᠬᠡᠮ ᠤᠨ ᠬᠠᠮᠢᠶᠠᠷᠤᠯᠳᠠ ᠶᠢᠨ ᠲᠦᠷᠢᠮ ᠢ ᠬᠡᠷᠡᠭᠵᠢᠭᠦᠯᠤᠨ᠎ᠡ᠃ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢᠶᠠᠨ | ᠰᠠᠶᠢᠵᠢᠷᠠᠭᠤᠯᠵᠤ᠂ ᠬᠠᠤᠯᠢ ᠬᠡᠷᠡᠭᠵᠢᠭᠦᠯᠵᠤ ᠬᠡᠷᠡᠭ ᠰᠢᠳᠬᠡᠬᠦ ᠵᠦᠪᠯᠡᠨ ᠲᠤᠭᠳᠠᠭᠠᠬᠤ ᠲᠦᠷᠢᠮ ᠪᠠ ᠬᠠᠤᠯᠢ | ᠬᠡᠷᠡᠭᠵᠢᠭᠦᠯᠬᠦ ᠶᠢ ᠢᠯᠡ ᠪᠤᠯᠭᠠᠬᠤ ᠲᠦᠷᠢᠮ ᠢ ᠶᠠᠪᠤᠭᠤᠯᠵᠤ᠂ ᠬᠦᠨᠳᠦ ᠴᠢᠬᠤᠯᠠ ᠬᠠᠤᠯᠢ ᠬᠡᠷᠡᠭᠵᠢᠭᠦᠯᠬᠦ ᠬᠠᠤᠯᠢ | ᠴᠠᠭᠠᠵᠠ ᠶᠢᠨ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠬᠡᠷᠡᠭᠵᠢᠭᠦᠯᠦᠨ᠎ᠠ ᠁ | ᠦᠭᠡᠷᠡᠴᠢᠯᠡᠯᠲᠡ ᠶᠢᠨ ᠠᠷᠭ᠎ᠠ ᠠᠪᠴᠠᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ᠬᠤᠲᠠ ᠶᠢ ᠨᠡᠩ | ᠲᠠᠭᠠᠲᠠᠢ ᠦᠵᠡᠰᠭᠦᠯᠡᠩᠲᠦ ᠰᠠᠶᠢᠬᠠᠨ ᠪᠤᠯᠭᠠᠨ᠎ᠡ | ᠦᠪᠡᠷᠲᠡᠭᠡᠨ ᠵᠠᠰᠠᠬᠤ ᠤᠷᠤᠨ ᠤ ᠬᠤᠲᠠ ᠶᠢᠨ ᠬᠠᠤᠯᠢ ᠬᠡᠷᠡᠭᠵᠢᠬᠦᠯᠬᠦ ᠪᠠᠶᠢᠭᠤᠯᠦᠮᠵᠢ ᠶᠢᠨ ᠦᠭᠡᠷᠡᠴᠢᠯᠡᠯᠲᠡ | ᠪᠠ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠶᠡᠷᠦᠩᠬᠡᠢ ᠴᠤᠭᠴᠠ ᠶᠢᠨ ᠰᠦᠪᠡᠭᠴᠢᠯᠡᠯ ᠨᠢ ᠰᠢᠯᠢᠳᠡᠭ | ᠦᠢᠯᠡᠴᠢᠯᠡᠭᠡᠨ ᠤ ᠵᠢᠯᠤᠭᠤᠳᠤᠮᠵᠢ ᠶᠢ ᠢᠯᠡᠷᠡᠭᠦᠯᠬᠦ ᠶᠢᠨ ᠬᠠᠮᠲᠦ ᠬᠦᠮᠦᠨ ᠢᠶᠠᠷ ᠦᠨᠳᠦᠰᠦ ᠪᠤᠯᠭᠠᠬᠤ ᠠᠭᠤᠯᠬᠤᠨ ᠤ | ᠭᠤᠶᠢᠪᠢᠰᠢ ᠦᠭᠡᠢ ᠪᠠᠷᠢᠮᠳᠠᠯᠠᠯ ᠢ ᠢᠯᠡᠷᠡᠭᠦᠯᠵᠦ ᠪᠠᠶᠢᠳᠠᠭ᠃ | ᠠᠩᠬ᠎ᠠ ᠠᠯᠬᠤᠮ ᠤᠨ ᠲᠤᠭᠳᠠᠭᠠᠭᠰᠠᠨ ᠵᠠᠮ ᠱᠤᠭᠤᠮ ᠤᠨ ᠵᠢᠷᠤᠭ ᠪᠠ ᠡᠭᠦᠷᠭᠡ ᠶᠢᠨ ᠪᠢᠴᠢᠭ ᠶᠤᠰᠦᠭᠠᠷ | 2016 ᠤᠨ ᠤ ᠵᠢᠯ ᠤᠨ ᠡᠴᠦᠰ ᠪᠤᠯᠲᠠᠯ᠎ᠡ ᠲᠤᠷᠰᠢᠯᠲᠠ ᠶᠢᠨ ᠴᠢᠬ ᠤᠨ ᠭᠠᠵᠠᠷ ᠤᠷᠤᠨ ᠨᠢ ᠬᠤᠲᠠ ᠶᠢᠨ ᠤᠯᠠᠨ | ᠨᠡᠶᠢᠲᠡ ᠶᠢᠨ ᠮᠡᠳᠡᠭᠡ ᠵᠠᠩᠬᠢ ᠶᠢᠨ ᠲᠠᠪᠴᠠᠩ᠂ ᠪᠤᠳᠠᠰ ᠤᠨ ᠬᠤᠯᠪᠤᠭᠠᠨ ᠤ ᠰᠦᠯᠵᠢᠶ᠎ᠡ᠂ ᠡᠭᠦᠯᠡᠨ ᠪᠤᠳᠤᠯᠲᠠ᠂ | ᠶᠡᠭᠡ ᠲᠤᠭ᠎ᠠ ᠪᠠᠷᠢᠮᠲᠠ ᠵᠡᠷᠭᠡ ᠤᠳᠤᠬᠢᠴᠢᠯᠠᠬᠰᠠᠨ ᠮᠡᠳᠡᠭᠡ ᠵᠠᠩᠬᠢ ᠶᠢᠨ ᠮᠡᠷᠭᠡᠵᠢᠯ ᠳᠤ ᠲᠦᠰᠢᠭᠯᠡᠵᠦ ᠲᠤᠭᠠᠴᠢᠯᠠᠭᠰᠠᠨ | ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠨᠢᠭᠡᠳᠭᠡᠨ ᠪᠦᠷᠢᠯᠳᠦᠭᠦᠯᠵᠦ᠂ ᠬᠦᠮᠦᠨ ᠠᠮᠠ᠂ ᠵᠠᠮ ᠬᠠᠷᠢᠯᠴᠠᠭ᠎ᠠ᠂ | ᠡᠨᠧᠷᠬᠢ᠂ ᠪᠦᠲᠦᠭᠡᠨ ᠪᠠᠶᠢᠭᠤᠯᠤᠯᠲᠠ ᠵᠡᠷᠭᠡ ᠤᠯᠠᠨ ᠨᠡᠶᠢᠲᠡ ᠶᠢᠨ ᠲᠦᠭᠦᠭᠡᠷᠦᠮᠵᠢ ᠶᠢᠨ ᠮᠡᠳᠡᠭᠡ ᠵᠠᠩᠬᠢ ᠪᠠ ᠤᠯᠠᠨ | ᠨᠡᠶᠢᠲᠡ ᠶᠢᠨ ᠰᠠᠭᠤᠷᠢ ᠦᠢᠯᠡᠴᠢᠯᠡᠭᠡᠨ ᠢ ᠨᠢᠭᠡᠳᠭᠡᠵᠦ᠂ ᠲᠤᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ | ᠲᠠᠪᠴᠠᠩ ᠤᠨ ᠴᠢᠳᠠᠪᠬᠢ ᠶᠢ ᠦᠷᠭᠡᠳᠭᠡᠬᠦ ᠪᠤᠯᠤᠨ᠎ᠡ᠃ | ᠵᠠᠬ᠎ᠠ ᠲᠡᠯᠬᠡᠬᠦᠷ ᠤᠨ ᠲᠤᠭᠳᠠᠴᠠ ᠶᠢ ᠤᠳᠤᠷᠢᠳᠤᠨ ᠤᠷᠤᠭᠤᠯᠵᠦ᠂ ᠬᠤᠲᠠ ᠶᠢᠨ ᠶᠠᠪᠤᠳᠠᠯ ᠤᠨ ᠦᠨᠳᠦᠰᠦᠨ | ᠲᠦᠭᠦᠭᠡᠷᠦᠮᠵᠢ᠂ ᠤᠯᠠᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ | ᠠᠷᠠᠳ ᠲᠤ ᠲᠦᠭᠦᠮ ᠦᠵᠡᠬᠦᠯᠬᠦ ᠲᠦᠭᠦᠭᠡᠷᠦᠮᠵᠢ ᠶᠢᠨ ᠵᠠᠬ᠎ᠠ ᠲᠡᠯᠭᠡᠭᠦᠷᠵᠢᠭᠰᠡᠨ ᠡᠵᠡᠩᠨᠡᠯᠲᠡ ᠶᠢ ᠲᠦᠯᠬᠢᠨ | ᠠᠬᠢᠭᠤᠯᠤᠨ᠎ᠡ︔ ᠲᠤᠤᠷᠵᠢᠯ ᠤᠨ ᠬᠠᠮᠢᠶᠠᠷᠤᠯᠲᠠ ᠶᠢ ᠲᠦᠯᠬᠢᠨ ᠠᠬᠢᠭᠤᠯᠵᠦ᠂ ᠵᠠᠰᠠᠭ ᠤᠨ ᠤᠷᠲᠤᠨ ᠤ ᠨᠡᠶᠢᠭᠡᠮ ᠤᠨ | ᠨᠢᠭᠡᠴᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠢ ᠪᠦᠲᠦᠮᠵᠢᠲᠠᠢ ᠪᠠᠷ ᠪᠡᠶᠡᠯᠡᠬᠦᠯᠦᠨ᠎ᠡ︔ | ᠤᠯᠠᠨ ᠨᠡᠶᠢᠲᠡ ᠶᠢ ᠲᠠᠶᠢᠴᠢᠯᠠᠵᠦ ᠤᠷᠤᠯᠴᠠᠭᠤᠯᠬᠤ ᠪᠠᠷ ᠲᠠᠮᠵᠢᠭᠤᠯᠵᠦ ᠤᠯᠠᠨ ᠡᠰᠢᠵᠢᠯ ᠤᠨ ᠬᠠᠮᠲᠦ ᠪᠠᠷ ᠵᠠᠰᠠᠬᠤ᠂ | ᠢᠳᠡᠪᠬᠢᠳᠡᠢ ᠬᠤᠷᠰᠢᠯ ᠤᠨ ᠬᠤᠲᠠ ᠶᠢ ᠵᠠᠰᠠᠬᠤ ᠵᠠᠭᠪᠤᠷ ᠢ ᠪᠦᠷᠢᠯᠳᠦᠭᠦᠯᠦᠨ᠎ᠡ︔ ᠬᠠᠤᠯᠢ ᠴᠠᠭᠠᠵᠠ ᠬᠠᠤᠯᠢ | ᠲᠦᠷᠢᠮ ᠢ ᠲᠡᠭᠦᠯᠳᠡᠷᠵᠢᠬᠦᠯᠵᠦ᠂ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠠ ᠬᠠᠤᠯᠢ ᠴᠠᠭᠠᠵᠠ ᠶᠢᠨ | ᠪᠠᠲᠤᠯᠠᠪᠤᠷᠢ ᠶᠢᠨ ᠤᠷᠭᠠᠨᠢᠭ ᠨᠢᠭᠡᠳᠦᠯ ᠢ ᠪᠡᠶᠡᠯᠡᠬᠦᠯᠦᠨ᠎ᠡ︔ ᠠᠯᠪᠠᠨ ᠵᠠᠷᠤᠲᠠᠯ ᠤᠨ ᠤᠷᠤᠭᠤᠯᠤᠯᠲᠠ ᠶᠢ ᠪᠠᠲᠤᠯᠠᠵᠦ᠂ | ᠬᠤᠲᠠ ᠶᠢᠨ ᠬᠠᠮᠢᠶᠠᠷᠤᠯᠲᠠ ᠶᠢᠨ ᠵᠠᠷᠦᠲᠠᠯ ᠪᠠ ᠲᠤᠷᠭᠠᠵᠦ ᠤᠯᠤᠭᠰᠠᠨ ᠤᠷᠤᠯᠭ᠎ᠠ ᠲᠠᠢ ᠬᠤᠯᠪᠤᠭ᠎ᠠ ᠲᠠᠢ ᠪᠠᠶᠢᠯᠭᠠᠵᠦ | ᠪᠤᠯᠬᠤ ᠦᠭᠡᠢ︔ ᠬᠠᠤᠯᠢ ᠴᠠᠭᠠᠵᠠ ᠶᠢᠨ ᠵᠤᠯᠭᠠᠭᠤᠯᠤᠯᠳᠠ ᠶᠢ ᠴᠢᠩᠭᠠᠳᠬᠠᠵᠦ᠂ ᠬᠤᠲᠠ ᠶᠢᠨ ᠬᠠᠮᠢᠶᠠᠷᠤᠯᠲᠠ ᠶᠢᠨ | ᠰᠠᠯᠠᠭ᠎ᠠ ᠮᠦᠴᠢᠷ ᠪᠠ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ᠂ ᠪᠠᠶᠢᠴᠠᠭᠠᠬᠤ ᠪᠠᠶᠢᠭᠤᠯᠤᠯᠭ᠎ᠠ᠂ ᠰᠢᠭᠦᠨ | ᠲᠠᠰᠦᠯᠬᠤ ᠪᠠᠶᠢᠭᠤᠯᠤᠯᠭ᠎ᠠ ᠶᠢᠨ ᠮᠡᠳᠡᠭᠡ ᠵᠠᠩᠬᠢ ᠶᠢ ᠬᠠᠮᠲᠦ ᠪᠠᠷ ᠡᠳ᠋ᠯᠡᠬᠦ᠂ ᠬᠡᠷᠡᠭ ᠤᠨ ᠪᠠᠶᠢᠳᠠᠯ ᠢ ᠵᠠᠷᠯᠠᠬᠤ᠂ | ᠬᠡᠷᠡᠭ ᠢ ᠰᠢᠯᠵᠢᠬᠦᠯᠦᠨ ᠲᠤᠰᠢᠶᠠᠬᠤ ᠵᠡᠷᠭᠡ ᠲᠦᠷᠢᠮ ᠢ ᠪᠠᠶᠢᠭᠤᠯᠤᠨ᠎ᠠ᠃ | ᠪᠠᠶᠢᠭᠤᠯᠤᠮᠵᠢ ᠶᠢ ᠬᠡᠷᠬᠢᠨ ᠲᠡᠭᠦᠯᠳᠡᠷᠵᠢᠬᠦᠯᠵᠦ᠂ ᠦᠭᠡᠷᠡᠴᠢᠯᠡᠯᠲᠡ ᠶᠢ ᠤᠬᠲᠤᠬᠤ ᠪᠤᠳᠠᠳᠦ ᠬᠦᠴᠦᠨ | ᠪᠤᠯᠭᠠᠬᠤ ᠪᠤᠢ︖ ᠭᠠᠭᠴᠠᠬᠦ ᠦᠢᠯᠡ ᠠᠵᠢᠯᠯᠠᠭ᠎ᠠ ᠳᠤ ᠲᠦᠰᠢᠭᠯᠡᠨ᠎ᠡ︕ ᠪᠤᠳᠠᠳᠠᠢ ᠠᠵᠢᠯ ᠬᠢᠵᠦ ᠤᠷᠤᠭᠰᠢᠯᠠᠵᠦ | ᠪᠠᠶᠢᠭ᠎ᠠ ᠦᠪᠦᠷ ᠮᠤᠩᠭᠤᠯ ᠨᠢ ᠬᠤᠲᠠ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ᠂ ᠠᠷᠠᠳ ᠤᠨ ᠠᠮᠢᠳᠤᠷᠠᠯ ᠤᠨ | ᠴᠢᠨᠠᠷ ᠴᠢᠨᠰᠠᠭ᠎ᠠ᠂ ᠬᠤᠲᠠ ᠶᠢᠨ ᠦᠷᠢᠰᠦᠯᠳᠦᠬᠦ ᠬᠦᠴᠦᠨ ᠢ ᠲᠠᠰᠦᠷᠠᠯᠲᠠ ᠦᠭᠡᠢ ᠲᠡᠭᠡᠭᠰᠢᠯᠡᠬᠦᠯᠵᠦ᠂ ᠰᠢᠨ᠎ᠡ | ᠬᠡᠯᠪᠡᠷᠢ ᠶᠢᠨ ᠬᠤᠲᠠ ᠪᠠᠯᠭᠠᠰᠦᠵᠢᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠡᠭᠡ | ᠤᠯᠤᠰ ᠤᠨ ᠤᠮᠠᠷᠠᠲᠦ ᠬᠢᠯᠢ ᠤᠨ ᠦᠵᠡᠮᠵᠢ ᠶᠢᠨ ᠤᠷᠤᠨ ᠢ ᠨᠡᠩ ᠦᠵᠡᠰᠬᠦᠯᠡᠩᠲᠦ ᠰᠠᠶᠢᠬᠠᠨ ᠪᠤᠯᠭ᠎ᠠ ᠪᠦᠲᠦᠭᠡᠨ | ᠪᠠᠶᠢᠭᠤᠯᠤᠨ᠎ᠡ᠃ | | ︵ᠵᠢᠷᠤᠭ ᠢ ᠳᠠᠷᠤᠪᠠᠯ ᠪᠦᠷᠢᠨ ᠵᠢᠷᠤᠭ ᠢᠯᠡᠷᠡᠨ᠎ᠡ︕︶ | |